ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/11/10
             ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ᠣᠶᠢᠷ᠎ᠠ ᠳᠤ᠂ ᠨᠠᠨᠵᠢᠩ ᠬᠤᠲᠠ ᠶᠢᠨ ᠬᠢᠨ ᠯᠦᠺᠸᠤ ᠨᠢᠰᠬᠡᠯ ᠤᠨ ᠪᠠᠭᠤᠳᠠᠯ ᠤᠨ ᠠᠵᠢᠯᠲᠠᠨ ᠤ ᠡᠳᠦᠷ ᠲᠤᠲᠤᠮ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠰᠢᠨ᠎ᠡ ᠡᠪᠡᠳᠴᠢᠨ ᠤ ᠵᠢᠱᠢᠶ᠎ᠡ ᠶᠢ ᠢᠯᠡᠷᠡᠭᠦᠯᠵᠦ᠂ 5 ᠮᠤᠵᠢ 7 ᠬᠤᠲᠠ ᠳᠤ ᠨᠢᠭᠡᠨᠲᠡ ᠬᠤᠯᠪᠣᠭᠳᠠᠯ ᠪᠥᠬᠦᠶ ᠡᠪᠡᠳᠴᠢᠨ ᠤ ᠵᠢᠱᠢᠶ᠎ᠡ ᠢᠯᠡᠷᠡᠵᠡᠶ᠃ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠣᠷᠣᠭᠤᠯᠬᠤ᠂ ᠬᠠᠯᠳᠠᠪᠤᠷᠢᠯᠠᠬᠤ᠂ ᠲᠠᠷᠬᠠᠭᠠᠬᠤ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠃             ᠨᠢᠭᠡ᠂ 7 ᠰᠠᠷ᠎ᠠ ᠶᠢᠨ 10 ᠤ ᠡᠳᠦᠷ ᠠᠴᠠ ᠨᠠᠰᠢ ᠨᠠᠨᠵᠢᠩ ᠤᠨ ᠯᠦᠺᠸᠤ ᠨᠢᠰᠬᠡᠯ ᠤᠨ ᠪᠠᠭᠤᠳᠠᠯ ᠠᠴᠠ ᠮᠠᠨ ᠤ ᠬᠤᠲᠠ ᠳᠤ ᠢᠷᠡᠭᠰᠡᠨ ᠪᠤᠶᠤ ᠪᠤᠴᠠᠵᠤ ᠢᠷᠡᠭᠰᠡᠨ ᠬᠥᠮᠦᠰ ᠲᠤ ᠵᠠᠷᠴᠢᠮ ᠳᠡᠭᠡᠷ᠎ᠡ ᠪᠠᠨ ᠴᠥᠮ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ᠂ ᠨᠢᠭᠡᠳᠦᠭᠡᠷ ᠡᠳᠦᠷ᠂ ᠭᠤᠷᠪᠠᠳᠤᠭᠠᠷ ᠡᠳᠦᠷ᠂ ᠳᠣᠯᠣᠳᠤᠭᠠᠷ ᠡᠳᠦᠷ ᠪᠠ ᠠᠷᠪᠠᠨ ᠳᠥᠷᠪᠡᠳᠦᠭᠡᠷ ᠡᠳᠦᠷ ᠲᠤ ᠲᠤᠰᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃            ᠬᠤᠶᠠᠷ᠂ ᠲᠣᠰ ᠡᠳᠦᠷ ᠠᠴᠠ ᠡᠬᠢᠯᠡᠨ᠂ ᠥᠨᠳᠦᠷ ᠠᠶᠤᠯ ᠲᠥᠭᠰᠢᠭᠦᠷᠢᠲᠦ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠦᠰ ᠲᠤ᠂ ᠤᠯᠠᠭᠠᠨᠬᠠᠳᠠ ᠳᠤ ᠭᠦᠷᠦᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠤᠮᠳᠠ ᠠᠶᠤᠯ ᠲᠥᠭᠰᠢᠭᠦᠷᠢᠲᠦ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠦᠰ ᠲᠤ᠂ ᠤᠯᠠᠭᠠᠨᠬᠠᠳᠠ ᠳᠤ ᠬᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ ︽14 ᠡᠳᠦᠷ ᠤᠨ ᠬᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃           ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠦᠷ ᠠᠶᠤᠯ ᠲᠥᠭᠰᠢᠭᠦᠷᠢᠲᠦ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠦᠰ ︵ᠣᠶᠢᠷ᠎ᠠ ᠶᠢᠨ ᠬᠤᠭᠤᠴᠠᠭᠠᠨ ᠳᠤ ᠨᠠᠨᠵᠢᠩ ᠤᠨ ᠯᠦᠺᠸᠤ ᠨᠢᠰᠬᠡᠯ ᠤᠨ ᠪᠠᠭᠤᠳᠠᠯ ᠢᠶᠠᠷ ᠥᠩᠭᠡᠷᠡᠭᠰᠡᠨ ᠬᠥᠮᠦᠰ ᠪᠠᠭᠲᠠᠨ᠎ᠠ︶ ᠨᠢ ᠬᠠᠤᠯᠢ ᠲᠣᠭᠲᠠᠭᠠᠯ ᠶᠣᠰᠣᠭᠠᠷ ᠬᠢᠵᠢᠭ ᠢ ᠰᠡᠷᠭᠡᠶᠢᠯᠡᠨ ᠡᠵᠡᠮᠳᠡᠬᠦ ᠡᠭᠦᠷᠭᠡ ᠪᠠᠨ ᠭᠦᠢᠴᠡᠳᠬᠡᠵᠦ᠂ ᠬᠠᠮᠤᠭ ᠤᠨ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠶ᠎ᠠ ᠭᠠᠵᠠᠷ ᠲᠠᠢ ᠪᠠᠨ ᠬᠠᠮᠵᠢᠯᠴᠠᠨ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠢᠭᠤᠨ ᠳᠠᠯᠳᠠᠯᠠᠭᠠᠳ ᠮᠡᠳᠡᠭᠦᠯᠬᠦ ᠥᠬᠡᠶ ᠪᠠᠶᠢᠬᠤ ᠶᠢ ᠴᠢᠩᠭ᠎ᠠ ᠴᠠᠭᠠᠵᠢᠯᠠᠬᠤ ᠬᠡᠷᠡᠭᠲᠡᠢ᠃          ᠳᠥᠷᠪᠡ᠂ ᠡᠯ᠎ᠡ ᠭᠠᠵᠠᠷ ᠣᠷᠣᠨ᠂ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠳᠤᠮᠳᠠ᠂ ᠥᠨᠳᠦᠷ ᠠᠶᠤᠯ ᠲᠥᠭᠰᠢᠭᠦᠷᠢᠲᠦ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠦᠰ ᠵᠢᠴᠢ ᠨᠠᠨᠵᠢᠩ ᠤᠨ ᠯᠦᠺᠸᠤ ᠨᠢᠰᠬᠡᠯ ᠤᠨ ᠪᠠᠭᠤᠳᠠᠯ ᠠᠴᠠ ᠮᠠᠨ ᠤ ᠬᠤᠲᠠ ᠳᠤ ᠢᠷᠡᠭᠰᠡᠨ ᠪᠤᠶᠤ ᠪᠤᠴᠠᠵᠤ ᠢᠷᠡᠭᠰᠡᠨ ᠬᠥᠮᠦᠰ ᠲᠤ ᠵᠢᠭᠰᠠᠭᠠᠨ ᠪᠠᠶᠢᠴᠠᠭᠠᠬᠤ ᠠᠵᠢᠯ ᠢ ᠳᠠᠷᠦ᠋ᠢᠬᠠᠨ ᠥᠷᠨᠢᠭᠦᠯᠵᠦ᠂ ᠵᠢᠭᠰᠠᠭᠠᠨ ᠪᠠᠶᠢᠴᠠᠭᠠᠬᠤ ᠶᠢ ᠪᠠᠲᠤᠯᠠᠨ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃         ᠲᠠᠪᠤ᠂ ᠬᠤᠲᠠ ᠶᠢᠨ ᠠᠷᠠᠳ ︽ᠬᠥᠮᠦᠨ ᠪᠦᠬᠦᠨ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠦᠵᠡᠯ ᠤᠬᠠᠮᠰᠠᠷ ᠢ ᠪᠣᠶ ᠪᠣᠯᠭᠠᠵᠤ᠂ ᠭᠠᠷ ᠢᠶᠠᠨ ᠦᠷᠭᠦᠯᠵᠢ ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠬᠦ᠂ ᠴᠥᠭᠡᠨ ᠴᠤᠭᠯᠠᠷᠠᠬᠤ ᠵᠡᠷᠭᠡ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠢᠯᠠᠩᠭᠤᠶ᠎ᠠ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠬᠤᠭᠤᠯᠠᠨ ᠬᠡᠷ᠂ ᠵᠣᠴᠢᠳ ᠤᠨ ᠪᠠᠭᠤᠳᠠᠯ᠂ ᠺᠢᠨᠣ᠋ ᠵᠦᠴᠦᠭᠡ ᠶᠢᠨ ᠲᠢᠶᠠᠳ᠋ᠷ᠂ ᠪᠡᠶ᠎ᠡ ᠶᠢᠨ ᠲᠠᠮᠢᠷ ᠤᠨ ᠲᠠᠯᠠᠪᠤᠷ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ ᠠᠮᠠᠪᠴᠢ ᠵᠡᠭᠦᠬᠦ ᠶᠢᠨ ᠬᠠᠮᠲᠤ ᠠᠵᠢᠯᠲᠠᠨ ᠤ ᠲᠤᠷᠰᠢᠯᠲᠠ ᠶᠢᠨ ᠺᠣᠳ᠋ ᠤᠨ ᠬᠠᠯᠠᠭᠤᠨ ᠢ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠬᠤ ᠬᠡᠷᠡᠭᠲᠡᠶ᠃        ᠵᠢᠷᠭᠤᠭ᠎ᠠ᠂ ᠬᠤᠳᠠ ᠶᠢᠨ ᠠᠷᠠᠳ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠶ ᠡᠪᠡᠳᠬᠦ᠂ ᠦᠨᠦᠷ ᠤᠨ ᠰᠡᠷᠡᠯ ᠮᠠᠭᠤᠳᠠᠬᠤ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠲᠡᠷᠡ ᠳᠠᠷᠤᠶ ᠳᠤᠨᠢ ᠣᠶᠢᠷᠠᠯᠴᠠᠭ᠎ᠠ ᠪᠠᠶᠢᠭ᠎ᠠ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ 14 ᠡᠳᠦᠷ ᠤᠨ ᠬᠥᠳᠡᠯᠭᠡᠭᠡᠨ ᠤ ᠵᠠᠮ ᠮᠥᠷ ᠵᠢᠴᠢ ᠬᠦᠷᠦᠯᠴᠡᠭᠰᠡᠨ ᠲᠡᠦᠬᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃       ᠳᠣᠯᠤᠭ᠎ᠠ᠂ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠤᠨ ᠸᠢᠷᠦ᠋ᠰ ᠤᠨ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ᠂ ᠬᠠᠮᠤᠭ ᠤᠨ ᠲᠥᠬᠦᠮ ᠠᠷᠭ᠎ᠠ ᠬᠡᠮᠵᠢᠶ᠎ᠡ ᠮᠥᠨ᠃        ᠥᠷᠭᠡᠨ ᠣᠯᠠᠨ ᠬᠤᠲᠠ ᠶᠢᠨ ᠠᠷᠠᠳ ᠤᠯᠤᠰ ᠤᠨ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠶᠠᠲᠤ ᠲᠣᠭᠤᠷᠢᠭ ᠤᠨ ᠲᠠᠷᠢᠯᠭ᠎ᠠ ᠶᠢᠨ ᠨᠢᠭᠡᠴᠡ ᠳᠤ ᠬᠦᠷᠴᠦ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢ ᠤᠷᠢᠳᠴᠢᠯᠠᠨ ᠪᠣᠯᠵᠣᠵᠤ᠂ ᠦᠯᠦ ᠬᠠᠯᠳᠠᠭᠠᠬᠤ ᠪᠥᠬᠦ ᠶᠠᠪᠤᠴᠠ ᠶᠢ ᠴᠠᠭ ᠲᠤᠬᠠᠶ ᠳᠤᠨᠢ ᠪᠡᠶᠡᠯᠡᠭᠦᠯᠵᠦ᠂ ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠤᠯᠬᠤ ᠬᠡᠷᠡᠭᠲᠡᠶ᠃                                      2021 ᠣᠨ ᠤ 7 ᠰᠠᠷ᠎ᠠ ᠶᠢᠨ 26
 
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号