ᠤᠯᠠᠭᠠᠨᠬᠠᠳᠠ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2021/11/10
         ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 11 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠦᠨᠡᠨᠬᠦ ᠴᠢᠩᠭᠠᠷᠠᠭᠤᠯᠤᠨ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠥᠰᠦᠯ ᠢ ᠲᠣᠭᠲᠠᠭᠠᠪᠠ᠃           ᠨᠢᠭᠡ᠂ ᠶᠡᠷᠦᠩᠬᠡᠶ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠵᠤ᠂ ᠲᠥᠷᠥ ᠶᠢᠨ ᠪᠣᠳᠣᠯᠭ᠎ᠠ᠂ ᠲᠠᠯᠠᠪᠠᠶ᠂ ᠤᠨᠠᠯᠲᠠ ᠶᠢ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠬᠤ ᠬᠡᠷᠡᠭᠲᠡᠶ᠃ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠳᠡᠯᠭᠡᠷᠡᠭᠦᠯᠦᠯᠲᠡ ᠶᠢ ᠲᠦᠷᠭᠡᠳᠬᠡᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠢ᠃          ᠬᠤᠶᠠᠷ᠂ ᠠᠵᠢᠯ ᠤᠨ ᠡᠭᠦᠷᠭᠡ ︵ᠨᠢᠭᠡ︶ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃          1. ᠲᠠᠷᠢᠶᠠᠨ ᠭᠠᠵᠠᠷ ᠢ ᠤᠷᠢᠳᠠᠪᠠᠷ ᠠᠰᠢᠭᠯᠠᠬᠤ ᠲᠡᠰ ᠳᠠᠷᠠᠭᠠᠯᠠᠯ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠬᠡᠷᠡᠭᠵᠢᠭᠦᠯᠦᠨ᠎ᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ︽ᠴᠢᠨᠠᠷ ᠰᠠᠶᠢᠲᠠᠶ ᠶᠢ ᠣᠷᠣᠭᠤᠯᠵᠤ ᠴᠢᠨᠠᠷ ᠮᠠᠭᠤᠲᠠᠶ ᠶᠢ ᠭᠠᠷᠭᠠᠬᠤ︾ ᠵᠠᠷᠴᠢᠮ ᠶᠣᠰᠣᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠢᠨᠠᠨ ᠬᠠᠷᠭᠤᠭᠤᠯᠵᠤ ᠴᠡᠭᠴᠡᠯᠡᠨ ᠰᠠᠶᠢᠵᠢᠷᠠᠭᠤᠯᠵᠤ᠂ ᠨᠥᠬᠦᠪᠥᠷᠢᠯᠡᠨ ᠬᠤᠪᠢᠶᠠᠷᠢᠯᠠᠬᠤ ᠠᠵᠢᠯ ᠢ ᠥᠷᠨᠢᠭᠦᠯᠦᠨ᠎ᠡ᠃ ᠲᠠᠷᠢᠶᠠᠨ ᠭᠠᠵᠠᠷ ᠤᠨ ᠠᠮᠤ ᠪᠤᠳᠠᠭ᠎ᠠ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠤᠷᠢᠳᠠᠪᠠᠷ ᠬᠠᠩᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠢᠳᠡᠰᠢᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠵᠣᠬᠢᠰᠲᠠᠶ ᠬᠡᠷᠡᠭᠯᠡᠨ᠎ᠡ᠃          2. ᠠᠮᠤ ᠪᠤᠳᠠᠭᠠᠨ ᠤ ᠲᠠᠯᠠᠪᠠᠶ ᠶᠢᠨ ᠤᠨᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠪᠣᠯᠤᠨ ᠠᠮᠤ ᠪᠤᠳᠠᠭᠠᠨ ᠤ ᠤᠨᠠᠯᠲᠠ ᠶᠢᠨ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ ᠬᠤᠰᠢᠭᠤ ᠰᠢᠶᠠᠨ ᠲᠣᠭᠤᠷᠢᠭ ᠲᠤ ᠬᠦᠷᠭᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠳᠠᠯᠤᠯᠲᠠ ᠠᠴᠠ ᠳᠣᠷᠣᠭᠰᠢ ᠡᠯ᠎ᠡ ᠰᠤᠮᠤ ᠰᠢᠶᠠᠩ ᠪᠠᠯᠭᠠᠰᠤᠨ ᠳᠤ ᠬᠦᠷᠭᠡᠵᠦ᠂ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ ᠶᠢ 1670 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠂ ᠡᠭᠦᠨ ᠳᠤ ᠡᠷᠳᠡᠨᠢ ᠰᠢᠰᠢ ᠳᠠᠷᠢᠬᠤ ᠲᠠᠯᠠᠪᠠᠶ ᠶᠢ 870 ᠲᠦᠮᠡᠨ ᠮᠥ ᠳᠤ ᠲᠣᠭᠲᠠᠪᠤᠷᠢᠵᠢᠭᠤᠯᠵᠤ᠂ ᠪᠤᠭᠤᠳᠠᠶ ᠶᠢᠨ ᠳᠠᠷᠢᠬᠤ ᠲᠠᠯᠠᠪᠠᠶ ᠶᠢ 50 ᠲᠦᠮᠡᠨ ᠮᠥ ᠳᠤ ᠲᠣᠭᠲᠠᠪᠤᠷᠢᠵᠢᠭᠤᠯᠵᠤ᠂ ᠡᠯᠳᠡᠪ ᠠᠮᠤ ᠡᠯᠳᠡᠪ ᠪᠤᠷᠴᠠᠭ ᠳᠠᠷᠢᠬᠤ ᠲᠠᠯᠠᠪᠠᠶ ᠶᠢ 600 ᠲᠦᠮᠡᠨ ᠮᠥ ᠳᠤ ᠲᠣᠭᠲᠠᠪᠤᠷᠢᠵᠢᠭᠤᠯᠵᠤ᠂ ᠪᠥᠬᠦ ᠬᠤᠲᠠ ᠶᠢᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ 120 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠦᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶         3. ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠦᠯ ᠢ ᠴᠢᠩᠭᠠᠷᠠᠭᠤᠯᠤᠨ᠎ᠠ᠃ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠥᠲᠥᠯᠦᠨ ᠵᠢᠯᠣᠭᠤᠳᠴᠤ ᠪᠠᠶᠢᠭᠠᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠬᠤᠪᠢ ᠣᠷᠣᠭᠤᠯᠤᠨ ᠡᠵᠡᠩᠨᠡᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠬᠡᠪᠴᠢᠶᠡᠵᠢᠭᠦᠯᠦᠨ ᠠᠮᠤ ᠪᠤᠳᠠᠭᠠᠨ ᠤ ᠲᠠᠷᠢᠮᠠᠯ ᠢ ᠳᠠᠷᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠦᠢᠯᠡᠴᠢᠯᠡᠭᠡᠨ ᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠵᠡᠷᠭᠡ ᠦᠢᠯᠡᠴᠢᠯᠡᠭᠡᠨ ᠤ ᠭᠤᠤᠯ ᠴᠣᠭᠴᠠ ᠶᠢᠨ ᠠᠮᠤ ᠪᠤᠳᠠᠭᠠᠨ ᠤ ᠦᠢᠯᠡᠳᠪᠦᠷᠢᠯᠡᠯ ᠡᠷᠭᠢᠯᠡᠵᠦ ᠪᠠᠶᠢᠭ᠎ᠠ ᠵᠢᠵᠢᠭ ᠲᠠᠷᠢᠶᠠᠴᠢᠨ ᠡᠷᠦᠬᠡ ᠳᠤ ᠬᠠᠨᠳᠤᠭᠤᠯᠤᠨ ᠣᠷᠣᠯᠠᠨ ᠳᠠᠷᠢᠬᠤ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠥᠷᠨᠢᠭᠦᠯᠬᠦ ᠶᠢ ᠳᠡᠮᠵᠢᠨ᠎ᠡ᠃ ᠦᠢᠯᠡᠳᠪᠦᠷᠢ ᠬᠤᠳᠠᠯᠳᠤᠭᠠᠨ ᠤ ᠬᠦᠷᠦᠩᠭᠡ ᠶᠢᠨ ᠰᠡᠶᠢᠠ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠮᠤ ᠪᠤᠳᠠᠭ᠎ᠠ ᠡᠳ᠋ᠰᠢᠭᠦᠯᠦᠨ ᠭᠦᠢᠯᠭᠡᠭᠡᠬᠦ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠶᠢ ᠡᠷᠬᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶         ︵ᠬᠤᠶᠠᠷ︶ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃          1. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠨᠢᠭᠡᠨ ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠵᠢᠷᠤᠮᠵᠢᠯ ᠲᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠡᠷᠲᠡ ᠠᠵᠢᠯ ᠡᠬᠢᠯᠡᠭᠦᠯᠵᠦ᠂ ᠡᠷᠲᠡ ᠪᠥᠲᠥᠭᠡᠨ ᠪᠠᠶᠢᠭᠤᠯᠵᠤ᠂ ᠡᠷᠲᠡ ᠠᠵᠢᠯ ᠳᠠᠭᠤᠰᠬᠠᠬᠤ ᠪᠠᠷ ᠴᠢᠷᠮᠠᠶᠢᠵᠤ᠂ ᠳᠤᠮᠳᠠ ᠳᠣᠤᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ ᠪᠠ ᠮᠠᠰᠢᠨᠴᠢᠯᠠᠬᠤ ᠳᠤ ᠲᠣᠬᠢᠷᠠᠮᠵᠢᠲᠠᠶ ᠠᠵᠢᠯ ᠲᠠᠢ ᠤᠶᠠᠯᠳᠤᠭᠤᠯᠤᠨ᠂ ᠬᠠᠭᠤᠷᠠᠶ ᠲᠠᠷᠢᠶᠠᠯᠠᠭ᠎ᠠ ᠶᠢᠨ ᠬᠢᠷᠢ ᠲᠦᠪᠰᠢᠨ ᠪᠥᠬᠦᠶ ᠱᠠᠲᠤᠨ ᠲᠠᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠵᠡᠷᠭᠡ ᠳᠤᠨᠢ ᠠᠬᠢᠭᠤᠯᠤᠨ᠎ᠠ᠃ 2021 ᠣᠨ ᠳᠤ ᠪᠠᠷᠢᠮᠵᠢᠶᠠᠲᠤ ᠲᠠᠷᠢᠶᠠᠨ ᠭᠠᠵᠠᠷ ᠢ 70 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠂ ᠡᠭᠦᠨ ᠳᠤ ᠬᠠᠭᠤᠷᠠᠶ ᠪᠠᠷ ᠳᠠᠷᠢᠬᠤ ᠬᠡᠪᠲᠡᠭᠡ ᠱᠠᠲᠤᠨ ᠲᠠᠷᠢᠶ᠎ᠠ ᠶᠢ 22 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠭᠦᠨ ᠰᠤᠯᠠᠷᠠᠭᠤᠯᠵᠤ ᠭᠠᠵᠠᠷ ᠲᠡᠭᠰᠢᠯᠡᠨ ᠠᠵᠢᠯᠯᠠᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠂ 2021 ᠣᠨ ᠳᠤ ᠪᠥᠬᠦ ᠬᠤᠲᠠ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠲᠠᠯᠠᠪᠠᠶ 72 ᠲᠦᠮᠡᠨ ᠮᠥ ᠠᠴᠠ ᠳᠡᠭᠡᠭᠰᠢ ᠪᠣᠯᠪᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶           2. ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠨ᠎ᠠ᠃ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠡᠪᠡᠳᠴᠢᠨ ᠬᠤᠷᠣᠬᠠᠶ ᠶᠢ ᠬᠢᠨᠠᠨ ᠬᠡᠮᠵᠢᠬᠦ ᠲᠣᠣᠷ ᠴᠡᠭ ᠢ ᠪᠠᠶᠢᠭᠤᠯᠵᠤ᠂ ᠲᠠᠷᠢᠶᠠᠨ ᠡᠮ ᠤᠨ ᠬᠡᠷᠡᠭᠯᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠲᠠᠷᠢᠶᠠᠨ ᠡᠮ ᠤᠨ ᠠᠶᠤᠯᠭᠦᠶ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠪᠠ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠬᠡᠷᠡᠭᠯᠡᠭᠦᠯᠵᠦ ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠶᠢ ᠴᠢᠩᠭᠠᠳᠬᠠᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ 2021 ᠣᠨ ᠳᠤ ᠪᠥᠬᠦ ᠬᠤᠲᠠ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠲᠣᠰ ᠤᠯᠠᠷᠢᠯ ᠤᠨ ᠪᠤᠴᠠᠭᠠᠨ ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 86% ᠠᠴᠠ ᠳᠡᠭᠡᠭᠰᠢ ᠳᠤ ᠬᠦᠷᠦᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶         ︵ᠭᠤᠷᠪᠠ︶ ᠲᠠᠷᠢᠶᠠᠨ ᠭᠠᠵᠠᠷ ᠢ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠴᠢᠩᠳᠠᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃         1. ᠲᠠᠷᠢᠶᠠᠨ ᠭᠠᠵᠠᠷ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠬᠢᠵᠠᠭᠠᠷ ᠲᠠᠢ ᠲᠠᠷᠢᠶᠠᠨ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠤᠷᠢᠳᠠᠪᠠᠷ ᠬᠡᠷᠡᠭᠯᠡᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠳᠡᠭᠡᠷᠡᠬᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠡᠷᠬᠢᠯᠡᠬᠦ ᠵᠢᠴᠢ ᠨᠠᠭᠤᠷ ᠮᠠᠯᠲᠠᠵᠤ ᠵᠢᠭᠠᠰᠤ ᠲᠡᠵᠢᠭᠡᠬᠦ᠂ ᠬᠠᠤᠯᠢ ᠪᠤᠰᠤ ᠪᠠᠷ ᠰᠢᠷᠣᠶ ᠠᠪᠬᠤ ᠵᠡᠷᠭᠡ ᠲᠠᠷᠢᠶᠠᠯᠠᠬᠤ ᠳᠠᠪᠬᠤᠷᠭ᠎ᠠ ᠶᠢ ᠡᠪᠳᠡᠬᠦ ᠠᠵᠢᠯᠯᠠᠭ᠎ᠠ ᠶᠢ ᠴᠠᠭᠠᠵᠠᠯᠠᠨ᠎ᠠ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶            2. ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠨ ᠲᠣᠭᠲᠠᠭᠠᠭᠰᠠᠨ ᠦᠷ᠎ᠡ ᠪᠦᠲᠦᠭᠡᠯ ᠳᠤ ︽ᠡᠷᠬᠢᠨ ᠬᠠᠷᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢ ᠰᠢᠪᠠᠳᠠᠨ ᠵᠢᠯᠣᠭᠤᠳᠴᠤ ᠪᠠᠶᠢᠭᠠᠳ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶          3. ᠠᠲᠠᠷᠰᠢᠭᠤᠯᠤᠭᠰᠠᠨ ᠭᠠᠵᠠᠷ ᠢ ᠠᠰᠢᠭᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ᠂ ᠠᠲᠠᠷᠰᠢᠭᠤᠯᠬᠤ ᠶᠢ ᠴᠠᠭᠠᠵᠠᠯᠠᠵᠤ᠂ ᠠᠲᠠᠷᠰᠢᠭᠤᠯᠤᠭᠰᠠᠨ ᠭᠠᠵᠠᠷ ᠢ ᠣᠶᠢᠯᠠᠭᠠᠵᠤ ᠭᠠᠳᠠᠭᠰᠢᠯᠠᠭᠤᠯᠬᠤ ᠲᠣᠭᠲᠠᠴᠠ ᠶᠢ ᠪᠠᠶᠢᠭᠤᠯᠵᠤ᠂ ᠠᠲᠠᠷᠰᠢᠭᠤᠯᠤᠭᠰᠠᠨ ᠭᠠᠵᠠᠷ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠲᠠᠷᠰᠢᠭᠤᠯᠤᠭᠰᠠᠨ ᠭᠠᠵᠠᠷ ᠢ ᠰᠡᠷᠭᠦᠭᠡᠨ ᠬᠠᠭᠠᠯᠪᠤᠷᠢᠯᠠᠬᠤ ᠠᠵᠢᠯ ᠢ ᠨᠠᠶᠢᠳᠠᠪᠤᠷᠢᠵᠢᠭᠤᠯᠤᠨ᠎ᠠ᠃ ᠠᠲᠠᠷᠰᠢᠭᠤᠯᠤᠭᠰᠠᠨ ᠭᠠᠵᠠᠷ ᠤᠨ ᠲᠠᠷᠢᠶᠠᠴᠢᠨ ᠡᠷᠦᠭᠡ ᠶᠢ ᠲᠡᠶᠢᠴᠢᠯᠡᠠ ᠲᠡᠬᠢᠠ ᠲᠡᠷᠢᠬᠤ ᠠᠵᠢᠯ ᠢ ᠥᠷᠨᠢᠭᠦᠯᠵᠦ᠂ ᠣᠷᠣᠯᠠᠨ ᠲᠡᠷᠢᠬᠤ ᠪᠠ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠳᠤ ᠭᠤᠣᠯᠳᠠᠯᠭ᠎ᠠ ᠲᠠᠢ ᠪᠠᠷ ᠬᠡᠷᠡᠭᠯᠡᠨ᠎ᠡ᠃ ᠤᠬᠠᠭᠤᠯᠤᠨ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠢ ᠠᠲᠠᠷᠰᠢᠭᠤᠯᠬᠤ ᠶᠢ ᠬᠤᠷᠢᠭᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶          ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ         ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠡᠯ ᠢ ᠲᠣᠭᠲᠠᠪᠤᠷᠢᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠤᠨ ᠠᠳᠠᠯᠢ ᠬᠠᠷᠢᠭᠤᠴᠠᠯᠭᠠᠲᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠰᠠᠶᠢᠲᠤᠷ ᠠᠳᠬᠤᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢᠶᠠᠨ ᠱᠠᠯᠠᠪᠳᠠᠨ ᠲᠣᠭᠲᠠᠭᠠᠵᠤ᠂ ᠬᠠᠮᠢᠶ᠎ᠠ ᠪᠥᠬᠦᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠠᠳᠬᠤᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶          ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠣᠰ ᠭᠠᠵᠠᠷ ᠣᠷᠣᠨ ᠤ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ︾ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ ᠂ ᠡᠬᠡ ᠲᠠᠩᠰᠠ ᠪᠠᠶᠢᠭᠤᠯᠤᠨ᠂ ᠬᠠᠷᠠᠯᠲᠠ ᠪᠠᠨ ᠲᠣᠳᠣᠷᠬᠠᠶᠢᠯᠠᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠦᠯᠡᠳᠡᠭᠡᠯ ᠬᠡᠮᠵᠢᠶ᠎ᠡ ᠶᠢ ᠡᠮᠬᠢ ᠵᠢᠷᠤᠮ ᠲᠠᠢ ᠠᠷᠢᠯᠭᠠᠨ᠂ ᠨᠡᠮᠡᠭᠳᠡᠯ ᠢ ᠡᠷᠡᠰ ᠬᠤᠷᠢᠭᠯᠠᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶         ︵ᠭᠤᠷᠪᠠ︶ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢ ᠴᠢᠩᠭ᠎ᠠ ᠨᠠᠶᠢᠳᠠᠪᠤᠷᠢᠵᠢᠭᠤᠯᠬᠤ ᠶᠢ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠰᠢᠯᠭᠠᠨ ᠬᠢᠨᠠᠬᠤ ᠳᠦᠷᠢᠮ ᠶᠢᠨ ᠴᠢᠬᠤᠯᠠ ᠠᠭᠤᠯᠭ᠎ᠠ ᠪᠣᠯᠭᠠᠵᠤ᠂ ᠠᠮᠤ ᠪᠤᠳᠠᠭ᠎ᠠ ᠳᠠᠷᠢᠬᠤ ᠲᠠᠯᠠᠪᠠᠶ᠂ ᠤᠨᠠᠯᠲᠠ ᠶᠢᠨ ᠬᠡᠮᠵᠢᠶ᠎ᠡ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠶᠢᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠰᠢᠯᠭᠠᠨ ᠬᠢᠨᠠᠭᠰᠠᠨ ᠠᠮᠵᠢᠯᠲᠠ ᠪᠦᠲᠦᠮᠵᠢ ᠪᠠᠷ ᠲᠣᠪᠤᠶᠢᠮ᠎ᠠ ᠭᠠᠵᠠᠷ ᠣᠷᠣᠨ ᠢ ᠰᠠᠶᠢᠰᠢᠶᠠᠨ ᠬᠥᠬᠢᠭᠦᠯᠵᠦ᠂ ᠲᠥᠷᠥᠯ ᠵᠦᠢᠯ ᠤᠨ ᠪᠠᠯᠠ ᠮᠥᠩᠭᠦ ᠶᠢ ᠳᠣᠭᠢᠷᠠᠭᠤᠯᠬᠤ ᠳᠤ ᠭᠤᠤᠯᠳᠠᠯᠭ᠎ᠠ ᠲᠠᠢ ᠯᠠᠪᠯᠠᠯᠲᠠ ᠪᠣᠯᠭᠠᠨ᠎ᠠ᠃ ᠨᠠᠶᠢᠳᠠᠪᠤᠷᠢᠵᠢᠭᠤᠯᠤᠭᠰᠠᠨ ᠬᠦᠴᠦᠨ ᠪᠠᠭᠤᠷᠠᠢ ᠭᠠᠵᠠᠷ ᠣᠷᠣᠨ ᠢ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠬᠡᠷᠡᠭᠲᠡᠶ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶         ︵ᠳᠥᠷᠪᠡ︶ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠤ ᠪᠣᠳᠠᠲᠠᠶ ᠪᠠᠨ ᠦᠨᠳᠦᠰᠦᠯᠡᠨ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠣᠷᠣᠨ ᠤ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠦᠴᠦᠯᠡᠨ ᠳᠠᠶᠢᠴᠢᠯᠠᠬᠤ ᠬᠡᠷᠡᠭᠲᠡᠶ᠃ ᠡᠷᠳᠡᠨᠢ ᠰᠢᠰᠢ᠂ ᠪᠤᠭᠤᠳᠠᠢ᠂ ᠤᠰᠤᠨ ᠲᠤᠲᠤᠷᠭ᠎ᠠ ᠶᠢᠨ ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢ ᠲᠦᠯᠬᠢᠨ ᠠᠬᠢᠭᠤᠯᠵᠤ᠂ ᠭᠤᠷᠪᠠᠨ ᠶᠡᠭᠡ ᠲᠠᠷᠢᠮᠠᠯ ᠤᠨ ᠦᠷ᠎ᠡ ᠪᠤᠶᠢᠵᠢᠭᠤᠯᠬᠤ ᠳᠠᠭᠠᠳᠬᠠᠯ ᠤᠨ ᠰᠦᠢᠳᠬᠡᠯ ᠤᠨ ᠨᠥᠬᠦᠪᠥᠷᠢ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠪᠠᠷᠢᠯᠭ᠎ᠠ ᠶᠢᠨ ᠵᠣᠭᠤᠰ ᠪᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠨᠥᠬᠦᠪᠥᠷᠢ ᠪᠠᠯᠠ ᠮᠥᠩᠭᠦ ᠶᠢ ᠦᠨᠡᠨᠬᠦ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠪᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠳᠥᠯᠭᠢᠨ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠠᠬᠢᠴᠠ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃           ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
 
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号