ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠠᠪᠤᠷᠠᠨ ᠳᠤᠰᠠᠯᠠᠯᠳᠠ ᠬᠢᠭᠡᠳ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢ ᠠᠪᠴᠠᠯᠳᠤᠭᠤᠯᠬᠤ ᠳᠤᠬᠠᠢ ᠳᠦᠰᠦᠯ
ᠨᠡᠶᠢᠲᠡᠯᠡᠭᠰᠡᠨ ᠴᠠᠭ᠄
2021/11/11
            ᠣᠶᠢᠷ᠎ᠠ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ᠂ ᠡᠳ᠋ ᠤᠨ ᠵᠠᠰᠠᠭ ᠤᠨ ᠳᠢᠩᠬᠢᠮ ᠪᠤᠯᠤᠨ ᠶᠠᠳᠠᠭᠤ ᠶᠢ ᠳᠡᠳᠬᠦᠬᠦ ᠠᠯᠪᠠᠨ ᠭᠡᠷ ᠬᠠᠮᠳᠤᠷᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠠᠪᠤᠷᠠᠨ ᠳᠤᠰᠠᠯᠠᠯᠳᠠ ᠬᠢᠭᠡᠳ ᠶᠠᠳᠠᠭᠤ ᠶᠢ ᠳᠡᠳᠬᠦᠵᠤ ᠬᠦᠭᠵᠢᠬᠦᠯᠬᠦ ᠳᠦᠷᠦ ᠶᠢᠨ ᠪᠤᠳᠤᠯᠭ᠎ᠠ ᠶᠢ ᠠᠪᠴᠠᠯᠳᠤᠭᠤᠯᠬᠤ ᠳᠤᠬᠠᠢ ᠳᠦᠰᠦᠯ︾ ᠳᠤᠭᠳᠠᠭᠠᠨ ᠪᠠᠭᠤᠯᠭᠠᠵᠤ᠂ ᠳᠦᠷᠪᠡᠨ ᠵᠦᠢᠯ ᠤᠨ ᠠᠪᠴᠠᠯᠳᠤᠭᠤᠯᠬᠤ ᠠᠷᠭ᠎ᠠ ᠪᠠᠷ ᠳᠠᠮᠵᠢᠭᠤᠯᠤᠨ ᠨᠡᠶᠢᠭᠡᠮ ᠤᠨ ᠠᠪᠤᠷᠠᠨ ᠳᠤᠰᠠᠯᠠᠯᠳᠠ ᠪᠠ ᠶᠠᠳᠠᠭᠤ ᠠᠴᠠ ᠪᠦᠬᠦᠨ ᠢ ᠠᠩᠬᠢᠵᠢᠷᠠᠭᠤᠯᠬᠤ ᠶᠢ ᠪᠠᠳᠤᠯᠠᠬᠤ ᠭᠡᠷᠡᠭᠳᠡᠢ ᠭᠡᠵᠡᠢ᠃ ᠨᠢᠭᠡ᠂ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠪᠠ ᠤᠨᠴᠠ ᠬᠦᠴᠢᠷᠳᠡᠯ ᠲᠠᠢ ᠬᠦᠮᠦᠰ ᠢ ᠠᠪᠤᠷᠠᠨ ᠳᠤᠰᠠᠯᠠᠬᠤ ᠠᠰᠠᠷᠠᠮᠵᠢ ᠶᠢᠨ ᠳᠦᠷᠦ ᠶᠢᠨ ᠪᠤᠳᠤᠯᠭ᠎ᠠ ᠳᠤ ᠨᠡᠶᠢᠴᠡᠬᠦ ᠬᠦᠮᠦᠰ ᠲᠤ ᠳᠠᠩᠰᠠ ᠡᠪᠭᠡᠮᠡᠯ ᠺᠠᠷᠲ ᠭᠠᠷᠭᠠᠨ᠂ ᠶᠠᠳᠠᠭᠤ ᠠᠴᠠ ᠪᠦᠬᠦᠨ ᠢ ᠠᠩᠬᠢᠵᠢᠷᠠᠭᠤᠯᠬᠤ ᠠᠵᠢᠯ ᠢᠶᠠᠨ ᠰᠠᠶᠢᠳᠤᠷ ᠬᠢᠬᠦ ᠭᠡᠷᠡᠭᠳᠡᠢ ᠦᠪᠡᠷᠳᠡᠭᠡᠨ ᠵᠠᠰᠠᠬᠤ ᠤᠷᠤᠨ ᠠᠴᠠ ᠳᠠᠪᠤ ᠶᠢ ᠠᠪᠴᠠᠯᠳᠤᠭᠤᠯᠤᠨ᠎ᠠ᠄ ᠨᠢᠭᠡ ᠳᠤ᠂ ᠪᠠᠷᠢᠮᠵᠢᠶ᠎ᠠ ᠪᠠᠨ ᠠᠪᠴᠠᠯᠳᠤᠭᠤᠯᠤᠨ᠎ᠠ᠃ ︽ᠠᠷᠪᠠᠨ ᠭᠤᠷᠪᠠᠳᠤᠭᠠᠷ ᠳᠠᠪᠤᠨ ᠵᠢᠯ ᠤᠨ ᠳᠦᠯᠦᠪᠵᠢᠬᠦᠯᠭᠡ︾ ᠶᠢᠨ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ ᠠᠴᠠ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠵᠢᠯ ᠪᠦᠷᠢ 6 % ᠪᠠᠷ ᠳᠡᠭᠡᠭᠰᠢᠯᠡᠬᠦᠯᠦᠨ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠪᠠᠷᠢᠮᠵᠢᠶ᠎ᠠ ᠠᠴᠠ ᠦᠨᠳᠦᠷ ᠪᠠᠶᠢᠯᠭᠠᠬᠤ ᠶᠢ ᠦᠷᠬᠦᠯᠵᠢᠯᠡᠨ ᠪᠠᠳᠤᠯᠠᠵᠤ᠂ 2019 ᠤᠨ ᠪᠤᠯᠬᠤ ᠳᠤ ᠡᠯ᠎ᠡ ᠬᠤᠰᠢᠭᠤ ᠰᠢᠶᠠᠨ ︵ᠬᠤᠳᠠ ᠳᠤᠭᠤᠷᠢᠭ︶ ᠤ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠬᠦᠮᠦᠨ ᠳᠤᠳᠤᠮ ᠵᠢᠯ ᠪᠦᠷᠢ 4000 ᠳᠦᠬᠦᠷᠢᠭ ᠲᠤ ᠬᠦᠷᠭᠡᠬᠦ ᠶᠢ ᠪᠠᠳᠤᠯᠠᠨ᠎ᠠ᠃ ᠬᠤᠶᠠᠷ ᠲᠤ᠂ ᠳᠦᠷᠦ ᠶᠢᠨ ᠪᠤᠳᠤᠯᠭ᠎ᠠ ᠶᠢ ᠠᠪᠴᠠᠯᠳᠤᠭᠤᠯᠤᠨ᠎ᠠ᠃ ᠶᠠᠳᠠᠭᠤ ᠶᠢ ᠳᠡᠳᠬᠦᠬᠦ ᠨᠦᠬᠦᠴᠡᠯ ᠳᠤ ᠳᠤᠬᠢᠷᠠᠬᠤ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠡᠷᠦᠭᠡ ᠪᠡ ᠤᠨᠴᠠ ᠬᠦᠴᠢᠷᠳᠡᠯ ᠲᠠᠢ ᠬᠦᠮᠦᠰ ᠤᠨ ᠶᠠᠳᠠᠭᠤᠷᠠᠭᠰᠠᠨ ᠰᠢᠯᠳᠠᠭᠠᠨ ᠢ ᠨᠢ ᠦᠨᠳᠦᠰᠦᠯᠡᠵᠤ ᠪᠠᠶᠢᠭᠠᠳ ᠤᠨᠤᠪᠴᠢᠳᠠᠢ ᠳᠡᠳᠬᠦᠨ᠎ᠡ᠃ ᠶᠠᠳᠠᠭᠤ ᠠᠴᠠ ᠠᠩᠬᠢᠵᠢᠷᠠᠭᠰᠠᠨ ᠤ ᠳᠠᠷᠠᠭ᠎ᠠ ᠳᠠᠬᠢᠨ ᠶᠠᠳᠠᠭᠤᠷᠠᠭᠰᠠᠨ ᠭᠡᠷ ᠪᠦᠯᠢ ᠶᠢ ᠳᠦᠷᠦ ᠶᠢᠨ ᠪᠤᠳᠤᠯᠭ᠎ᠠ ᠶᠢᠨ ᠳᠤᠭᠳᠠᠭᠠᠯ ᠶᠤᠰᠤᠭᠠᠷ ᠡᠮᠬᠢ ᠳᠠᠷᠠᠭ᠎ᠠ ᠲᠠᠢ ᠪᠠᠷ ᠬᠢᠨᠠᠨ ᠵᠦᠪᠰᠢᠶᠡᠷᠡᠭᠦᠯᠤᠭᠡᠳ ᠨᠡᠶᠢᠭᠡᠮ ᠤᠨ ᠠᠪᠤᠷᠠᠨ ᠳᠤᠰᠠᠯᠠᠯᠳᠠ ᠶᠢᠨ ᠭᠡᠪᠴᠢᠶᠠᠨ ᠳᠤ ᠤᠷᠤᠭᠤᠯᠤᠨ ᠳᠠᠩᠰᠠ ᠡᠪᠭᠡᠮᠡᠯ ᠺᠠᠷᠲ ᠪᠠᠶᠢᠭᠤᠯᠤᠨ᠎ᠠ᠃ ᠶᠠᠳᠠᠭᠤ ᠶᠢ ᠳᠡᠳᠬᠦᠬᠦ ᠬᠦᠷᠢᠶ᠎ᠠ ᠭᠡᠪᠴᠢᠶᠠᠨ ᠤ ᠳᠠᠩᠰᠠ ᠡᠪᠭᠡᠮᠡᠯ ᠺᠠᠷᠲ ᠦᠭᠡᠢ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ ᠪᠠ ᠣᠨᠴᠠ ᠬᠦᠴᠢᠷᠳᠡᠯ ᠲᠠᠢ ᠬᠦᠮᠦᠰ ᠢ ᠪᠦᠳᠦᠮᠵᠢᠳᠡᠢ ᠠᠷᠭ᠎ᠠ ᠭᠡᠮᠵᠢᠶ᠎ᠡ ᠪᠠᠷ ᠳᠡᠳᠬᠦᠨ ᠳᠡᠮᠵᠢᠵᠤ᠂ ᠳᠡᠳᠬᠦᠪᠡᠰᠤ ᠵᠤᠬᠢᠬᠤ ᠶᠢ ᠨᠢ ᠡᠷᠭᠡᠪᠰᠢ ᠳᠡᠳᠬᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠡᠷᠦᠭᠡ ᠶᠢᠨ ᠨᠠᠰᠤᠨ ᠳᠤ ᠦᠯᠦ ᠬᠦᠷᠦᠭᠰᠡᠳ᠂ ᠨᠠᠰᠤᠳᠠᠶᠢᠴᠤᠳ᠂ ᠬᠦᠨᠳᠤ ᠭᠡᠴᠡᠬᠦᠤ ᠵᠡᠮᠳᠡᠭ ᠬᠦᠮᠦᠨ ᠪᠣᠯᠤᠨ ᠬᠦᠨᠳᠤ ᠡᠪᠡᠳᠴᠢᠳᠠᠨ ᠲᠠᠢ ᠬᠦᠮᠦᠰ ᠲᠤ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢᠨ 5 — 10% ᠤᠨ ᠬᠠᠷᠢᠴᠠᠯ ᠢᠶᠠᠷ ᠨᠦᠬᠦᠪᠤᠷᠢ ᠨᠡᠮᠡᠨ ᠦᠭᠴᠤ᠂ ᠦᠨᠳᠦᠰᠤᠨ ᠠᠮᠢᠳᠤᠷᠠᠯ ᠢ ᠨᠢ ᠰᠠᠶᠢᠵᠢᠷᠠᠭᠤᠯᠤᠨ᠎ᠠ ᠃ ᠭᠤᠷᠪᠠ ᠳᠤ᠂ ᠳᠡᠳᠬᠦᠨ ᠳᠤᠰᠠᠯᠠᠬᠤ ᠬᠦᠮᠦᠰ ᠢ ᠨᠣᠲᠠᠯᠠᠨ ᠳᠤᠭᠳᠠᠭᠠᠬᠤ ᠶᠢ ᠠᠪᠴᠠᠯᠳᠤᠭᠤᠯᠤᠨ᠎ᠠ᠃ ᠬᠠᠷᠢᠴᠠᠩᠭᠤᠢ ᠨᠢᠭᠡᠳᠤᠯᠳᠠᠢ ᠪᠠᠷ ᠭᠡᠷ ᠪᠦᠯᠢ ᠶᠢᠨ ᠶᠠᠳᠠᠭᠤ ᠬᠦᠴᠢᠷᠳᠡᠯᠳᠤ ᠪᠠᠶᠢᠳᠠᠯ ᠢ ᠳᠦᠰᠦᠭᠡᠯᠡᠨ ᠪᠤᠳᠤᠵᠤ ᠨᠣᠲᠠᠯᠠᠬᠤ ᠪᠠᠷᠢᠮᠵᠢᠶᠠᠨ ᠤ ᠰᠢᠰᠲ᠋ᠧᠮ ᠢ ᠰᠦᠪᠡᠭᠴᠢᠯᠠᠨ ᠪᠠᠶᠢᠭᠤᠯᠵᠤ᠂ ᠨᠣᠲᠠᠯᠠᠵᠤ ᠳᠤᠭᠳᠠᠭᠠᠭᠰᠠᠨ ᠦᠷ᠎ᠡ ᠳ᠋ᠦᠩ ᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠬᠢ ᠲᠠᠢ ᠨᠢ ᠬᠠᠷᠭᠤᠭᠤᠯᠵᠤ᠂ ᠡᠷᠦᠭᠡ ᠳᠤ ᠨᠢ ᠬᠦᠷᠴᠣ ᠪᠠᠶᠢᠴᠠᠭᠠᠭᠰᠠᠨ᠂ ᠵᠡᠷᠭᠡᠯᠡᠳᠡᠭᠡ ᠡᠷᠦᠭᠡ ᠠᠴᠠ ᠨᠢ ᠠᠰᠠᠭᠤᠵᠤ ᠰᠤᠷᠪᠤᠯᠵᠢᠯᠠᠭᠰᠠᠨ᠂ ᠠᠷᠠᠳᠴᠢᠯᠠᠯ ᠢᠶᠠᠷ ᠬᠢᠨᠠᠭᠤᠯᠤᠭᠰᠠᠨ ᠵᠡᠷᠭᠡ ᠪᠠᠶᠢᠳᠠᠯ ᠤᠨ ᠦᠷ᠎ᠡ ᠳ᠋ᠦᠩ ᠲᠠᠢ ᠨᠢ ᠤᠶᠠᠯᠳᠤᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠬᠦᠮᠦᠰ᠂ ᠤᠨᠴᠠ ᠬᠦᠴᠢᠷᠳᠡᠯ ᠲᠠᠢ ᠬᠦᠮᠦᠰ ᠪᠠ ᠳᠠᠩᠰᠠ ᠡᠪᠭᠡᠮᠡᠯ ᠺᠠᠷᠲ ᠪᠠᠶᠢᠭᠤᠯᠵᠤ ᠦᠭᠪᠡᠰᠤ ᠵᠤᠬᠢᠬᠤ ᠶᠠᠳᠠᠭᠤ ᠬᠦᠴᠢᠷᠳᠡᠯ ᠲᠠᠢ ᠬᠦᠮᠦᠰ ᠢ ᠤᠨᠤᠪᠴᠢᠳᠠᠢ ᠦᠨᠡᠯᠡᠨ ᠳᠤᠭᠳᠠᠭᠠᠬᠤ ᠭᠡᠷᠡᠭᠳᠡᠢ᠃ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠬᠦᠮᠦᠰ ᠪᠠ ᠨᠡᠶᠢᠭᠡᠮ ᠤᠨ ᠠᠪᠤᠷᠠᠨ ᠳᠤᠰᠠᠯᠠᠯᠳᠠ ᠶᠢᠨ ᠭᠡᠪᠴᠢᠶᠠᠨ ᠳᠤ ᠤᠷᠤᠭᠤᠯᠤᠨ ᠳᠠᠩᠰᠠ ᠡᠪᠭᠡᠮᠡᠯ ᠺᠠᠷᠲ ᠪᠠᠶᠢᠭᠤᠯᠵᠤ ᠦᠭᠬᠦ ᠴᠢᠬᠤᠯᠠ ᠲᠠᠢ ᠤᠨᠴᠠ ᠬᠦᠴᠢᠷᠳᠡᠯ ᠲᠠᠢ ᠬᠦᠮᠦᠰ ᠤᠨ ᠠᠪᠤᠷᠠᠨ ᠳᠤᠰᠠᠯᠠᠭᠤᠯᠬᠤ ᠭᠤᠶᠤᠴᠢᠯᠠᠯᠳᠠ ᠶᠢ ᠡᠷᠬᠡᠪᠰᠢ ᠬᠢᠨᠠᠨ ᠵᠦᠪᠰᠢᠶᠡᠷᠡᠬᠦ ︽ᠭᠤᠷᠪᠠᠨ ᠭᠤᠭᠴᠤᠭ᠎ᠠ᠂ ᠠᠷᠪᠠᠨ ᠬᠤᠶᠠᠷ ᠠᠯᠬᠤᠮ︾ ᠤᠨ ᠠᠵᠢᠯ ᠤᠨ ᠳᠡᠰ ᠳᠠᠷᠠᠭᠠᠯᠠᠯ ᠢᠶᠠᠷ ᠴᠢᠩᠭ᠎ᠠ ᠬᠢᠨᠠᠨ ᠵᠦᠪᠰᠢᠶᠡᠷᠡᠵᠤ᠂ ᠡᠷᠦᠭᠡ ᠪᠠᠷ ᠨᠢᠭᠡᠴᠢᠯᠠᠨ ᠤᠨᠤᠪᠴᠢᠳᠠᠢ ᠦᠨᠡᠯᠡᠨ ᠳᠤᠭᠳᠠᠭᠠᠬᠤ ᠭᠡᠷᠡᠭᠳᠡᠢ᠃ ᠳᠦᠷᠪᠡ ᠳᠤ᠂ ᠬᠠᠮᠢᠶᠠᠷᠤᠯᠳᠠ ᠶᠢ ᠠᠪᠴᠠᠯᠳᠤᠭᠤᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ ᠪᠤᠯᠤᠨ ᠤᠨᠴᠠ ᠬᠦᠴᠢᠷᠳᠡᠯ ᠲᠠᠢ ᠬᠦᠮᠦᠰ ᠤᠨ ᠨᠡᠷᠡᠰ ᠢ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠲᠤ ᠴᠠᠭ ᠳᠤᠬᠠᠢ ᠳᠤ ᠨᠢ ᠬᠠᠩᠭᠠᠨ ᠦᠭᠴᠤ᠂ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠨᠢ ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠯ ᠲᠠᠢ ᠬᠦᠮᠦᠰ ᠢ ᠭᠤᠤᠯᠳᠠᠯᠭ᠎ᠠ ᠲᠠᠢ ᠪᠠᠷ ᠳᠡᠳᠬᠦᠬᠦ ᠬᠦᠷᠢᠶ᠎ᠡ ᠭᠡᠪᠴᠢᠶᠠᠨ ᠳᠤ ᠤᠷᠤᠭᠤᠯᠤᠨ ᠳᠦᠷᠦ ᠶᠢᠨ ᠪᠤᠳᠤᠯᠭ᠎ᠠ ᠶᠢᠨ ᠳᠠᠯ᠎ᠠ ᠪᠠᠷ ᠳᠡᠮᠵᠢᠨ ᠳᠡᠳᠬᠦᠬᠦ ᠭᠡᠷᠡᠭᠳᠡᠢ᠃ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠨᠢ ᠳᠡᠳᠬᠦᠨ ᠳᠤᠰᠠᠯᠠᠭᠰᠠᠨ ᠨᠠᠷᠡᠰ᠂ ᠳᠡᠳᠬᠦᠨ ᠳᠤᠰᠠᠯᠠᠭᠰᠠᠨ ᠠᠷᠭ᠎ᠠ ᠭᠡᠮᠵᠢᠶ᠎ᠡ᠂ ᠶᠠᠳᠠᠭᠤ ᠠᠴᠠ ᠠᠩᠬᠢᠵᠢᠷᠠᠭᠤᠯᠤᠭᠰᠠᠨ ᠨᠠᠷᠡᠰ᠂ ᠶᠠᠳᠠᠭᠤ ᠠᠴᠠ ᠠᠩᠬᠢᠵᠢᠷᠠᠭᠤᠯᠤᠭᠰᠠᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ ᠢ ᠴᠠᠭ ᠳᠠᠷᠤᠢ ᠳᠤ ᠨᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠭᠳᠡᠬᠦ ᠭᠡᠷᠡᠭᠳᠡᠢ᠃ ᠮᠡᠳᠡᠭᠡ ᠵᠠᠩᠬᠢ ᠶᠢ ᠤᠯᠠᠮ ᠢᠯᠡ ᠳᠤᠳᠤ ᠪᠤᠯᠭᠠᠬᠤ ᠳᠤᠭᠳᠠᠴᠠ ᠪᠠᠨ ᠴᠢᠨᠠᠭᠰᠢᠳᠠ ᠳᠡᠬᠦᠯᠳᠡᠷᠵᠢᠬᠦᠯᠵᠤ᠂ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ᠂ ᠤᠨᠴᠠ ᠬᠦᠴᠢᠷᠳᠡᠯ ᠲᠠᠢ ᠬᠦᠮᠦᠰ ᠢ ᠠᠪᠤᠷᠠᠨ ᠳᠤᠰᠠᠯᠠᠵᠤ ᠬᠠᠷᠠᠭᠠᠯᠵᠠᠭᠰᠠᠨ ᠪᠠ ᠶᠠᠳᠠᠭᠤ ᠶᠢ ᠳᠡᠳᠬᠦᠨ ᠬᠦᠭᠵᠢᠬᠦᠯᠦᠭᠰᠡᠨ ᠪᠠᠶᠢᠳᠠᠯ ᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ︵ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︶ ᠤ ᠮᠡᠳᠡᠭᠡ ᠵᠠᠩᠬᠢ ᠶᠢ ᠢᠯᠡ ᠪᠤᠯᠭᠠᠬᠤ ᠬᠦᠷᠢᠶ᠎ᠠ ᠭᠡᠪᠴᠢᠶᠠᠨ ᠳᠤ ᠤᠷᠤᠭᠤᠯᠤᠨ᠂ ᠳᠠᠩᠰᠠ ᠡᠪᠭᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯ ᠲᠠᠢ ᠬᠦᠮᠦᠰ ᠪᠤᠯᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠬᠦᠮᠦᠰ᠂ ᠤᠨᠴᠠ ᠬᠦᠴᠢᠷᠳᠡᠯ ᠲᠠᠢ ᠬᠦᠮᠦᠰ ᠤᠨ ᠨᠡᠷᠡᠰ ᠢ ᠳᠤᠬᠠᠢ ᠶᠢᠨ ᠰᠠᠭᠤᠭ᠎ᠠ ᠭᠠᠵᠠᠷ ᠲᠤ ᠨᠢ ᠤᠷᠳᠤ ᠬᠤᠭᠤᠴᠠᠭ᠎ᠠ ᠪᠠᠷ ᠵᠠᠷᠯᠠᠵᠤ ᠨᠡᠶᠢᠳᠡᠯᠡᠨ᠂ ᠨᠡᠶᠢᠭᠡᠮ ᠪᠤᠯᠤᠨ ᠤᠯᠠᠨ ᠳᠦᠮᠡᠨ ᠤ ᠬᠢᠨᠠᠯᠳᠠ ᠶᠢ ᠬᠦᠯᠢᠶᠡᠬᠦ ᠭᠡᠷᠡᠭᠳᠡᠢ᠃ ᠳᠠᠪᠤ ᠳᠤ᠂ ᠮᠡᠳᠡᠭᠡ ᠵᠠᠩᠬᠢ ᠶᠢ ᠠᠪᠴᠠᠯᠳᠤᠭᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠮᠡᠳᠡᠭᠡ ᠵᠠᠩᠬᠢ ᠶᠢᠨ ᠪᠦᠳᠦᠭᠡᠨ ᠪᠠᠶᠢᠭᠤᠯᠤᠯᠳᠠ ᠶᠢ ᠤᠯᠠᠮ ᠢᠶᠠᠷ ᠴᠢᠩᠭᠠᠳᠬᠠᠵᠤ᠂ ᠳᠤᠬᠠᠶᠢᠯᠠᠬᠰᠠᠨ ᠠᠵᠢᠯ ᠤᠨ ᠱᠠᠭᠠᠷᠳᠠᠯᠭ᠎ᠠ ᠳᠤ ᠵᠤᠬᠢᠴᠠᠭᠤᠯᠤᠨ ᠰᠢᠰᠲ᠋ᠧᠮ ᠤᠨ ᠠᠪᠴᠠᠯᠳᠤᠯ ᠤᠨ ᠴᠢᠳᠠᠪᠤᠷᠢ ᠶᠢᠨ ᠮᠤᠳᠧᠯ ᠭᠡᠰᠡᠭ ᠪᠤᠯᠤᠨ ᠳᠤᠭ᠎ᠠ ᠪᠠᠷᠢᠮᠳᠠ ᠶᠢᠨ ᠳᠦᠷᠦᠯ ᠢ ᠨᠡᠮᠡᠭᠳᠡᠬᠦᠯᠤᠨ᠂ ᠬᠤᠰᠢᠭᠤ ᠰᠢᠶᠠᠨ ᠤ ᠱᠠᠳᠤᠨ ᠤ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠬᠦ ᠬᠦᠮᠦᠰ᠂ ᠤᠨᠴᠠ ᠬᠦᠴᠢᠷᠳᠡᠯ ᠲᠠᠢ ᠬᠦᠮᠦᠰ ᠪᠤᠯᠤᠨ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠤᠨ ᠳᠤᠭ᠎ᠠ ᠮᠠᠭᠠᠳ ᠢ ᠬᠠᠷᠢᠯᠴᠠᠨ ᠨᠡᠪᠲᠡᠷᠡᠯᠴᠡᠭᠦᠯᠤᠨ᠂ ᠡᠬᠢ ᠪᠠᠶᠠᠯᠢᠭ ᠢ ᠬᠠᠮᠳᠤᠪᠠᠷ ᠡᠳ᠋ᠯᠡᠨ᠂ ᠴᠠᠭ ᠳᠤᠬᠠᠢ ᠳᠤ ᠨᠢ ᠬᠢᠨᠠᠨ ᠪᠠᠶᠢᠴᠠᠭᠠᠬᠤ ᠳᠤ ᠳᠦᠬᠦᠮ ᠪᠤᠯᠭᠠᠬᠤ ᠭᠡᠷᠡᠭᠳᠡᠢ᠃ ᠬᠤᠶᠠᠷ᠂ ᠡᠪᠡᠳᠴᠢᠨ ᠠᠴᠠ ᠪᠤᠯᠵᠤ ᠶᠠᠳᠠᠭᠤᠷᠠᠭᠰᠠᠨ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠬᠤ ᠭᠡᠷᠡᠭᠳᠡᠢ ᠨᠢᠭᠡ ᠳᠤ᠂ ᠡᠬᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠳᠡᠢ ᠳᠦᠯᠦᠪᠯᠡᠨ ᠳᠠᠩᠰᠠᠨ ᠠᠴᠠ ᠳᠠᠶᠢᠯᠬᠤ ᠬᠠᠷᠢᠴᠠᠯ ᠢ ᠳᠡᠭᠡᠭᠰᠢᠯᠡᠬᠦᠯᠦᠨ᠎ᠠ᠃ 2016 ᠤᠨ ᠠᠴᠠ ᠡᠬᠢᠯᠡᠨ ᠡᠬᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠳᠡᠢ ᠳᠦᠯᠦᠪᠵᠢᠬᠦᠯᠬᠦ ᠶᠢ ᠪᠤᠢ ᠪᠦᠬᠦᠢ ᠶᠠᠳᠠᠭᠤ ᠬᠦᠴᠢᠷᠳᠡᠯ ᠲᠠᠢ ᠭᠠᠵᠠᠷ ᠤᠷᠤᠨ ᠳᠤ ᠭᠡᠷᠡᠭᠵᠢᠬᠦᠯᠦᠨ᠎ᠠ᠃ ᠡᠮᠨᠡᠯᠭᠡ ᠶᠢᠨ ᠠᠪᠤᠷᠠᠨ ᠳᠤᠰᠠᠯᠠᠯᠳᠠ ᠬᠦᠷᠳᠡᠬᠦ ᠬᠦᠮᠦᠰ ᠪᠡ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠬᠤᠰᠢᠭᠤ ᠰᠢᠶᠠᠨ ᠵᠢᠴᠢ ᠳᠡᠬᠦᠨ ᠠᠴᠠ ᠳᠤᠷᠤᠭᠰᠢᠬᠢ ᠡᠮᠨᠡᠯᠭᠡ ᠶᠢᠨ ᠰᠠᠯᠠᠭ᠎ᠠ ᠮᠦᠴᠢᠷ ᠤᠨ ᠡᠬᠦᠳᠡᠨ ᠡᠮᠨᠡᠯᠭᠡ ᠳᠤ ᠡᠪᠡᠳᠴᠢᠨ ᠦᠵᠡᠬᠦᠯᠪᠡᠯ ᠮᠠᠯᠵᠢᠬᠤ ᠳᠠᠷᠢᠶᠠᠯᠠᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠩᠰᠠᠨ ᠠᠴᠠ ᠳᠠᠶᠢᠯᠬᠤ ᠬᠠᠷᠢᠴᠠᠯ ᠢ ᠵᠠᠭᠤᠨ ᠤ ᠬᠠᠷᠢᠴᠠᠯ ᠢᠶᠠᠷ 10 ᠬᠤᠪᠢ ᠤᠷᠴᠢᠮ ᠳᠡᠭᠡᠭᠰᠢᠯᠡᠬᠦᠯᠦᠨ᠎ᠡ᠃ ᠬᠤᠶᠠᠷ ᠲᠤ᠂ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠡᠯ᠎ᠡ ᠱᠠᠳᠤᠨ ᠤ ᠳᠤᠭᠳᠠᠭᠰᠠᠨ ᠡᠮᠨᠡᠯᠭᠡ ᠶᠢᠨ ᠬᠤᠷᠢᠶᠠᠨ ᠳᠤ ᠰᠠᠭᠤᠵᠤ ᠡᠪᠡᠳᠴᠢᠨ ᠦᠵᠡᠬᠦᠯᠪᠡᠯ ᠳᠠᠩᠰᠠᠨ ᠠᠴᠠ ᠳᠠᠶᠢᠯᠬᠤ ᠡᠬᠢᠨ ᠤ ᠱᠤᠭᠤᠮ ᠢ 50% ᠢᠶᠠᠷ ᠳᠤᠷᠤᠭᠰᠢᠯᠡᠭᠤᠯᠵᠤ᠂ ᠳᠠᠩᠰᠠᠨ ᠠᠴᠠ ᠳᠠᠶᠢᠯᠬᠤ ᠬᠠᠷᠢᠴᠠᠯ ᠢ ᠵᠠᠭᠤᠨ ᠤ ᠬᠠᠷᠢᠴᠠᠯ ᠢᠶᠠᠷ 5 ᠬᠤᠪᠢ ᠳᠡᠭᠡᠭᠰᠢᠯᠡᠬᠦᠯᠦᠨ᠎ᠡ︔ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠳᠤᠰ ᠵᠢᠯ ᠳᠤ ᠠᠳᠠᠯᠢ ᠱᠠᠳᠤᠨ ᠤ ᠡᠮᠨᠡᠯᠭᠡ ᠶᠢᠨ ᠬᠤᠷᠢᠶᠠᠨ ᠳᠤ ᠳᠠᠬᠢᠨᠳᠠ ᠰᠠᠭᠤᠵᠤ ᠡᠪᠡᠳᠴᠢᠨ ᠦᠵᠡᠬᠦᠯᠪᠡᠯ ᠳᠠᠩᠰᠠᠨ ᠠᠴᠠ ᠳᠠᠶᠢᠯᠬᠤ ᠡᠬᠢᠨ ᠤ ᠱᠤᠭᠤᠮ ᠦᠭᠡᠶᠢᠰᠭᠡᠨ᠎ᠠ᠃ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠬᠦᠮᠦᠰ᠂ ᠠᠪᠤᠷᠠᠨ ᠳᠤᠰᠠᠯᠠᠬᠤ ᠭᠡᠪᠴᠢᠶᠠᠨ ᠳᠤ ᠤᠷᠤᠭᠰᠠᠨ ᠳᠠᠩᠰᠠ ᠡᠪᠭᠡᠮᠡᠯ ᠺᠠᠷᠲ ᠲᠠᠢ ᠤᠨᠴᠠ ᠬᠦᠴᠢᠷᠳᠡᠯ ᠲᠠᠢ ᠬᠦᠮᠦᠰ ᠳᠤᠭᠳᠠᠭᠰᠠᠨ ᠡᠮᠨᠡᠯᠭᠡ ᠶᠢᠨ ᠬᠤᠷᠢᠶᠠᠨ ᠳᠤ ᠰᠠᠭᠤᠵᠤ ᠡᠪᠡᠳᠴᠢᠨ ᠦᠵᠡᠬᠦᠯᠪᠡᠯ ᠮᠠᠯᠵᠢᠬᠤ ᠳᠠᠷᠢᠶᠠᠯᠠᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠭᠠᠳᠬᠠᠯ᠂ ᠶᠡᠭᠡ ᠡᠪᠡᠳᠴᠢᠨ ᠤ ᠳᠠᠭᠠᠳᠬᠠᠯ᠂ ᠡᠮᠨᠡᠯᠭᠡ ᠶᠢᠨ ᠬᠤᠳᠠᠯᠳᠤᠭᠠᠨ ᠤ ᠳᠠᠭᠠᠳᠬᠠᠯ ᠢᠶᠠᠷ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠳᠠᠶᠢᠯᠵᠤ᠂ ᠦᠯᠡᠳᠡᠭᠰᠡᠨ ᠬᠤᠪᠢ ᠬᠦᠮᠦᠨ ᠤ ᠬᠠᠷᠢᠭᠤᠴᠠᠬᠤ ᠭᠡᠰᠡᠭ ᠤᠨ 70% ᠶᠢ ᠡᠮᠨᠡᠯᠭᠡ ᠶᠢᠨ ᠠᠪᠤᠷᠠᠨ ᠳᠤᠰᠠᠯᠠᠯᠳᠠ ᠪᠠᠷ ᠰᠢᠢᠳᠪᠤᠷᠢᠯᠡᠨ᠎ᠡ᠃ ᠭᠤᠷᠪᠠ ᠳᠤ᠂ ᠬᠦᠨᠳᠤ ᠤᠨᠴᠠ ᠶᠡᠭᠡ ᠡᠪᠡᠳᠴᠢᠳᠠᠨ ᠤ ᠡᠮᠨᠡᠯᠭᠡ ᠶᠢᠨ ᠠᠪᠤᠷᠠᠨ ᠳᠤᠰᠠᠯᠠᠯᠳᠠ ᠶᠢᠨ ᠭᠡᠮᠵᠢᠶ᠎ᠡ ᠶᠢ ᠤᠯᠠᠮ ᠳᠡᠭᠡᠭᠰᠢᠯᠡᠬᠦᠯᠦᠨ᠎ᠠ᠃ 2016 ᠤᠨ ᠠᠴᠠ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠤᠨ ᠶᠡᠭᠡ ᠡᠪᠡᠳᠴᠢᠨ ᠤ ᠳᠠᠭᠠᠳᠬᠠᠯ ᠤᠨ ᠳᠠᠩᠰᠠᠨ ᠠᠴᠠ ᠳᠠᠶᠢᠯᠬᠤ ᠡᠬᠢᠨ ᠤ ᠱᠤᠭᠤᠮ ᠢ 50% ᠪᠠᠷ ᠳᠤᠷᠤᠭᠰᠢᠯᠠᠭᠤᠯᠵᠤ᠂ ᠬᠤᠭᠤᠴᠠᠭ᠎ᠠ ᠪᠦᠷᠢ ᠶᠢᠨ ᠳᠠᠩᠰᠠᠨ ᠠᠴᠠ ᠳᠠᠶᠢᠯᠬᠤ ᠬᠠᠷᠢᠴᠠᠯ ᠢ 5 % ᠪᠠᠷ ᠳᠡᠭᠡᠭᠰᠢᠯᠡᠬᠦᠯᠦᠨ᠎ᠠ᠃ 2016 ᠤᠨ ᠠᠴᠠ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠨᠢ ᠶᠠᠳᠠᠭᠤ ᠢ ᠳᠡᠳᠬᠦᠬᠦ ᠪᠡᠯᠡ ᠮᠦᠩᠭᠦ ᠪᠠᠷ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠢ ᠶᠡᠭᠡ ᠡᠪᠡᠳᠴᠢᠨ ᠤ ᠡᠮᠨᠡᠯᠭᠡ ᠶᠢᠨ ᠬᠤᠳᠠᠯᠳᠤᠭᠠᠨ ᠤ ᠳᠠᠭᠠᠳᠬᠠᠯ ᠳᠤ ᠤᠷᠤᠭᠤᠯᠬᠤ ᠶᠢ ᠳᠤᠷᠰᠢᠨ ᠬᠢᠵᠤ᠂ 2017 ᠤᠨ ᠳᠤ ᠳᠤᠷᠰᠢᠯᠲᠠ ᠶᠢᠨ ᠪᠤᠳᠠᠳᠤ ᠪᠠᠶᠢᠳᠠᠯ ᠢᠶᠠᠨ ᠦᠨᠳᠦᠰᠦᠯᠡᠨ ᠠᠯᠬᠤᠮ ᠠᠯᠬᠤᠮ ᠢᠶᠠᠷ ᠳᠦᠯᠬᠢᠨ ᠠᠬᠢᠭᠤᠯᠤᠨ᠎ᠠ᠃ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠤᠨ ᠳᠤᠰ ᠵᠢᠯ ᠳᠤ ᠬᠦᠨᠳᠤ ᠤᠨᠴᠠ ᠶᠡᠭᠡ ᠡᠪᠡᠳᠴᠢᠨ ᠳᠤ ᠨᠡᠷᠪᠡᠭᠳᠡᠵᠤ ᠡᠮᠨᠡᠬᠦᠯᠦᠭᠰᠡᠨ ᠵᠠᠷᠤᠳᠠᠯ ᠢ ᠮᠠᠯᠵᠢᠬᠤ ᠳᠠᠷᠢᠶᠠᠯᠠᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠭᠠᠳᠬᠠᠯ᠂ ᠶᠡᠭᠡ ᠡᠪᠡᠳᠴᠢᠨ ᠤ ᠳᠠᠭᠠᠳᠬᠠᠯ᠂ ᠡᠮᠨᠡᠯᠭᠡ ᠶᠢᠨ ᠬᠤᠳᠠᠯᠳᠤᠭᠠᠨ ᠤ ᠳᠠᠭᠠᠳᠬᠠᠯ ᠢᠶᠠᠷ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠳᠠᠶᠢᠯᠤᠭᠰᠠᠨ ᠤ ᠳᠠᠷᠠᠭ᠎ᠠ ᠮᠦᠨ ᠬᠦᠴᠢᠷᠳᠡᠯ ᠲᠠᠢ ᠪᠠᠶᠢᠪᠠᠯ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠡᠮᠨᠡᠯᠭᠡ ᠶᠢᠨ ᠠᠪᠤᠷᠠᠨ ᠳᠤᠰᠠᠯᠠᠯᠳᠠ ᠬᠢᠬᠦ ᠭᠡᠷᠡᠭᠳᠡᠢ᠃ ᠳᠦᠷᠪᠡ ᠳᠤ᠂ ᠪᠤᠶᠠᠨ ᠤ ᠦᠢᠯᠡᠰ ᠤᠨ ᠡᠮᠨᠡᠯᠭᠡ ᠶᠢᠨ ᠠᠪᠤᠷᠠᠨ ᠳᠤᠰᠠᠯᠠᠯᠳᠠ ᠪᠠ ᠨᠡᠶᠢᠭᠡᠮ ᠤᠨ ᠬᠠᠪᠰᠤᠷᠤᠨ ᠳᠡᠮᠵᠢᠬᠦ ᠬᠦᠴᠤᠨ ᠢ ᠴᠢᠩᠭᠠᠳᠬᠠᠨ᠎ᠠ᠃ ᠭᠤᠷᠪᠠ᠂ ᠭᠡᠷ ᠪᠦᠯᠢ ᠶᠢᠨ ᠦᠨᠳᠦᠰᠤᠨ ᠠᠮᠢᠳᠤᠷᠠᠯ ᠨᠢ ᠳᠦᠷ ᠴᠠᠭ ᠤᠨ ᠬᠦᠴᠢᠷᠳᠡᠯ ᠳᠤ ᠳᠤᠯᠭᠠᠷᠠᠭᠰᠠᠨ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠤᠨ ᠦᠨᠳᠦᠰᠤᠨ ᠠᠮᠢᠳᠤᠷᠠᠯ ᠢ ᠪᠠᠳᠤᠯᠠᠬᠤ ᠶᠢ ᠰᠠᠶᠢᠳᠤᠷ ᠬᠢᠬᠦ ᠭᠡᠷᠡᠭᠳᠡᠢ ᠨᠢᠭᠡ ᠳᠤ᠂ ᠳᠦᠷ ᠴᠠᠭ ᠤᠨ ᠠᠪᠤᠷᠠᠨ ᠳᠤᠰᠠᠯᠠᠬᠤ ᠭᠡᠪᠴᠢᠶ᠎ᠠ ᠪᠠᠨ ᠦᠷᠭᠡᠳᠭᠡᠨ᠎ᠡ᠃ ᠦᠪᠡᠷᠳᠡᠭᠡᠨ ᠵᠠᠰᠠᠬᠤ ᠤᠷᠤᠨ ᠠᠴᠠ ᠪᠠᠶᠢᠭᠠᠯᠢ ᠶᠢᠨ ᠭᠠᠮᠰᠢᠭ᠂ ᠭᠡᠨᠡᠳᠲᠡ ᠶᠢᠨ ᠠᠳᠡᠯ᠂ ᠭᠡᠷ ᠪᠦᠯᠢ ᠶᠢᠨ ᠪᠦᠷᠢᠯᠳᠦᠬᠦᠨ ᠨᠢ ᠬᠦᠨᠳᠤ ᠡᠪᠡᠳᠴᠢᠨ ᠳᠤ ᠨᠡᠷᠪᠡᠭᠳᠡᠭᠰᠡᠨ ᠵᠡᠷᠭᠡ ᠰᠢᠯᠳᠠᠭᠠᠨ ᠠᠴᠠ ᠪᠤᠯᠵᠤ ᠦᠨᠳᠦᠰᠤᠨ ᠠᠮᠢᠳᠤᠷᠠᠯ ᠨᠢ ᠳᠦᠷ ᠴᠠᠭ ᠤᠨ ᠬᠦᠴᠢᠷᠳᠡᠯ ᠳᠤ ᠳᠤᠯᠭᠠᠷᠠᠭᠰᠠᠨ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠢ ᠭᠠᠴᠢᠭᠳᠠᠯ ᠠᠴᠠ ᠠᠪᠤᠷᠠᠨ ᠳᠤᠰᠠᠯᠠᠬᠤ ᠬᠦᠷᠢᠶ᠎ᠠ ᠭᠡᠪᠴᠢᠶᠠᠨ ᠳᠤ ᠤᠷᠤᠭᠤᠯᠵᠤ ᠳᠦᠷ ᠴᠠᠭ ᠤᠨ ᠠᠪᠤᠷᠠᠨ ᠳᠤᠰᠠᠯᠠᠯᠳᠠ ᠬᠢᠨ᠎ᠠ᠃ ᠬᠤᠶᠠᠷ ᠲᠤ᠂ ᠠᠪᠤᠷᠠᠨ ᠳᠤᠰᠠᠯᠠᠯᠳᠠ ᠶᠢᠨ ᠳᠤᠰᠬᠠᠢ ᠵᠠᠷᠤᠳᠠᠯ ᠤᠨ ᠳᠦᠷᠢᠮ ᠳᠤᠭᠳᠠᠭᠠᠨ᠎ᠠ᠃ ᠦᠪᠡᠷᠳᠡᠭᠡᠨ ᠵᠠᠰᠠᠬᠤ ᠤᠷᠤᠨ ᠠᠴᠠ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ᠂ ᠤᠨᠴᠠ ᠬᠦᠴᠢᠷᠳᠡᠯ ᠲᠠᠢ ᠬᠦᠮᠦᠰ᠂ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠤᠨ ᠭᠡᠷ ᠪᠦᠯᠢ ᠤᠨᠴᠠ ᠶᠡᠭᠡ ᠬᠦᠴᠢᠷᠳᠡᠯ ᠳᠤ ᠳᠤᠯᠭᠠᠷᠠᠨ ᠯᠤᠳᠤ ᠶᠡᠭᠡ ᠵᠠᠷᠤᠳᠠᠯ ᠵᠠᠷᠤᠭᠠᠳ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠳᠤᠰᠠᠯᠠᠯᠳᠠ᠂ ᠨᠡᠶᠢᠭᠡᠮ ᠤᠨ ᠬᠠᠪᠰᠤᠷᠤᠯᠭ᠎ᠠ ᠳᠡᠮᠵᠢᠯᠭᠡ ᠶᠢ ᠤᠯᠤᠭᠰᠠᠨ ᠤ ᠳᠠᠷᠠᠭ᠎ᠠ ᠮᠦᠨ ᠬᠦᠴᠢᠷᠳᠡᠯ ᠲᠠᠢ ᠪᠠᠶᠢᠪᠠᠯ ᠠᠪᠤᠷᠠᠨ ᠳᠤᠰᠠᠯᠠᠬᠤ ᠪᠠᠷᠢᠮᠵᠢᠶ᠎ᠠ ᠶᠢ ᠨᠢ ᠳᠡᠭᠡᠭᠰᠢᠯᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ᠂ ᠤᠨᠴᠠ ᠬᠦᠴᠢᠷᠳᠡᠯ ᠲᠠᠢ ᠬᠦᠮᠦᠰ ᠤᠨ ᠶᠡᠭᠡ ᠬᠦᠴᠢᠷᠳᠡᠯ ᠳᠤ ᠵᠠᠷᠤᠴᠠᠭᠤᠯᠤᠭᠰᠠᠨ ᠯᠤᠳᠤ ᠶᠡᠭᠡ ᠵᠠᠷᠤᠳᠠᠯ ᠠᠴᠠ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠳᠤᠰᠠᠯᠠᠯᠳᠠ᠂ ᠨᠡᠶᠢᠭᠡᠮ ᠤᠨ ᠬᠠᠪᠰᠤᠷᠤᠯᠭ᠎ᠠ ᠳᠡᠮᠵᠢᠯᠭᠡ ᠶᠢᠨ ᠵᠤᠭᠤᠰ ᠢ ᠬᠠᠰᠤᠭᠰᠠᠨ ᠤ ᠳᠠᠷᠠᠭ᠎ᠠ ᠬᠤᠪᠢ ᠬᠦᠮᠦᠨ ᠤ ᠬᠠᠷᠢᠭᠤᠴᠠᠬᠤ ᠭᠡᠰᠡᠭ ᠨᠢ ᠪᠦᠬᠦ ᠤᠷᠤᠨ ᠤ ᠮᠠᠯᠴᠢᠨ ᠳᠠᠷᠢᠶᠠᠴᠢᠨ ᠤ ᠳᠡᠭᠡᠷ᠎ᠡ ᠵᠢᠯ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢᠨ 2 ᠳᠠᠬᠢᠨ ᠪᠠᠶᠢᠵᠤ︔ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ︵ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ ᠪᠡ ᠤᠨᠴᠠ ᠬᠦᠴᠢᠷᠳᠡᠯ ᠲᠠᠢ ᠬᠦᠮᠦᠰ ᠢ ᠪᠠᠭᠳᠠᠭᠠᠬᠤ ᠦᠭᠡᠢ︶ ᠬᠦᠮᠦᠰ ᠤᠨ ᠶᠡᠭᠡ ᠬᠦᠴᠢᠷᠳᠡᠯ ᠳᠤ ᠵᠠᠷᠤᠴᠠᠭᠤᠯᠤᠭᠰᠠᠨ ᠯᠤᠳᠤ ᠶᠡᠭᠡ ᠵᠠᠷᠤᠳᠠᠯ ᠠᠴᠠ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠳᠤᠰᠠᠯᠠᠯᠳᠠ᠂ ᠨᠡᠶᠢᠭᠡᠮ ᠤᠨ ᠬᠠᠪᠰᠤᠷᠤᠯᠭ᠎ᠠ ᠳᠡᠮᠵᠢᠯᠭᠡ ᠶᠢᠨ ᠵᠤᠭᠤᠰ ᠢ ᠬᠠᠰᠤᠭᠰᠠᠨ ᠤ ᠳᠠᠷᠠᠭ᠎ᠠ ᠬᠤᠪᠢ ᠬᠦᠮᠦᠨ ᠤ ᠬᠠᠷᠢᠭᠤᠴᠠᠬᠤ ᠭᠡᠰᠡᠭ ᠨᠢ ᠪᠦᠬᠦ ᠤᠷᠤᠨ ᠤ ᠮᠠᠯᠴᠢᠨ ᠳᠠᠷᠢᠶᠠᠴᠢᠨ ᠤ ᠳᠡᠭᠡᠷ᠎ᠡ ᠵᠢᠯ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢᠨ 3 ᠳᠠᠬᠢᠨ ᠪᠠᠶᠢᠬᠤ ᠮᠦᠷᠳᠡᠭᠡᠨ ᠭᠡᠷ ᠪᠦᠯᠢ ᠶᠢᠨ ᠡᠳ᠋ ᠬᠦᠷᠦᠩᠭᠡ ︵ᠵᠤᠭᠤᠰᠤᠨ ᠡᠳ᠋ ᠬᠦᠷᠦᠩᠭᠡ ᠬᠢᠬᠡᠳ ᠦᠨᠳᠤᠰᠤᠨ ᠤᠷᠤᠨ ᠰᠠᠭᠤᠴᠠ ᠪᠡ ᠦᠨᠳᠦᠰᠤᠨ ᠠᠮᠢᠳᠤᠷᠠᠯ ᠤᠨ ᠭᠡᠷᠡᠭᠰᠡᠯ ᠠᠴᠠ ᠭᠠᠳᠠᠨᠠᠬᠢ ᠪᠤᠳᠠᠳᠤ ᠡᠳ᠋ ᠬᠦᠷᠦᠩᠭᠡ︶ ᠨᠢ ᠯᠤᠳᠤ ᠶᠡᠭᠡ ᠵᠠᠷᠤᠳᠠᠯ ᠢ ᠳᠦᠯᠦᠵᠤ ᠳᠡᠶᠢᠯᠬᠦ ᠦᠭᠡᠢ ᠪᠤᠯ ᠤᠨᠴᠠᠭᠠᠢ ᠳᠤᠰᠠᠯᠠᠮᠵᠢ ᠦᠵᠡᠬᠦᠯᠤᠨ᠎ᠡ᠃ ᠪᠤᠳᠠᠳᠠᠢ ᠠᠪᠤᠷᠠᠨ ᠳᠤᠰᠠᠯᠠᠬᠤ ᠵᠤᠭᠤᠰ ᠮᠦᠩᠬᠦᠨ ᠤ ᠳᠤᠭ᠎ᠠ ᠭᠡᠮᠵᠢᠶ᠎ᠡ ᠶᠢ ᠤᠷᠤᠨ ᠨᠤᠳᠤᠭ ᠤᠨ ᠬᠢᠨ ᠤ ᠴᠤᠭᠯᠠᠭᠤᠯᠤᠭᠰᠠᠨ ᠪᠡᠯᠡ ᠮᠦᠩᠬᠦᠨ ᠤ ᠪᠠᠶᠢᠳᠠᠯ ᠢᠶᠠᠨ ᠦᠨᠳᠦᠰᠦᠯᠡᠨ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠵᠦᠪᠰᠢᠶᠡᠷᠡᠬᠦᠯᠦᠨ᠎ᠡ᠂ ᠬᠤᠰᠢᠭᠤ ᠰᠢᠶᠠᠨ ︵ᠬᠤᠳᠠ ᠳᠤᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠢᠨ ᠭᠤᠶᠤᠴᠢᠯᠠᠭᠰᠠᠳ ᠤᠨ ᠭᠡᠷ ᠪᠦᠯᠢ ᠶᠢᠨ ᠤᠷᠤᠯᠭ᠎ᠠ ᠪᠤᠯᠤᠨ ᠡᠳ᠋ ᠬᠦᠷᠦᠩᠭᠡ ᠶᠢᠨ ᠪᠠᠶᠢᠳᠠᠯ ᠢᠶᠠᠨ ᠪᠠᠶᠢᠴᠠᠭᠠᠨ᠂ ᠬᠢᠨᠠᠨ ᠬᠠᠷᠭᠤᠭᠤᠯᠵᠤ᠂ ᠣᠯᠠᠨ ᠳᠤ ᠨᠡᠶᠢᠳᠡᠯᠡᠬᠦ ᠵᠠᠷᠴᠢᠮ ᠶᠤᠰᠤᠭᠠᠷ ᠰᠤᠳᠤᠯᠤᠨ ᠶᠠᠷᠢᠯᠴᠠᠵᠤ ᠳᠤᠭᠳᠠᠭᠠᠨ᠎ᠠ᠃ ᠳᠦᠷᠪᠡ᠂ ᠨᠡᠶᠢᠭᠡᠮ ᠤᠨ ᠠᠪᠤᠷᠠᠨ ᠳᠤᠰᠠᠯᠠᠯᠳᠠ ᠬᠢᠭᠡᠳ ᠯᠠᠪᠳᠠᠭᠤᠨ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠠᠪᠴᠠᠯᠳᠤᠭᠤᠯᠬᠤ ᠭᠡᠷᠡᠭᠳᠡᠢ ᠦᠪᠡᠷᠳᠡᠭᠡᠨ ᠵᠠᠰᠠᠬᠤ ᠤᠷᠤᠨ ᠠᠴᠠ ᠡᠯ᠎ᠡ ᠭᠠᠵᠠᠷ ᠤᠨ ᠬᠢᠨ ᠢ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠢ ᠯᠠᠪᠳᠠᠭᠤᠨ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ ᠢ ᠠᠭᠠᠵᠢᠮ ᠢᠶᠠᠷ ᠪᠠᠳᠤᠯᠠᠪᠤᠷᠢ ᠠᠴᠠ ᠭᠠᠷᠭᠠᠬᠤ ᠳᠤᠭᠳᠠᠴᠠ ᠳᠤᠭᠳᠠᠭᠠᠬᠤ ᠶᠢ ᠱᠠᠭᠠᠷᠳᠠᠵᠠᠢ᠃ ᠳᠠᠩᠰᠠ ᠡᠪᠭᠡᠮᠡᠯ ᠺᠠᠷᠲ ᠲᠠᠢ ᠶᠠᠳᠠᠭᠤ ᠬᠦᠴᠢᠷᠳᠡᠯ ᠲᠠᠢ ᠬᠦᠮᠦᠰ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠨᠢᠭᠡᠨᠳᠡ ᠶᠠᠳᠠᠭᠤ ᠠᠴᠠ ᠠᠩᠬᠢᠵᠢᠷᠠᠭᠰᠠᠨ ᠪᠤᠯ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠨᠢ ᠭᠠᠴᠠᠭ᠎ᠠ ᠳᠤᠰᠬᠤᠨ ᠤ ᠡᠬᠦᠷ ᠵᠦᠪᠯᠡᠯ ᠤᠨ ᠠᠷᠠᠳᠴᠢᠯᠠᠯ ᠤᠨ ᠦᠨᠡᠯᠡᠯᠳᠡ ᠶᠢ ᠦᠨᠳᠦᠰᠦᠯᠡᠨ ᠶᠠᠳᠠᠭᠤ ᠬᠦᠴᠢᠷᠳᠡᠯ ᠲᠠᠢ ᠬᠦᠮᠦᠰ ᠤᠨ ᠳᠤᠭᠠᠨ ᠠᠴᠠ ᠭᠠᠷᠭᠠᠵᠤ ᠪᠤᠯᠤᠨ᠎ᠠ᠃ ᠭᠡᠬᠦ ᠳᠤ ᠪᠠᠨ ᠭᠠᠴᠠᠭ᠎ᠠ ᠳᠤᠰᠬᠤᠨ ᠤ ᠡᠬᠦᠷ ᠵᠦᠪᠯᠡᠯ ᠪᠤᠯᠤᠨ ᠭᠠᠴᠠᠭ᠎ᠠ ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠᠷ ᠬᠢᠨᠠᠨ ᠬᠠᠷᠭᠤᠭᠤᠯᠵᠤ᠂ ᠶᠠᠳᠠᠭᠤ ᠬᠦᠴᠢᠷᠳᠡᠯ ᠲᠠᠢ ᠡᠷᠦᠭᠡ ᠶᠢᠨ ᠰᠠᠨᠠᠯ ᠢ ᠬᠤᠷᠢᠶᠠᠨ᠂ ᠣᠯᠠᠨ ᠳᠤ ᠵᠠᠷᠯᠠᠵᠤ ᠮᠡᠳᠡᠭᠦᠯᠤᠭᠡᠳ ᠰᠠᠨᠠᠯ ᠦᠭᠡᠢ ᠪᠤᠯ ᠡᠮᠬᠢ ᠳᠠᠷᠠᠭᠠᠯᠠᠯ ᠲᠠᠢ ᠪᠠᠷ ᠶᠠᠳᠠᠭᠤ ᠬᠦᠴᠢᠷᠳᠡᠯ ᠲᠠᠢ ᠬᠦᠮᠦᠰ ᠤᠨ ᠳᠠᠩᠰᠠ ᠡᠪᠭᠡᠮᠡᠯ ᠺᠠᠷᠲ ᠠᠴᠠ ᠭᠠᠷᠭᠠᠬᠤ ᠭᠡᠷᠡᠭᠳᠡᠢ᠃ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠳᠠᠮᠵᠢᠨ ᠶᠠᠳᠠᠭᠤ ᠠᠴᠠ ᠠᠩᠬᠢᠵᠢᠷᠠᠭᠰᠠᠨ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ ᠪᠠ ᠤᠨᠴᠠ ᠬᠦᠴᠢᠷᠳᠡᠯ ᠲᠠᠢ ᠬᠦᠮᠦᠰ ᠲᠤ ᠰᠢᠯᠵᠢᠯᠳᠠ ᠶᠢᠨ ᠬᠤᠭᠤᠴᠠᠭᠠᠨ ᠤ ᠪᠠᠳᠤᠯᠠᠪᠤᠷᠢ ᠬᠠᠩᠭᠠᠨ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠯᠤᠨ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠨᠢ ᠶᠠᠳᠠᠭᠤ ᠠᠴᠠ ᠠᠩᠬᠢᠵᠢᠷᠠᠭᠰᠠᠨ ᠮᠠᠯᠵᠢᠬᠤ ᠳᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠭᠰᠡᠳ ᠤᠨ ᠪᠤᠳᠠᠳᠤ ᠪᠠᠶᠢᠳᠠᠯ ᠢ ᠨᠢ ᠦᠨᠳᠦᠰᠤᠯᠠᠵᠤ ᠪᠠᠶᠢᠭᠠᠳ ᠦᠷᠬᠦᠯᠵᠢᠯᠡᠨ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠪᠤᠷᠢ ᠪᠠ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢᠨ ᠬᠠᠷᠠᠭᠠᠯᠵᠠᠯ ᠦᠵᠡᠬᠦᠯᠵᠤ᠂ ᠳᠤᠰᠠᠯᠠᠵᠤ ᠳᠡᠮᠵᠢᠬᠦ ᠪᠠᠨ ᠠᠭᠠᠵᠢᠮ ᠢᠶᠠᠷ ᠵᠤᠭᠰᠤᠭᠠᠨ᠂ ᠯᠠᠪᠳᠠᠭᠤᠨ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠬᠤ ᠭᠡᠷᠡᠭᠳᠡᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号