| | | | ᠲᠠᠷᠢᠶᠠᠯᠠᠩ ᠤᠨ ᠪᠣᠰᠤ ᠡᠷᠦᠭᠡ ᠠᠮᠠ ᠶᠢᠨ ᠳᠠᠩᠰᠠ ᠲᠠᠢ ᠬᠤᠲᠠ ᠶᠢᠨ ᠰᠠᠭᠤᠭᠠᠯᠢ ᠠᠷᠠᠳ ᠤᠨ | ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ | ᠲᠤᠬᠠᠢ ᠶᠢᠨ ᠭᠠᠵᠠᠷ ᠤᠨ ᠬᠤᠲᠠ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠡ ᠠᠴᠠ ᠳᠣᠣᠷ᠎ᠠ ᠪᠠᠶᠢᠬᠤ ᠳᠤ ᠬᠦᠷᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ | ᠦᠨᠳᠦᠰᠦᠨ ᠠᠮᠢᠳᠤᠷᠠᠯ ᠤᠨ ᠪᠤᠳᠠᠰ ᠤᠨ ᠳᠡᠳᠭᠦᠮᠵᠢ ᠬᠦᠷᠲᠡᠬᠦ ᠡᠷᠬᠡ ᠲᠠᠢ᠃ ᠳᠤᠤᠷᠠᠬᠢ ᠬᠦᠮᠦᠰ ᠬᠤᠲᠠ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠬᠦᠷᠳᠡᠵᠦ ᠪᠤᠯᠬᠤ | ᠦᠭᠡᠢ᠄ 1. ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠠᠷᠭᠠᠴᠠᠭᠠᠬᠤ ᠳᠤ ᠭᠡᠷᠡᠭᠴᠡᠭᠡ ᠲᠠᠢ | ᠪᠣᠰᠤ ᠮᠠᠰᠢᠨ ᠲᠡᠷᠭᠡ᠂ ᠮᠣᠲ᠋ᠣᠷ᠂ ᠭᠠᠷ ᠤᠲᠠᠰᠤ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ ᠵᠡᠷᠭᠡ ᠳᠡᠭᠡᠳᠤ | ᠲᠡᠰ ᠤᠨ ᠦᠨᠳᠦᠷ ᠦᠨᠡᠳᠤ ᠥᠷᠭᠡᠨ ᠬᠡᠷᠡᠭᠯᠡᠭᠡᠨ ᠤ ᠪᠠᠷᠠᠭ᠎ᠠ ᠲᠠᠢ ᠪᠠᠶᠢᠬᠤ︔ 2. ᠰᠲ᠋ᠤᠺ ᠬᠤᠳᠠᠯᠳᠤᠨ ᠠᠪᠤᠭᠰᠠᠨ | ᠪᠤᠶᠤ ᠪᠤᠰᠤᠳ ᠪᠡᠯᠡ ᠤᠷᠤᠭᠤᠯᠤᠯᠲᠠ ᠶᠢᠨ ᠠᠵᠢᠯᠯᠠᠭ᠎ᠠ ᠲᠠᠢ ᠪᠠᠶᠢᠬᠤ︔ 3. ᠵᠤᠭᠤᠰ ᠭᠠᠷᠭᠠᠨ ᠦᠷ᠎ᠡ | ᠬᠡᠤᠭᠡᠳ ᠢᠶᠠᠨ ᠰᠢᠯᠵᠢᠨ ᠰᠤᠷᠤᠯᠴᠠᠭᠤᠯᠵᠦ ᠪᠠᠶᠢᠬᠤ ᠪᠤᠶᠤ ᠰᠤᠷᠭᠠᠭᠤᠯᠢ ᠰᠢᠯᠢᠨ ᠰᠤᠷᠤᠯᠴᠠᠭᠤᠯᠵᠦ ᠪᠠᠶᠢᠬᠤ︔ 4. | ᠵᠤᠭᠤᠰ ᠨᠠᠭᠠᠳᠬᠤ᠂ ᠬᠤᠤᠷ ᠲᠠᠳᠠᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠠᠴᠠ ᠪᠤᠯᠵᠤ ᠭᠡᠷ | ᠪᠦᠯᠢ ᠶᠢᠨ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ︔ 5. ᠠᠵᠢᠯ ᠤᠯᠬᠤ ᠨᠠᠰᠤᠨ ᠳᠤ ᠬᠦᠷᠦᠭᠰᠡᠨ ᠬᠦᠳᠡᠯᠮᠦᠷᠢᠯᠡᠬᠦ | ᠴᠢᠳᠠᠪᠤᠷᠢ ᠲᠠᠢ ᠬᠦᠮᠦᠰ᠂ ᠠᠵᠢᠯ ᠤᠯᠭᠤᠬᠤ ᠲᠠᠨᠢᠯᠴᠠᠭᠤᠯᠭ᠎ᠠ ᠶᠢ ᠵᠦᠢ ᠶᠤᠰᠤᠨ ᠤ ᠤᠴᠢᠷ ᠰᠢᠯᠳᠠᠭᠠᠨ ᠦᠬᠡᠢ ᠪᠠᠷ | ᠬᠤᠶᠠᠷ ᠤᠳᠠᠭ᠎ᠠ ᠲᠡᠪᠴᠢᠭᠰᠡᠨ ᠪᠤᠶᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠬᠥᠳᠡᠯᠮᠦᠷᠢ ᠳᠤ ᠣᠷᠣᠯᠴᠠᠬᠤ ᠦᠭᠡᠢ ᠪᠠᠶᠢᠬᠤ︔ 6. ᠬᠢᠨᠠᠨ ᠪᠠᠶᠢᠴᠠᠭᠠᠬᠤ ᠪᠠᠷ ᠳᠠᠮᠵᠢᠨ᠂ | ᠬᠠᠳᠠᠭᠠᠯᠠᠮᠵᠢ ᠶᠢᠨ ᠲᠤᠭ᠎ᠠ ᠶᠢ ᠨᠢ ᠲᠣᠳᠣᠯᠠᠬᠤ ᠶᠢᠨ ᠠᠷᠭ᠎ᠠ ᠦᠬᠡᠢ ᠪᠤᠶᠤ ᠨᠢᠭᠤᠮᠠᠬᠠᠢ ᠤᠷᠤᠯᠭ᠎ᠠ ᠶᠢ ᠨᠢ ᠬᠢᠨᠠᠨ | ᠲᠤᠭᠳᠠᠭᠠᠬᠤ ᠶᠢᠨ ᠠᠷᠭ᠎ᠠ ᠦᠭᠡᠢ ᠪᠠᠶᠢᠬᠤ ᠪᠦᠭᠡᠳ ᠲᠡᠭᠡᠳᠤ ᠲᠡᠰ ᠤᠨ ᠦᠨᠡᠳᠤ ᠦᠷᠭᠡᠨ ᠬᠡᠷᠡᠭᠯᠡᠭᠡᠨ ᠤ | ᠪᠠᠷᠠᠭ᠎ᠠ ᠲᠠᠢ ᠭᠡᠷ ᠪᠦᠯᠢ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠪᠤᠯᠪᠠᠴᠤ᠂ ᠪᠤᠳᠠᠲᠤ | ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠷᠢᠮᠵᠢᠶ᠎ᠠ ᠠᠴᠠ ᠢᠯᠡᠳᠳᠡ ᠦᠨᠳᠦᠷ ᠪᠠᠶᠢᠬᠤ︔ 7. ᠬᠤᠲᠠ ᠶᠢᠨ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠳᠠᠵᠦ ᠦᠯᠦ ᠪᠤᠯᠬᠤ ᠪᠤᠰᠤᠳ ᠪᠠᠶᠢᠳᠠᠯ ᠲᠠᠢ ᠪᠠᠶᠢᠬᠤ᠃ | |