| | | | 2011 ᠣᠨ ᠳᠤ᠂ ︽ᠥᠪᠡᠷᠲᠡᠭᠡᠨ ᠵᠠᠰᠠᠬᠤ ᠣᠷᠣᠨ ᠤ 80 ᠨᠠᠰᠤᠨ ᠠᠴᠠ ᠳᠡᠭᠡᠭᠰᠢᠬᠢ ᠣᠷᠣᠯᠭ᠎ᠠ | ᠪᠠᠭᠠᠲᠠᠢ ᠨᠠᠰᠤᠲᠠᠶᠢᠴᠤᠳ ᠲᠤ ᠦᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢ | ᠳᠠᠷᠤᠮᠠᠯᠯᠠᠨ ᠲᠠᠷᠬᠠᠭᠠᠪᠠ᠂ ᠳᠣᠷᠣᠭᠰᠢ ᠨᠡᠮᠡᠭᠦᠷᠢ ᠣᠯᠭᠤᠬᠤ ᠳᠡᠰ ᠳᠠᠷᠠᠭᠠᠯᠠᠯ᠂ ᠣᠯᠭᠤᠬᠤ ᠪᠠᠷᠢᠮᠵᠢᠶ᠎ᠠ ᠬᠢᠭᠡᠳ | ᠬᠡᠪᠴᠢᠶ᠎ᠡ ᠶᠢᠨ ᠬᠡᠯᠡᠯᠴᠡᠭᠡᠨ ᠶᠡᠬᠡᠲᠡᠢ ᠠᠰᠠᠭᠤᠯᠲᠠ ᠳᠤ ᠬᠠᠷᠢᠭᠤᠯᠲᠠ ᠬᠢᠨ᠎ᠡ᠃ ᠦᠨᠳᠥᠷ ᠨᠠᠰᠤᠨ ᠤ ᠨᠡᠮᠡᠭᠦᠷᠢ ᠠᠪᠬᠤ | ᠨᠦᠬᠦᠴᠡᠯ᠄ ᠣᠳᠣᠬᠠᠨ ᠳᠤ᠂ ᠠᠵᠢᠯ ᠠᠴᠠ ᠠᠮᠠᠷᠠᠵᠤ ᠠᠵᠢᠯ ᠠᠴᠠ ᠪᠠᠭᠤᠭᠰᠠᠨ ᠤ ᠴᠠᠯᠢᠩ᠂ ᠨᠡᠶᠢᠭᠡᠮ ᠤᠨ | ᠳᠠᠭᠠᠳᠬᠠᠯ ᠤᠨ ᠠᠵᠢᠯ ᠠᠴᠠ ᠪᠠᠭᠤᠭᠰᠠᠨ ᠤ ᠴᠠᠯᠢᠩ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠮᠦᠩᠭᠦ ᠠᠪᠴᠤ ᠪᠠᠶᠢᠭ᠎ᠠ ᠦᠨᠳᠥᠷ ᠨᠠᠰᠤᠲᠠᠢ ᠨᠠᠰᠤᠲᠠᠶᠢᠴᠤᠳ ᠦᠨᠳᠥᠷ ᠨᠠᠰᠤᠨ ᠤ ᠨᠡᠮᠡᠭᠦᠷᠢ ᠶᠢ ᠲᠦᠷ ᠬᠦᠷᠲᠡᠬᠦ | ᠦᠭᠡᠢ᠃ ᠳᠡᠭᠡᠷ᠎ᠡ ᠳᠤᠷᠠᠲᠤᠭᠰᠠᠨ ᠭᠤᠷᠪᠠᠨ ᠵᠦᠢᠯ ᠤᠨ ᠪᠠᠶᠢᠳᠠᠯ ᠢ ᠭᠠᠷᠭᠠᠪᠠᠯ᠂ ᠪᠤᠰᠤᠳ ᠦᠨᠳᠥᠷ ᠨᠠᠰᠤᠲᠠᠢ | ᠨᠠᠰᠤᠲᠠᠶᠢᠴᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠪᠦᠭᠡᠳ | ᠪᠦᠬᠦᠯᠢ 80 ︵ᠪᠦᠬᠦᠯᠢ 80 ᠨᠠᠰᠤᠨ ᠤ ᠬᠢ ᠪᠠᠭᠲᠠᠨ᠎ᠠ︶ ᠨᠠᠰᠤᠨ ᠠᠴᠠ ᠳᠡᠭᠡᠭᠰᠢ ᠪᠠᠶᠢᠪᠠᠯ᠂ ᠴᠦᠮ | ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠨᠡᠮᠡᠭᠦᠷᠢ ᠠᠪᠴᠤ ᠪᠣᠯᠣᠨ᠎ᠠ᠃ ᠦᠨᠳᠥᠷ ᠨᠠᠰᠤᠨ ᠤ ᠨᠡᠮᠡᠭᠦᠷᠢ ᠣᠯᠭᠤᠬᠤ | ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠦᠨᠳᠥᠷ ᠨᠠᠰᠤᠲᠠᠢ ᠨᠠᠰᠤᠲᠠᠶᠢᠴᠤᠳ ᠨᠠᠰᠤ ᠵᠢᠯ ᠤᠨ ᠦᠶᠡᠯᠡᠯ ᠶᠣᠰᠣᠭᠠᠷ | ᠨᠡᠮᠡᠭᠦᠷᠢ ᠠᠪᠴᠤ ᠪᠣᠯᠣᠨ᠎ᠠ᠃ ᠪᠠᠷᠢᠮᠵᠢᠶ᠎ᠠ ᠨᠢ ᠪᠦᠬᠦᠯᠢ 80 ᠠᠴᠠ 99 ᠨᠠᠰᠤ ᠬᠦᠷᠲᠡᠯ᠎ᠡ᠂ ᠬᠥᠮᠥᠨ ᠪᠣᠯᠭᠠᠨ ᠤ | ᠰᠠᠷ᠎ᠠ ᠪᠦᠷᠢ 100 ᠲᠥᠬᠦᠷᠢᠭ︔ ᠪᠦᠬᠦᠯᠢ 100 ᠨᠠᠰᠤᠨ ᠠᠴᠠ ᠳᠡᠭᠡᠭᠰᠢᠬᠢ ︵ᠪᠦᠬᠦᠯᠢ 100 ᠨᠠᠰᠤᠨ ᠤ ᠬᠢ | ᠪᠠᠭᠲᠠᠨ᠎ᠠ︶ ᠶᠢᠨ ᠬᠥᠮᠥᠨ ᠪᠣᠯᠭᠠᠨ ᠤ ᠰᠠᠷ᠎ᠠ ᠪᠦᠷᠢ 300 ᠲᠥᠬᠦᠷᠢᠭ ᠪᠣᠯᠣᠨ᠎ᠠ᠃ ᠨᠥᠬᠦᠴᠡᠯ ᠳᠤ ᠨᠡᠶᠢᠴᠡᠬᠦ | ᠦᠨᠳᠥᠷ ᠨᠠᠰᠤᠲᠠᠢ ᠨᠠᠰᠤᠲᠠᠶᠢᠴᠤᠳ ᠤᠨ ᠦᠨᠳᠥᠷ ᠨᠠᠰᠤᠨ ᠤ ᠨᠡᠮᠡᠭᠦᠷᠢ ᠠᠪᠬᠤ ᠪᠠᠷ ᠮᠡᠳᠡᠭᠦᠯᠬᠦ ᠮᠠᠲ᠋ᠧᠷᠢᠶᠠᠯ᠄ ᠲᠤᠰ | ᠬᠦᠮᠥᠨ ᠤ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ ᠤᠨ ᠤᠭ ᠵᠦᠢᠯ᠂ ᠲᠤᠰ ᠬᠦᠮᠥᠨ ᠤ ᠪᠡᠶ᠎ᠡ ᠶᠢᠨ | ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ ᠤᠨ ᠬᠠᠭᠤᠯᠪᠤᠷᠢ 3 ᠬᠤᠪᠢ᠂ ᠨᠠᠰᠤᠲᠠᠨ ᠤ ᠣᠶᠢᠷ᠎ᠠ ᠶᠢᠨ | ᠬᠤᠭᠤᠴᠠᠭᠠᠨ ᠤ ᠬᠤᠶᠠᠷ ᠢᠮᠠᠬᠤ ᠶᠢᠨ ᠲᠥᠪ ᠭᠡᠷᠡᠯ ᠵᠢᠷᠤᠭ 3 ᠬᠤᠪᠢ︔ ᠠᠩᠬᠠᠷᠬᠤ ᠴᠢᠬᠤᠯᠠᠲᠠᠢ ᠨᠢ᠂ ᠬᠡᠷᠪᠡ | ᠨᠠᠰᠤᠲᠠᠨ ᠤ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠨᠢ ᠪᠠᠶᠢᠩᠭᠤ ᠰᠠᠭᠤᠭ᠎ᠠ ᠭᠠᠵᠠᠷ ᠯᠤᠭ᠎ᠠ ᠪᠠᠨ | ᠨᠢᠭᠡᠲᠥᠯ ᠦᠭᠡᠢ ᠪᠣᠯ ᠪᠠᠰᠠ ᠪᠠᠶᠢᠩᠭᠤ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠤᠨ ᠬᠢᠵᠦ ᠦᠭᠭᠦᠭᠰᠡᠨ ᠣᠷᠣᠰᠢᠨ ᠰᠠᠭᠤᠭ᠎ᠠ ᠶᠢᠨ | ᠭᠡᠷᠡᠴᠢ ᠪᠠ ᠬᠦᠴᠦᠨ ᠪᠦᠬᠦᠢ ᠬᠠᠷᠢᠯᠴᠠᠬᠤ ᠠᠷᠭ᠎ᠠ ᠵᠠᠮ ᠪᠠ ᠬᠠᠷᠢᠯᠴᠠᠬᠤ ᠠᠷᠭ᠎ᠠ ᠮᠠᠶ᠋ᠢᠭ ᠪᠠᠶᠢᠬᠤ ᠬᠡᠷᠡᠭᠲᠡᠢ︔ | ᠬᠡᠷᠪᠡ ᠪᠡᠶ᠎ᠡ ᠶᠢᠨ ᠦᠨᠡᠮᠯᠡᠯ ᠤᠨ ᠨᠣᠮᠧᠷ ᠪᠤᠶᠤ ᠨᠠᠰᠦ ᠵᠢᠯ ᠤᠨ ᠮᠡᠳᠡᠭᠡ ᠵᠠᠩᠭᠢ ᠳᠤᠨᠢ ᠤᠨᠳᠣᠤ ᠰᠠᠨᠠᠯ ᠲᠠᠢ ᠪᠣᠯ | ᠪᠠᠰᠠ ᠡᠷᠦᠭᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ | ᠥᠭᠭᠦᠭᠰᠡᠨ ᠡᠷᠦᠭᠡ ᠠᠮᠠ ᠶᠢᠨ ᠬᠠᠷᠢᠶ᠎ᠠ ᠶᠢᠨ ᠭᠡᠷᠡᠴᠢ ᠪᠠᠶᠢᠬᠤ ᠬᠡᠷᠡᠭᠲᠡᠢ︔ ᠪᠤᠰᠤᠳ ᠲᠤ ᠨᠠᠶᠢᠳᠠᠵᠤ | ᠭᠦᠢᠴᠡᠳᠭᠡᠯᠭᠡᠪᠡᠯ᠂ ᠪᠠᠰᠠ ᠭᠤᠶᠣᠴᠢᠯᠠᠭᠴᠢ ᠲᠤᠰ ᠬᠦᠮᠥᠨ ᠤ ᠨᠠᠶᠢᠳᠠᠯᠭ᠎ᠠ ᠶᠢᠨ ᠪᠢᠴᠢᠭ ᠪᠠ ᠨᠠᠶᠢᠳᠠᠯᠭ᠎ᠠ | ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠵᠦᠢᠯ ᠬᠢᠭᠡᠳ ᠭᠤᠷᠪᠠᠨ ᠬᠤᠪᠢ ᠬᠠᠭᠤᠯᠪᠤᠷᠢ ᠶᠢ ᠬᠠᠩᠭᠠᠬᠤ | ᠬᠡᠷᠡᠭᠲᠡᠢ᠃ ᠭᠤᠶᠤᠴᠢᠯᠠᠬᠤ ᠭᠠᠵᠠᠷ᠄ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ | ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠬᠥᠰᠥᠨᠥᠭᠲᠦ ᠲᠠᠭᠯᠠᠬᠤ᠄ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠢ | ᠨᠠᠰᠤᠲᠠᠶᠢᠴᠤᠳ ᠤᠨ ᠦᠨᠳᠥᠷ ᠨᠠᠰᠤᠨ ᠤ ᠨᠡᠮᠡᠭᠦᠷᠢ ᠭᠤᠶᠤᠴᠢᠯᠠᠬᠤ ᠬᠦᠰᠥᠨᠥᠭᠲᠦ︾ ᠨᠢᠭᠡ ᠶᠠᠩᠵᠤ ᠶᠢᠨ ᠭᠤᠷᠪᠠᠨ | ᠬᠤᠪᠢ ︵ᠬᠡᠷᠡᠭᠰᠡᠬᠦ ᠬᠦᠰᠥᠨᠥᠭᠲᠦ ᠶᠢ ᠭᠤᠶᠣᠴᠢᠯᠠᠬᠤ ᠭᠠᠵᠠᠷ ᠠᠴᠠ ᠠᠪᠬᠤ ᠪᠤᠶᠤ ᠲᠤᠰ ᠨᠢᠭᠤᠷ ᠤᠨ ᠳᠣᠣᠷᠠᠲᠦ | ᠲᠠᠯ᠎ᠠ ᠶᠢᠨ ᠳᠠᠭᠠᠯᠳᠤᠭᠤᠯᠤᠯ ᠠᠴᠠ ᠪᠠᠭᠤᠯᠭᠠᠵᠤ ᠠᠪᠤᠨ᠎ᠠ︶ ᠭᠤᠶᠤᠴᠢᠯᠠᠨ ᠮᠡᠳᠡᠭᠦᠯᠬᠦ ᠲᠡᠰ ᠳᠠᠷᠠᠭᠠᠯᠠᠯ ᠤᠨ | ᠴᠤᠪᠤᠷᠠᠯ︖ ᠭᠤᠭᠴᠤᠭ᠎ᠠ 1᠄ ᠭᠠᠴᠠᠭ᠎ᠠ ᠲᠤᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ︶ ᠭᠤᠶᠤᠴᠢᠯᠠᠯ ᠢ ᠬᠦᠯᠢᠶᠡᠨ ᠠᠪᠤᠭᠠᠳ ᠬᠢᠨᠠᠮᠠᠭᠠᠢ ᠬᠢᠨᠠᠵᠦ᠂ ᠲᠠᠪᠤᠨ ᠠᠵᠢᠯᠯᠠᠬᠤ | ᠡᠳᠦᠷ ᠤᠨ ᠳᠤᠲᠤᠷ᠎ᠠ ᠠᠩᠬ᠎ᠠ ᠬᠢᠨᠠᠵᠦ ᠵᠥᠪᠯᠡᠨ ᠲᠣᠭᠳᠠᠭᠠᠬᠤ ᠶᠢ ᠪᠡᠶᠡᠯᠡᠭᠦᠯᠥᠨ᠂ ᠠᠯᠪᠠᠨ ᠲᠠᠮᠠᠭ᠎ᠠ ᠪᠠᠨ ᠳᠠᠷᠤᠭᠠᠳ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ︶ ᠳᠠᠭᠠᠨ ᠮᠡᠳᠡᠭᠦᠯᠵᠦ ᠳᠠᠬᠢᠨ ᠬᠢᠨᠠᠭᠤᠯᠤᠨ᠎ᠠ︔ ᠭᠤᠭᠴᠤᠭ᠎ᠠ 2᠄ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠣᠰ ᠭᠤᠶᠤᠴᠢᠯᠠᠯ ᠤᠨ ᠮᠠᠲ᠋ᠧᠷᠢᠶᠠᠯ ᠢ | ᠬᠦᠯᠢᠶᠡᠨ ᠠᠪᠤᠭᠠᠳ ᠲᠠᠪᠤᠨ ᠠᠵᠢᠯᠯᠠᠬᠤ ᠡᠳᠦᠷ ᠤᠨ ᠲᠤᠳᠤᠷ᠎ᠠ ᠭᠤᠶᠤᠴᠢᠯᠠᠯ ᠤᠨ ᠮᠠᠲ᠋ᠧᠷᠢᠶᠠᠯ ᠢ ᠬᠢᠨᠠᠬᠤ᠂ | ᠲᠡᠮᠳᠡᠭᠯᠡᠬᠦ ᠪᠠ ᠳᠠᠩᠰᠠᠯᠠᠬᠤ ᠶᠢ ᠪᠡᠶᠡᠯᠡᠭᠦᠯᠥᠨ᠂ ᠠᠯᠳᠠᠭ᠎ᠠ ᠪᠤᠷᠤᠭᠤ ᠦᠭᠡᠢ ᠪᠣᠯ ᠰᠠᠨᠠᠯ ᠢᠶᠠᠨ ᠪᠢᠴᠢᠵᠦ ᠲᠠᠮᠠᠭ᠎ᠠ ᠪᠠᠨ | ᠳᠠᠷᠤᠭᠠᠳ᠂ ᠬᠤᠰᠢᠭᠤ ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠲᠤ | ᠬᠦᠷᠭᠡᠨ ᠬᠢᠨᠠᠨ ᠵᠥᠪᠰᠢᠶᠡᠷᠡᠭᠦᠯᠦᠨ᠎ᠡ︔ ᠭᠤᠭᠴᠤᠭ᠎ᠠ 3: ᠬᠤᠰᠢᠭᠤ ᠰᠢᠶᠠᠨ ᠬᠤᠲᠠ ᠲᠣᠭᠤᠷᠢᠭ ᠤᠨ | ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠠᠳ ᠲᠠᠪᠤᠨ | ᠠᠵᠢᠯᠯᠠᠬᠤ ᠡᠳᠦᠷ ᠲᠤ ᠬᠢᠨᠡᠨ ᠵᠥᠪᠰᠢᠶᠡᠷᠡᠬᠦ ᠶᠢ ᠭᠦᠢᠴᠡᠳᠬᠡᠵᠦ ᠳᠠᠭᠤᠰᠬᠠᠨ᠂ ᠨᠥᠬᠦᠴᠡᠯ ᠳᠤ ᠨᠡᠶᠢᠴᠡᠬᠦ | ᠭᠤᠶᠤᠴᠢᠯᠠᠭᠴᠢᠳ ᠢ ᠨᠢᠭᠡᠳᠦᠯᠲᠡᠢ ᠲᠡᠮᠳᠡᠭᠯᠡᠨ ᠳᠠᠩᠰᠠᠯᠠᠵᠤ᠂ ᠦᠨᠳᠥᠷ ᠨᠠᠰᠤᠨ ᠤ ᠨᠡᠮᠡᠭᠦᠷᠢ ᠣᠯᠭᠤᠬᠤ | ᠬᠡᠪᠴᠢᠶᠡᠨ ᠳᠤ ᠣᠷᠣᠭᠤᠯᠤᠨ᠎ᠠ᠃ ᠨᠥᠬᠦᠴᠡᠯ ᠳᠤ ᠨᠡᠶᠢᠴᠡᠬᠦ ᠦᠭᠡᠢ ᠳᠤᠨᠢ᠂ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠤᠳᠤᠷᠬᠠᠶᠢᠯᠠᠵᠤ ᠦᠭᠭᠦᠨ᠎ᠡ᠃ ᠦᠨᠳᠥᠷ ᠨᠠᠰᠤᠨ ᠤ ᠨᠡᠮᠡᠭᠦᠷᠢ ᠠᠪᠬᠤ | ᠴᠠᠭ ᠬᠤᠭᠤᠴᠠᠭ᠎ᠠ᠄ ᠬᠡᠷᠪᠡ ᠨᠥᠬᠦᠴᠡᠯ ᠳᠤ ᠨᠡᠶᠢᠴᠡᠵᠦ ᠪᠠᠶᠢᠪᠠᠯ᠂ ᠬᠤᠰᠢᠭᠤ ᠰᠢᠶᠠᠨ ᠬᠤᠲᠠ ᠲᠣᠭᠤᠷᠢᠭ ᠤᠨ | ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠵᠦᠪᠰᠢᠶᠡᠷᠡᠭᠰᠡᠨ ᠰᠠᠷ᠎ᠠ ᠠᠴᠠ ᠡᠬᠢᠯᠡᠵᠦ ᠨᠡᠮᠡᠭᠦᠷᠢ | ᠠᠪᠤᠨ᠎ᠠ᠃ | |