ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2021/11/10
           ᠣᠳᠣᠬᠠᠨ ᠳᠤ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠥᠨ ᠬᠦ ᠲᠦᠷᠭᠡᠨ ᠢᠶᠠᠷ ᠳᠡᠯᠭᠡᠷᠡᠵᠦ ᠪᠠᠶᠢᠨ᠎ᠠ᠃ ᠣᠶᠢᠷ᠎ᠠ ᠳᠤ᠂ ᠶᠦᠨᠨᠠᠨ ᠮᠤᠵᠢ ᠶᠢᠨ ᠷᠦᠢ ᠯᠢ ᠬᠤᠲᠠ ᠳᠤ 3 ᠰᠠᠷ᠎ᠠ ᠶᠢᠨ ᠳᠠᠷᠠᠭ᠎ᠠ ᠲᠣᠰ ᠭᠠᠵᠠᠷ ᠤᠨ ᠬᠢᠵᠢᠭ ᠤᠨ ᠪᠠᠶᠢᠳᠠᠯ ᠳᠠᠬᠢᠨᠲᠠ ᠡᠭᠦᠰᠴᠦ᠂ 7 ᠰᠠᠷ᠎ᠠ ᠶᠢᠨ 8 ᠤ ᠡᠳᠦᠷ ᠪᠣᠯᠲᠠᠯ᠎ᠠ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 23 ᠢᠯᠡᠷᠡᠭᠦᠯᠵᠦ᠂ ᠵᠢᠶᠧ ᠭᠤᠣ ᠭᠥᠸᠧ ᠮᠧᠨ ᠨᠡᠶᠢᠭᠡᠮ ᠲᠣᠭᠤᠷᠢᠭ ᠢ ᠥᠨᠳᠦᠷ ᠲᠥᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠪᠠ᠃ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄           ᠨᠢᠭᠡ᠂ ᠬᠢᠯᠢ ᠶᠢᠨ ᠭᠠᠳᠠᠨ᠎ᠠ ᠠᠴᠠ ᠤᠯᠤᠰ ᠲᠠᠭᠠᠨ ᠪᠤᠴᠠᠵᠤ ᠤᠯᠠᠭᠠᠨᠬᠠᠳᠠ ᠳᠤ ᠪᠤᠴᠠᠵᠤ ᠢᠷᠡᠭᠰᠡᠨ ᠪᠣᠶ ᠪᠥᠬᠦᠶ ᠬᠥᠮᠦᠰ ᠪᠢᠲᠡᠭᠦᠦ ᠬᠡᠯᠬᠢᠶᠡᠲᠤ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠢᠯᠢ ᠪᠠᠷ ᠣᠷᠣᠵᠤ ᠢᠷᠡᠭᠰᠡᠨ ᠭᠠᠵᠠᠷ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶᠠᠲᠤ ᠭᠠᠵᠠᠷ ᠤᠨ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃          ᠬᠤᠶᠠᠷ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠠᠶᠤᠯ ᠲᠥᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠪᠤᠶᠤ ᠶᠠᠪᠤᠵᠤ ᠥᠩᠭᠡᠷᠡᠭᠰᠡᠨ ᠪᠠ ᠷᠦᠢ ᠯᠢ ᠬᠤᠲᠠ ᠶᠢᠨ ᠪᠤᠰᠤᠳ ᠳᠣᠣᠷ᠎ᠠ ᠠᠶᠤᠯ ᠲᠥᠭᠰᠢᠭᠦᠷᠢᠲᠦ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠪᠣᠶ ᠪᠥᠬᠦᠶ ᠬᠥᠮᠦᠰ ᠨᠢ ᠮᠠᠨ ᠤ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠳᠤᠮᠳᠠ᠂ ᠦᠨᠳᠦᠷ ᠠᠶᠤᠯ ᠲᠦᠭᠰᠢᠭᠦᠷᠢᠲᠦ ᠭᠠᠵᠠᠷ ᠣᠷᠣᠨ ᠳᠤ ᠲᠣᠭᠤᠷᠢᠵᠤ ᠰᠠᠭᠤᠭᠰᠠᠨ ᠥᠩᠭᠡᠷᠡᠯᠲᠡ ᠲᠠᠢ ᠬᠥᠮᠦᠰ᠂ ᠢᠯᠠᠩᠭᠤᠶ᠎ᠠ 6 ᠰᠠᠷ᠎ᠠ ᠶᠢᠨ 20 ᠤ ᠡᠳᠦᠷ ᠠᠴᠠ ᠰᠡᠭᠦᠯᠡᠷ ᠷᠦᠢ ᠯᠢ ᠬᠤᠲᠠ ᠶᠢᠨ ᠦᠨᠳᠦᠷ ᠠᠶᠤᠯ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠪᠤᠶᠤ ᠶᠠᠪᠤᠵᠤ ᠦᠩᠭᠡᠷᠡᠭᠰᠡᠨ ᠬᠥᠮᠦᠰ᠂ ᠤᠯᠠᠭᠠᠨᠬᠠᠳᠠ ᠳᠤ ᠭᠦᠷᠦᠭᠰᠡᠨ ᠤ ᠳᠠᠷᠠᠭ᠎ᠠ 7 ᠡᠳᠦᠷ ᠤᠨ ᠳᠣᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠰᠥᠷᠬᠦ ᠴᠢᠨᠠᠷ ᠤᠨ ᠭᠡᠷᠡᠴᠢ ᠬᠠᠩᠭᠠᠬᠤ ᠶᠢᠨ ᠬᠠᠮᠲᠤ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠰᠥᠷᠬᠦ ᠴᠢᠨᠠᠷ ᠤᠨ ᠭᠡᠷᠡᠴᠢᠯᠡᠯ ᠢ ᠬᠠᠩᠭᠠᠵᠤ ᠳᠡᠶᠢᠯᠬᠦ ᠥᠬᠡᠶ ᠪᠣᠯ ᠬᠠᠷᠢᠶ᠎ᠠ ᠭᠠᠵᠠᠷ ᠲᠠᠢ ᠬᠠᠮᠵᠢᠯᠴᠠᠨ ᠤᠯᠠᠭᠠᠨᠬᠠᠳᠠ ᠳᠤ ᠣᠷᠤᠵᠤ ᠢᠷᠡᠭᠰᠡᠨ ᠨᠢᠭᠡᠳᠦᠭᠡᠷ ᠭᠠᠵᠠᠷ ᠲᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠦ᠂ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠲᠥᠪᠯᠡᠷᠡᠭᠦᠯᠦᠨ ᠲᠤᠰᠠᠭᠠᠷᠯᠠᠬᠤ ᠠᠴᠠ ᠰᠠᠯᠬᠤ ᠶᠢᠨ ᠬᠠᠮᠲᠤ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠷᠦᠢ ᠯᠢ ᠬᠤᠲᠠ ᠶᠢᠨ ᠪᠤᠰᠤᠳ ᠳᠣᠣᠷ᠎ᠠ ᠠᠶᠤᠯ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠨᠢ ᠬᠠᠮᠤᠭ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠵᠡᠷᠭᠡ ᠳᠡᠭᠡᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠶ᠎ᠠ ᠭᠠᠵᠠᠷ ᠲᠠᠢ ᠬᠠᠮᠵᠢᠯᠴᠠᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠬᠢᠵᠦ᠂ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ ᠮᠡᠳᠡᠭᠦᠯᠵᠦ᠂ ᠪᠢᠲᠡᠭᠦᠦ ᠬᠡᠯᠬᠢᠶᠡᠲᠦ ᠬᠠᠮᠢᠶᠠᠷᠤᠯᠲᠠ ᠶᠢ ᠰᠠᠶᠢᠲᠤᠷ ᠬᠢᠬᠦ ᠳᠤ ᠬᠠᠮᠵᠢᠯᠴᠠᠨ᠂ ᠲᠣᠭᠲᠠᠭᠠᠯ ᠶᠣᠰᠣᠭᠠᠷ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠰᠢᠯᠵᠢᠭᠦᠯᠦᠨ ᠵᠢᠭᠰᠠᠭᠠᠨ ᠪᠠᠶᠢᠴᠠᠭᠠᠵᠤ ᠡᠮᠨᠡᠨ ᠵᠠᠰᠠᠬᠤ ᠶᠢ ᠬᠦᠯᠢᠶᠡᠬᠦ ᠬᠡᠷᠡᠭᠲᠡᠶ᠃         ᠭᠤᠷᠪᠠ᠂ ᠷᠦᠢ ᠯᠢ ᠬᠤᠲᠠ ᠶᠢᠨ ᠣᠳᠣᠬᠠᠨ ᠤ ᠬᠢᠵᠢᠭ ᠤᠨ ᠪᠠᠶᠢᠳᠠᠯ ᠠᠴᠠ ᠦᠵᠡᠪᠡᠯ᠂ ᠴᠢᠬᠤᠯᠠ ᠶᠠᠪᠤᠳᠠᠯ ᠦᠭᠡᠶ ᠪᠣᠯ ᠣᠶᠢᠷ᠎ᠠ ᠶᠢᠨ ᠬᠤᠭᠤᠴᠠᠭᠠᠨ ᠳᠤ ᠣᠴᠢᠬᠤ ᠦᠭᠡᠶ ᠪᠠᠶᠢᠬᠤ ᠶᠢ ᠰᠠᠨᠠᠭᠤᠯᠵᠤ ᠪᠠᠶᠢᠨ᠎ᠠ᠃ ᠡᠷᠬᠡᠪᠰᠢ ᠣᠴᠢᠬᠤ ᠴᠢᠬᠤᠯᠠ ᠲᠠᠢ ᠪᠣᠯ᠂ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠤᠷᠢᠳᠴᠢᠯᠠᠨ ᠣᠶᠢᠯᠠᠭᠠᠬᠤ ᠶᠢᠨ ᠬᠠᠮᠲᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠤᠯᠠᠭᠠᠨᠬᠠᠳᠠ ᠳᠤ ᠪᠤᠴᠠᠵᠤ ᠢᠷᠡᠭᠰᠡᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠠᠶᠢᠭᠤᠯᠭ᠎ᠠ ᠨᠢᠭᠡᠴᠡ ᠵᠡᠷᠭᠡ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃        ᠳᠥᠷᠪᠡ᠂ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠤᠨ ᠸᠢᠷᠦ᠋ᠰ ᠤᠨ ᠲᠠᠷᠬᠠᠯᠲᠠ ᠶᠢ ᠰᠡᠷᠭᠡᠶᠢᠯᠡᠨ ᠡᠵᠡᠮᠳᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ᠂ ᠬᠠᠮᠤᠭ ᠤᠨ ᠲᠥᠬᠦᠮ ᠠᠷᠭ᠎ᠠ ᠬᠡᠮᠵᠢᠶ᠎ᠡ ᠮᠥᠨ᠃ ᠣᠳᠣᠬᠠᠨ ᠳᠤ᠂ ᠮᠠᠨ ᠤ ᠬᠤᠲᠠ ᠨᠢᠭᠡᠨᠲᠡ ᠨᠢᠭᠡᠳᠦᠭᠡᠷ ᠲᠠᠷᠢᠯᠭ᠎ᠠ ᠶᠢᠨ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢᠨ ᠠᠵᠢᠯ ᠢ ᠰᠡᠷᠭᠦᠭᠡᠵᠦ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠤᠯᠤᠰ ᠤᠨ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠶᠠᠲᠤ ᠣᠷᠣᠨ ᠤ ᠲᠠᠷᠢᠯᠭ᠎ᠠ ᠶᠢᠨ ᠨᠢᠭᠡᠴᠡ ᠳᠤ ᠬᠦᠷᠴᠦ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢ ᠤᠷᠢᠳᠴᠢᠯᠠᠨ ᠪᠣᠯᠵᠤᠭᠠᠷᠠᠢ᠃ ᠬᠤᠶᠠᠷ᠂ ᠭᠤᠷᠪᠠᠳᠤᠭᠠᠷ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢ ᠬᠠᠷᠠᠬᠠᠨ ᠪᠡᠶᠡᠯᠡᠭᠦᠯᠦᠭᠡᠳᠦᠶ ᠬᠤᠲᠠ ᠶᠢᠨ ᠠᠷᠠᠳ ᠲᠣᠭᠲᠠᠭᠰᠠᠨ ᠠᠯᠤᠰᠯᠠᠬᠤ ᠴᠠᠭ ᠤᠨ ᠳᠣᠲᠣᠷ᠎ᠠ ᠪᠥᠬᠦ ᠦᠯᠦ ᠬᠠᠯᠳᠠᠭᠠᠬᠤ ᠶᠠᠪᠤᠴᠠ ᠶᠢ ᠪᠡᠶᠡᠯᠡᠭᠦᠯᠵᠦ᠂ ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠳ᠋ᠦᠩ ᠢ ᠤᠯᠬᠤ ᠬᠡᠷᠡᠭᠲᠡᠶ᠃        ᠲᠠᠪᠤ᠂ ᠬᠢᠵᠢᠭ ᠤᠨ ᠪᠠᠶᠢᠳᠠᠯ ᠬᠠᠷᠠᠬᠠᠨ ᠳᠠᠭᠤᠰᠤᠭᠠᠳᠤᠶ ᠪᠣᠯᠬᠤᠷ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠵᠤ ᠪᠣᠯᠬᠤ ᠦᠭᠡᠢ᠃ ᠥᠷᠭᠡᠨ ᠤᠯᠠᠨ ᠬᠤᠳᠠ ᠶᠢᠨ ᠠᠷᠠᠳ ᠦᠷᠭᠦᠯᠵᠢᠯᠡᠨ ᠰᠠᠶᠢᠨ ᠰᠠᠶᠢᠬᠠᠨ ᠬᠤᠪᠢ ᠬᠥᠮᠦᠨ ᠤ ᠬᠠᠮᠠᠭᠠᠯᠠᠯᠲᠠ ᠶᠢᠨ ᠤᠬᠠᠮᠰᠠᠷ ᠲᠠᠢ ᠪᠠᠶᠢᠬᠤ ᠶᠢ ᠪᠠᠲᠤᠯᠠᠵᠤ᠂ ︽ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠦᠨᠳᠦᠰᠦᠨ ᠠᠵᠢᠯᠯᠠᠭ᠎ᠠ ᠶᠢᠨ ᠪᠠᠷᠢᠮᠵᠢᠶ᠎ᠠ︾ ᠶᠢ ᠦᠢᠯᠡᠳᠦᠯᠭᠡᠵᠢᠭᠦᠯᠵᠦ᠂ ᠪᠡᠶ᠎ᠡ ᠳᠡᠭᠡᠨ ᠠᠮᠠᠪᠴᠢ ᠠᠪᠴᠤ ᠶᠠᠪᠤᠬᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠴᠥᠭᠡᠨ ᠴᠤᠭᠯᠠᠷᠠᠬᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠣᠯᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠤᠢ ᠪᠣᠯᠭᠠᠵᠤ᠂ ᠲᠤᠰ ᠪᠡᠶ᠎ᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ᠃               ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                       2021 ᠣᠨ ᠤ 7 ᠰᠠᠷ᠎ᠠ ᠶᠢᠨ 8 ᠤ ᠡᠳᠦᠷ
 
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号