ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ
ᠨᠡᠶᠢᠲᠡᠯᠡᠭᠰᠡᠨ ᠴᠠᠭ᠄
2021/11/10
          ︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾ ︵2020 ᠣᠨ ᠤ 11 ᠰᠠᠷ᠎ᠠ ᠶᠢᠨ 6 ᠤ ᠡᠳᠦᠷ ᠤᠨ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠢᠶᠠᠷ ᠪᠠᠲᠤᠯᠠᠪᠠ᠃          2020 ᠣᠨ ᠤ 11 ᠰᠠᠷ᠎ᠠ ᠶᠢᠨ 26 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ ᠵᠥᠪᠰᠢᠶᠡᠷᠡᠪᠡ︶          ᠨᠢᠭᠡᠳᠦᠭᠡᠷ ᠪᠦᠯᠦᠭ ᠶᠡᠷᠦᠩᠬᠡᠢ ᠳᠦᠷᠢᠮ          ᠨᠢᠭᠡᠳᠦᠭᠡᠷ ᠵᠦᠢᠯ          ᠮᠠᠯᠵᠢᠬᠤ ᠲᠠᠷᠢᠶᠠᠯᠠᠬᠤ ᠣᠷᠣᠨ ᠤ ᠠᠷᠠᠳ ᠢᠷᠭᠡᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠮᠠᠭᠠᠯᠠᠨ ᠰᠠᠢᠵᠢᠷᠠᠭᠤᠯᠵᠤ᠂ ᠣᠷᠣᠰᠢᠨ ᠨᠤᠲᠤᠭᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠣᠰ ᠳᠦᠷᠢᠮ ᠢ ᠲᠣᠭᠲᠠᠭᠠᠪᠠ᠃         ᠬᠤᠶᠠᠳᠤᠭᠠᠷ ᠵᠦᠢᠯ         ᠲᠣᠰ ᠳᠦᠷᠢᠮ ᠨᠢ ᠲᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯᠯᠠᠭ᠎ᠠ ᠳᠤ ᠲᠣᠬᠢᠷᠠᠨ᠎ᠠ᠃ ᠳᠡᠭᠡᠳᠦ ᠳᠡᠰ ᠤᠨ ᠬᠠᠤᠯᠢ ᠳᠤ ᠨᠢᠭᠡᠨᠲᠡ ᠲᠣᠭᠲᠠᠭᠠᠯ ᠭᠠᠷᠭᠠᠭᠰᠠᠨ ᠪᠠᠶᠢᠪᠠᠯ᠂ ᠤᠤᠯ ᠲᠣᠭᠲᠠᠭᠠᠯ ᠢ ᠵᠢᠷᠤᠮᠯᠠᠨ᠎ᠠ᠃        ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠲᠣᠰᠬᠤᠨ ᠤ ᠠᠷᠠᠳ ᠭᠤᠣᠯ ᠴᠣᠭᠴᠠ ᠪᠣᠯᠬᠤ᠂ ᠨᠡᠶᠢᠭᠡᠮ ᠳᠠᠶᠠᠭᠠᠷ ᠣᠷᠣᠯᠴᠠᠬᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠬᠦ᠂ ᠪᠠᠶᠢᠭᠤᠯᠬᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃        ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠵᠠᠰᠠᠭ ᠵᠠᠬᠢᠷᠭᠠᠨ ᠤ ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ᠂ ᠠᠮᠢ ᠠᠬᠤᠶ ᠶᠢᠨ ᠣᠷᠴᠢᠨ ᠨᠥᠬᠦᠴᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠤᠲᠠ ᠶᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠪᠣᠳᠠᠲᠠᠶ ᠠᠵᠢᠯ ᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠱᠠᠭᠠᠷᠳᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠥᠷᠨᠢᠭᠦᠯᠦᠨ᠎ᠡ᠃            ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ ᠲᠣᠰᠬᠤᠨ ᠤ ᠠᠷᠠᠳ ᠪᠠ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢ ᠵᠣᠬᠢᠶᠠᠨ ᠪᠠᠶᠢᠭᠤᠯᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃            ᠵᠢᠷᠭᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠨᠥᠬᠦᠪᠥᠷᠢ ᠪᠡᠯᠡ ᠮᠥᠩᠭᠦ ᠶᠢ ᠲᠣᠰ ᠵᠢᠯ ᠤᠨ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠠᠯᠠ ᠮᠥᠩᠭᠦ ᠴᠤᠭᠯᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠬᠡᠷᠡᠭᠯᠡᠬᠦ ᠬᠡᠷᠡᠭᠲᠡᠶ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠤᠨ ᠪᠠᠯᠠ ᠮᠥᠩᠭᠦ ᠭᠠᠷᠭᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠵᠠᠷᠤᠴᠠᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠠᠭᠠᠯᠵᠠᠯ ᠪᠠ ᠤᠷᠮᠠᠰᠢᠭᠤᠯᠤᠨ ᠵᠤᠷᠢᠭᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠦᠢᠯᠡᠰ ᠲᠤ ᠪᠠᠯᠠ ᠮᠥᠩᠭᠦ ᠪᠠ ᠪᠡᠯᠡᠳᠬᠡᠯ ᠲᠥᠬᠦᠭᠡᠷᠦᠮᠵᠢ ᠬᠠᠨᠳᠢᠪᠯᠠᠬᠤ ᠶᠢ ᠵᠣᠷᠢᠭᠵᠢᠭᠤᠯᠤᠨ᠎ᠠ᠃           ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠨᠤᠭᠤᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠳᠠᠳᠬᠠᠯ ᠲᠠᠢ ᠪᠣᠯᠭᠠᠬᠤ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠥᠷᠨᠢᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠠᠭᠤᠯᠭ᠎ᠠ ᠳᠤ ᠣᠷᠣᠭᠤᠯᠬᠤ ᠬᠡᠷᠡᠭᠲᠡᠶ᠃           ᠬᠤᠶᠠᠳᠤᠭᠠᠷ ᠪᠦᠯᠦᠭ           ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠬᠠᠮᠢᠶᠠᠷᠬᠤ           ᠨᠠᠢᠮᠠᠳᠣᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠰᠦᠪᠯᠡᠨ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠢ ᠥᠭᠡᠷᠡᠴᠢᠯᠡᠬᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠲᠣᠰᠬᠤᠨ ᠤ ᠳᠦᠷᠰᠦ ᠪᠠᠶᠢᠳᠠᠯ ᠢ ᠵᠠᠰᠠᠨ ᠰᠠᠶᠢᠵᠢᠷᠠᠭᠤᠯᠬᠤ ᠵᠡᠷᠭᠡ ᠲᠤᠰᠬᠠᠶ ᠲᠦᠯᠦᠪᠯᠡᠭᠡ ᠶᠢ ᠲᠥᠯᠥᠪᠵᠢᠭᠦᠯᠭᠡ ᠳᠤ ᠣᠷᠣᠭᠤᠯᠵᠤ ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠥᠬᠦᠶ ᠲᠤᠰᠬᠠᠶ ᠲᠥᠯᠥᠪᠵᠢᠭᠦᠯᠭᠡ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠵᠤ᠂ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠯᠦᠭᠡ ᠬᠠᠷᠢᠯᠴᠠᠨ ᠵᠣᠯᠭᠠᠭᠤᠯᠬᠤ ᠬᠡᠷᠡᠭᠲᠡᠶ᠃          ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠬᠡᠷᠡᠭᠴᠡᠭᠡ ᠪᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠰᠠᠭᠤᠷᠢ ᠲᠦᠬᠦᠭᠡᠷᠦᠮᠵᠢ ᠶᠢ ᠵᠦᠶ ᠵᠣᠬᠢᠰᠲᠠᠶ ᠪᠠᠶᠢᠷᠢᠰᠢᠭᠤᠯᠤᠨ ᠪᠠᠶᠢᠭᠤᠯᠬᠤ ᠬᠡᠷᠡᠭᠲᠡᠶ᠃ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ ᠲᠤᠰᠢᠶᠠᠯ ᠠᠵᠢᠯ ᠤᠨ ᠬᠤᠪᠢᠶᠠᠷᠢ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠬᠠᠮᠢᠶᠠᠷᠴᠤ ᠬᠠᠮᠠᠭᠠᠯᠠᠬᠤ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠪᠠᠶᠢᠴᠠᠭᠠᠨ ᠬᠢᠨᠠᠯᠲᠠ ᠬᠢᠬᠦ ᠬᠡᠷᠡᠭᠲᠡᠶ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠪᠠ ᠰᠠᠭᠤᠷᠢ ᠲᠦᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃           ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠪᠠ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠰᠢᠰᠲ᠋ᠧᠮᠵᠢ ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠬᠤ᠂ ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ ᠶᠢ ᠦᠢᠯᠡᠳᠦᠯᠭᠡᠵᠢᠭᠦᠯᠬᠦ ᠪᠠᠷ ᠪᠣᠯᠪᠠᠰᠤᠨ ᠬᠡᠷ ᠪᠦᠯᠢ ᠶᠢ ᠰᠢᠯᠭᠠᠷᠠᠭᠤᠯᠬᠤ ᠨᠥᠬᠦᠴᠡᠯ ᠪᠣᠯᠭᠠᠬᠤ ᠬᠡᠷᠡᠭᠲᠡᠶ᠃
 
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号