| | ᠨᠢᠭᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠡᠰ ᠳᠠᠷᠠᠭᠠᠯᠠᠯ᠄ ᠬᠠᠮᠲᠤ | ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠡᠷᠦᠬᠡ ᠠᠮᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ | ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠭᠤᠶᠤᠴᠢᠯᠠᠯ ᠭᠠᠷᠭᠠᠨ᠎ᠠ︔ | ᠭᠡᠷ ᠪᠦᠯᠢ ᠶᠢᠨ ᠪᠦᠷᠢᠯᠳᠦᠭᠦᠨ ᠨᠢ ᠪᠠᠲᠤᠯᠠᠭ᠎ᠠ ᠭᠤᠶᠤᠴᠢᠯᠠᠬᠤ ᠳᠤ ᠬᠦᠴᠢᠷ ᠲᠠᠢ ᠪᠤᠯ᠂ ᠭᠠᠴᠠᠭ᠎ᠠ ᠶᠢᠨ ᠠᠷᠠᠳ ᠤᠨ | ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠡᠭᠡᠨ ᠨᠠᠶᠢᠳᠠᠵᠤ ᠲᠦᠯᠦᠭᠡᠯᠡᠬᠦᠯᠤᠨ ᠭᠤᠶᠤᠴᠢᠯᠠᠵᠦ ᠪᠤᠯᠤᠨ᠎ᠠ᠃ | ᠭᠤᠶᠤᠴᠢᠯᠠᠭᠴᠢ ᠨᠢ ︽ᠬᠡᠷ ᠪᠦᠯᠢ ᠶᠢᠨ ᠤᠷᠤᠯᠭ᠎ᠠ ᠪᠠ ᠡᠳ᠋ ᠬᠦᠷᠦᠩᠭᠡ ᠶᠢᠨ ᠪᠠᠶᠢᠳᠠᠯ ᠤᠨ ᠢᠯᠡᠷᠭᠡᠶᠢᠯᠡᠯᠲᠡ︾᠂ ︽ | ᠡᠷᠬᠡ ᠤᠯᠭᠤᠨ ᠬᠢᠨᠠᠨ ᠬᠠᠷᠭᠤᠭᠤᠯᠬᠤ ᠨᠠᠶᠢᠳᠠᠯᠭ᠎ᠠ ᠶᠢᠨ ᠪᠢᠴᠢᠭ︾ ᠪᠠ ︽ᠢᠳᠡᠭᠡᠮᠵᠢᠳᠤ ᠠᠮᠠᠯᠠᠯᠳᠠ ᠶᠢᠨ ᠪᠢᠴᠢᠭ︾ | ᠳᠤ ᠭᠠᠷ ᠤᠨ ᠦᠰᠦᠭ ᠵᠢᠷᠤᠨ᠎ᠠ᠃ ᠬᠤᠶᠠᠷ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ | ᠵᠦᠪᠰᠢᠶᠡᠷᠡᠬᠦ ᠳᠡᠰ ᠳᠠᠷᠠᠭᠠᠯᠠᠯ᠄ 1. ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠶᠢᠯ ᠡᠷᠦᠬᠡ ᠳᠤ ᠬᠦᠷᠴᠤ ᠪᠠᠶᠢᠴᠠᠭᠠᠬᠤ᠂ ᠠᠶᠢᠯ | ᠵᠡᠷᠭᠡᠯᠡᠳᠡᠭᠡ ᠠᠴᠠ ᠨᠢ ᠠᠰᠠᠭᠤᠨ ᠰᠤᠷᠠᠬᠤ᠂ ᠵᠠᠬᠢᠲᠠᠯ ᠢᠶᠠᠷ ᠪᠠᠷᠢᠮᠲᠠ ᠠᠪᠬᠤ᠂ ᠤᠯᠠᠨ ᠲᠦᠮᠡᠨ ᠢᠶᠠᠷ ᠦᠨᠡᠯᠡᠬᠦᠯᠬᠦ᠂ | ᠰᠤᠷᠠᠭ ᠵᠠᠩᠬᠢ ᠶᠢ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠶᠤᠴᠢᠯᠠᠭᠴᠢ ᠶᠢᠨ ᠬᠡᠷ | ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠪᠠᠶᠢᠴᠠᠭᠠᠯᠲᠠ ᠬᠢᠵᠤ ᠬᠢᠨᠠᠨ ᠮᠠᠭᠠᠳᠯᠠᠵᠦ | ᠂ ᠠᠩᠬᠠᠨ ᠤ ᠬᠢᠨᠠᠯᠲᠠ ᠶᠢᠨ ᠰᠠᠨᠠᠯ ᠳᠤᠷᠠᠳᠴᠤ᠂ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ᠂ ᠨᠡᠶᠢᠭᠡᠮ | ᠲᠤᠭᠤᠷᠢᠭ ᠲᠤ ᠢᠯᠡ ᠵᠠᠷᠯᠠᠭᠰᠠᠨ ᠤ ᠳᠠᠷᠠᠭ᠎ᠠ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠭᠦᠯᠤᠨ ᠬᠢᠨᠠᠨ ᠵᠦᠪᠰᠢᠶᠡᠷᠡᠭᠦᠯᠦᠨ᠎ᠡ᠃ 2. ᠰᠢᠶᠠᠨ ᠤ | ᠱᠠᠲᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠪᠠᠶᠢᠴᠠᠭᠠᠭᠠᠳ | ᠂ ᠨᠦᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠦᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ᠂ | ᠨᠡᠶᠢᠭᠡᠮ ᠲᠤᠭᠤᠷᠢᠭ ᠲᠤ ᠵᠠᠷᠯᠠᠨ᠎ᠠ︔ ᠨᠦᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠢ ᠵᠦᠪᠰᠢᠶᠡᠷᠡᠬᠦ ᠦᠭᠡᠢ | ᠮᠦᠷᠲᠡᠭᠡᠨ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠪᠢᠴᠢᠭ ᠢᠶᠠᠷ ᠲᠠᠶᠢᠯᠪᠤᠷᠢᠯᠠᠵᠦ ᠦᠭᠬᠦᠨ᠎ᠡ᠃ 3. | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠵᠦᠪᠰᠢᠶᠡᠷᠡᠭᠦᠯᠦᠨ ᠤᠯᠤᠭᠰᠠᠨ ᠬᠡᠷ ᠪᠦᠯᠢ ᠳᠤ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠮᠲᠤ | ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠲᠤᠮᠳᠠᠴᠢ ᠤᠷᠤᠯᠭ᠎ᠠ ᠨᠢ ᠲᠤᠬᠠᠢ ᠶᠢᠨ | ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ | ᠵᠦᠷᠢᠶ᠎ᠡ ᠪᠠᠷ ᠨᠢ᠂ ᠰᠠᠷ᠎ᠠ ᠪᠦᠷᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠨ ᠤ ᠮᠦᠡᠭᠭᠦ ᠤᠯᠭᠤᠨ᠎ᠠ᠃ ᠭᠤᠷᠪᠠ | ᠂ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠤᠯᠬᠤ ᠬᠤᠭᠤᠴᠠᠭᠠᠨ ᠳᠤ ᠪᠠᠲᠤᠯᠠᠭ᠎ᠠ | ᠤᠯᠤᠭᠰᠠᠳ ᠤᠨ ᠭᠦᠢᠴᠡᠳᠭᠡᠪᠡᠰᠤ ᠵᠤᠬᠢᠬᠤ ᠡᠭᠦᠷᠭᠡ᠃ 1. ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠤᠯᠤᠭᠰᠠᠨ ᠬᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ | ᠪᠠᠶᠢᠳᠠᠯ ᠳᠤ ᠬᠤᠪᠢᠷᠠᠯᠳᠠ ᠭᠠᠷᠤᠭᠰᠠᠨ ᠪᠤᠯ ᠴᠠᠭ ᠲᠤᠬᠠᠢ ᠳᠤᠨᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠭᠠᠨ ᠮᠡᠳᠡᠭᠳᠡᠨ᠎ᠡ᠃ 2. ᠠᠵᠢᠯ ᠤᠯᠬᠤ ᠨᠠᠰᠤᠨ ᠳᠤ | ᠬᠦᠷᠦᠭᠰᠡᠨ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ ᠢᠳᠡᠪᠬᠢᠲᠠᠢ ᠠᠵᠢᠯ ᠡᠷᠢᠬᠦ ᠪᠤᠶᠤ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠲᠠᠨᠢᠯᠴᠠᠭᠤᠯᠤᠭᠰᠠᠨ ᠠᠵᠢᠯ ᠢ ᠬᠦᠯᠢᠶᠡᠬᠦ ᠬᠡᠷᠡᠭᠲᠠᠢ᠃ ᠳᠦᠷᠪᠡ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢ ᠤᠯᠬᠤ ᠨᠦᠬᠦᠴᠡᠯ ᠲᠠᠷᠢᠶᠠᠯᠠᠩ ᠤᠨ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠤᠨ ᠬᠠᠮᠲᠤ | ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ | ᠭᠠᠵᠠᠷ ᠤᠨ ᠲᠠᠷᠢᠶᠠᠯᠠᠬᠤ ᠮᠠᠯᠵᠢᠬᠤ ᠤᠷᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠤᠤᠷ᠎ᠠ ᠪᠠᠶᠢᠪᠠᠯ᠂ ᠲᠠᠷᠢᠶᠠᠯᠠᠬᠤ ᠮᠠᠯᠵᠢᠬᠤ ᠤᠷᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢ ᠭᠤᠶᠤᠴᠢᠯᠠᠵᠤ ᠪᠤᠯᠤᠨ᠎ᠠ᠃ ᠲᠠᠷᠢᠶᠠᠯᠠᠩ ᠤᠨ ᠪᠤᠰᠤ ᠡᠷᠦᠭᠡ ᠠᠮᠠ ᠲᠠᠢ ᠬᠤᠲᠠ ᠶᠢᠨ ᠰᠠᠭᠤᠭᠠᠯᠢ | ᠠᠷᠠᠳ ᠤᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠳᠤᠮᠳᠠᠴᠢ | ᠤᠷᠤᠯᠭ᠎ᠠ ᠨᠢ ᠲᠤᠬᠠᠢ ᠶᠢᠨ ᠭᠠᠵᠠᠷ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠪᠠᠯ᠂ ᠬᠤᠲᠠ ᠶᠢᠨ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠤᠯᠤᠨ᠎ᠠ᠃ ᠳᠤᠤᠷᠠᠬᠢ ᠬᠦᠮᠦᠰ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠬᠦᠷᠳᠡᠵᠦ ᠪᠤᠯᠬᠤ ᠦᠭᠡᠢ᠄ 1. ᠰᠲ᠋ᠤᠺ ᠬᠤᠳᠠᠯᠳᠤᠨ | ᠠᠪᠤᠭᠰᠠᠨ ᠪᠤᠶᠤ ᠪᠤᠰᠤᠳ ᠪᠡᠯᠡ ᠤᠷᠤᠭᠤᠯᠤᠯᠲᠠ ᠶᠢᠨ ᠠᠵᠢᠯᠯᠠᠭ᠎ᠠ ᠲᠠᠢ ᠪᠠᠶᠢᠬᠤ︔ 2. ᠵᠤᠭᠤᠰ ᠭᠠᠷᠭᠠᠨ ᠦᠷ᠎ᠡ | ᠬᠡᠤᠭᠡᠳ ᠢᠶᠠᠨ ᠰᠢᠯᠵᠢᠨ ᠰᠤᠷᠤᠯᠴᠠᠭᠤᠯᠵᠦ ᠪᠠᠶᠢᠬᠤ ᠪᠤᠶᠤ ᠰᠤᠷᠭᠠᠭᠤᠯᠢ ᠰᠢᠯᠢᠨ ᠰᠤᠷᠤᠯᠴᠠᠭᠤᠯᠵᠦ ᠪᠠᠶᠢᠬᠤ︔ 3. | ᠵᠤᠭᠤᠰ ᠨᠠᠭᠠᠳᠬᠤ᠂ ᠬᠤᠤᠷ ᠲᠠᠳᠠᠬᠤ ᠵᠡᠷᠭᠡ ᠬᠠᠤᠯᠢ ᠪᠤᠰᠤ ᠠᠵᠢᠯᠯᠠᠭ᠎ᠠ ᠠᠴᠠ ᠪᠤᠯᠵᠤ ᠭᠡᠷ ᠪᠦᠯᠢ ᠶᠢᠨ | ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠤᠤᠷ᠎ᠠ ᠪᠠᠶᠢᠬᠤ︔ 4. ᠠᠵᠢᠯ ᠤᠯᠬᠤ ᠨᠠᠰᠤᠨ ᠳᠤ ᠬᠦᠷᠦᠭᠰᠡᠨ ᠬᠦᠳᠡᠯᠮᠦᠷᠢᠯᠡᠬᠦ ᠴᠢᠳᠠᠪᠤᠷᠢ ᠲᠠᠢ | ᠬᠦᠮᠦᠰ᠂ ᠠᠵᠢᠯ ᠤᠯᠭᠤᠬᠤ ᠲᠠᠨᠢᠯᠴᠠᠭᠤᠯᠭ᠎ᠠ ᠶᠢ ᠵᠦᠢ ᠶᠤᠰᠤᠨ ᠤ ᠤᠴᠢᠷ ᠰᠢᠯᠳᠠᠭᠠᠨ ᠦᠬᠡᠢ ᠪᠠᠷ ᠭᠤᠷᠪᠠ | ᠤᠳᠠᠭ᠎ᠠ ᠲᠡᠪᠴᠢᠭᠰᠡᠨ ᠪᠠᠶᠢᠬᠤ︔ 5. ᠬᠢᠨᠠᠨ ᠪᠠᠶᠢᠴᠠᠭᠠᠬᠤ ᠪᠠᠷ ᠳᠠᠮᠵᠢᠨ᠂ ᠬᠠᠳᠠᠭᠠᠯᠠᠮᠵᠢ ᠶᠢᠨ ᠲᠤᠭ᠎ᠠ ᠶᠢ ᠨᠢ | ᠲᠤᠳᠤᠯᠬᠤ ᠶᠢᠨ ᠠᠷᠭ᠎ᠠ ᠦᠬᠡᠢ ᠪᠤᠶᠤ ᠨᠢᠭᠤᠭᠳᠠᠮᠠᠯ ᠤᠷᠤᠯᠭ᠎ᠠ ᠶᠢ ᠨᠢ ᠬᠢᠨᠠᠨ ᠲᠤᠭᠳᠠᠭᠠᠬᠤ ᠶᠢᠨ ᠠᠷᠭ᠎ᠠ ᠦᠭᠡᠢ | ᠮᠦᠷᠲᠡᠭᠡᠨ ᠦᠨᠳᠦᠷ ᠦᠨᠡᠲᠠᠢ ᠦᠷᠭᠡᠨ ᠬᠡᠷᠡᠭᠯᠡᠭᠡᠨ ᠤ ᠪᠠᠷᠠᠭ᠎ᠠ ᠲᠠᠢ ᠭᠡᠷ ᠪᠦᠯᠢ ᠶᠢᠨ ᠬᠦᠮᠦᠨ ᠪᠦᠷᠢ ᠶᠢᠨ ᠳᠤᠮᠳᠠᠴᠢ | ᠤᠷᠤᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ | ᠳᠤᠤᠷ᠎ᠠ ᠪᠠᠶᠢᠬᠤ ᠪᠤᠯᠪᠠᠴᠤ᠂ ᠪᠤᠳᠠᠲᠤ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠰᠠᠭᠤᠭᠠᠯᠢ | ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠠᠴᠠ ᠢᠯᠡᠳᠳᠡ ᠦᠨᠳᠦᠷ ᠪᠠᠶᠢᠬᠤ᠂ 6. | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠳᠠᠵᠦ ᠦᠯᠦ ᠪᠤᠯᠬᠤ ᠪᠤᠰᠤᠳ ᠪᠠᠶᠢᠳᠠᠯ᠃ | |