ᠡᠯᠡᠰᠦᠨ ᠴᠥᠯ ᠤᠨ ᠬᠡᠭᠡᠷᠡᠯᠡᠬᠦ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2021/11/12
          ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠡᠯᠡᠰᠦ ᠮᠠᠩᠬᠠᠨ ᠳᠤ ᠬᠡᠭᠡᠷᠡᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ ᠪᠦᠬᠦᠲᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠦᠬᠦᠲᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠬᠦᠲᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂  ᠤᠨᠴᠠᠭᠠᠶᠢᠯᠠᠨ ᠵᠠᠷᠯᠠᠬᠤ ᠨᠢ᠄        ᠨᠢᠭᠡ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠶᠤ ᠡᠯᠡᠰᠦᠷᠬᠡᠭ ᠭᠠᠵᠠᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳᠦᠶ ᠪᠠᠷ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠡᠯᠡᠰᠦᠷᠬᠡᠭ ᠭᠠᠵᠠᠷ ᠳᠡᠭᠡᠷ᠎ᠡ ᠡᠯᠡᠰᠦ ᠮᠠᠩᠬ᠎ᠠ ᠶᠢ ᠳᠤᠭᠤᠯᠤᠨ ᠬᠡᠭᠡᠷᠡᠯᠡᠬᠦ᠂ ᠬᠡᠭᠡᠷ᠎ᠡ ᠪᠠᠭᠤᠳᠠᠯᠯᠠᠬᠤ᠂ ᠶᠠᠪᠠᠭᠠᠨ ᠢᠶᠠᠷ ᠪᠠᠷᠲᠠᠭ᠎ᠠ ᠬᠠᠶᠢᠬᠤ ᠵᠡᠷᠭᠡ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃ ᠣᠩᠨᠢᠭᠤᠳ ᠬᠤᠰᠢᠭᠤᠨ ᠳᠤ ᠡᠯᠡᠰᠦ ᠳᠤᠭᠤᠯᠤᠨ ᠬᠡᠭᠡᠷᠡᠯᠡᠭᠴᠢᠳ ᠡᠷᠬᠡᠪᠰᠢ ᠬᠠᠰ ᠯᠣᠣ ᠡᠯᠡᠰᠦᠨ ᠨᠠᠭᠤᠷ ᠤᠨ ᠦᠵᠡᠮᠵᠢ ᠶᠢᠨ ᠣᠷᠣᠨ ᠳᠤ ᠬᠦᠷᠴᠦ᠂ ᠪᠠᠷᠢᠮᠵᠢᠶᠠᠲᠤ ᠤᠷᠤᠯᠳᠤᠭᠠᠨ ᠤ ᠵᠠᠮ ᠪᠠ ᠮᠠᠰᠢᠨ ᠲᠡᠷᠭᠡ ᠪᠠᠷ ᠬᠡᠭᠡᠷᠡᠯᠡᠬᠦ  ᠬᠡᠷᠡᠭᠲᠡᠶ᠃ ᠥᠪᠡᠷ ᠤᠨ ᠲᠡᠷᠭᠡ ᠪᠠᠷ ᠢᠶᠠᠨ ᠬᠡᠬᠡᠷᠡᠯᠡᠬᠦ ᠬᠥᠮᠦᠰ ᠡᠷᠬᠡᠪᠰᠢ ᠬᠠᠰ ᠯᠤᠤ ᠡᠯᠡᠰᠦᠨ ᠨᠠᠭᠤᠷ ᠤᠨ ᠦᠵᠡᠮᠵᠢ ᠶᠢᠨ ᠣᠷᠣᠨ ᠳᠤ ᠨᠡᠭᠡᠭᠡᠭᠰᠡᠨ ᠬᠤᠪᠢ ᠬᠥᠮᠦᠨ ᠤ ᠪᠡᠶᠡᠴᠢᠯᠡᠨ ᠣᠶᠢᠯᠠᠭᠠᠬᠤ ᠤᠷᠤᠯᠳᠤᠭᠠᠨ ᠤ ᠵᠠᠮ ᠳᠤ ᠬᠡᠬᠡᠷᠡᠯᠡᠬᠦ ᠬᠡᠷᠡᠭᠲᠡᠶ᠃        ᠬᠤᠶᠠᠷ᠂ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠬᠡᠭᠡᠷᠡᠯᠡᠬᠦ ᠲᠡᠷᠭᠡᠨ ᠵᠠᠮ ᠨᠡᠭᠡᠭᠡᠬᠦ ᠶᠢ ᠴᠢᠩᠭ᠎ᠠ ᠴᠠᠭᠠᠵᠠᠯᠠᠨ᠎ᠠ᠂ ᠵᠥᠪᠰᠢᠶᠡᠷᠡᠭᠦᠯᠦᠭᠡᠳᠦᠶ ᠪᠣᠯ ᠡᠵᠡᠩᠨᠡᠯᠲᠡ ᠶᠢᠨ ᠴᠢᠨᠠᠷᠲᠠᠶ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ ᠪᠣᠯᠬᠤ ᠦᠭᠡᠶ᠃ ᠡᠯᠡᠰᠦᠷᠬᠡᠭ ᠭᠠᠵᠠᠷ ᠳᠡᠭᠡᠷᠡᠬᠢ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠳᠤ ᠡᠪᠳᠡᠯᠡᠭᠡ ᠤᠴᠠᠷᠠᠭᠤᠯᠤᠭᠰᠠᠨ ᠪᠣᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠳᠠᠷᠦ᠋ᠢᠬᠠᠨ ᠵᠣᠭᠰᠣᠭᠠᠵᠤ᠂ ᠤᠤᠯ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠬᠦ ᠬᠡᠷᠡᠭᠲᠡᠶ᠃        ᠭᠤᠷᠪᠠ᠂ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠬᠠᠤᠯᠢ ᠪᠤᠰᠤ ᠪᠠᠷ ᠵᠣᠬᠢᠶᠠᠨ ᠪᠠᠶᠢᠭᠤᠯᠤᠨ ᠡᠯᠡᠰᠦ ᠳᠤᠭᠤᠯᠤᠨ ᠬᠡᠭᠡᠷᠡᠯᠡᠬᠦ ᠶᠢ ᠴᠢᠩᠭ᠎ᠠ ᠴᠠᠭᠠᠵᠠᠯᠠᠵᠤ᠂ ᠶᠠᠮᠠᠷᠪᠠ ᠨᠡᠷ᠎ᠡ ᠪᠠᠷ ᠰᠦᠢᠳᠬᠡᠯ ᠬᠤᠷᠢᠶᠠᠵᠤ ᠪᠣᠯᠬᠤ ᠥᠭᠡᠢ᠂ ᠣᠯᠵᠤ ᠮᠡᠳᠡᠪᠡᠯ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ  ᠰᠢᠢᠳᠪᠤᠷᠢᠯᠡᠨ᠎ᠠ᠃        ᠳᠥᠷᠪᠡ᠂ ᠵᠢᠯ ᠪᠦᠷᠢ ᠶᠢᠨ 9 ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 5 ᠰᠠᠷ᠎ᠠ ᠶᠢᠨ 15 ᠤ ᠡᠳᠦᠷ ᠪᠣᠯ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ  ᠲᠦᠢᠮᠡᠷ ᠢ ᠰᠡᠷᠭᠡᠶᠢᠯᠡᠨ ᠤᠨᠲᠠᠷᠠᠭᠠᠬᠤ ᠬᠤᠭᠤᠴᠠᠭ᠎ᠠ ᠪᠣᠯᠤᠨ᠎ᠠ᠃ ᠭᠠᠯ ᠰᠡᠷᠭᠡᠶᠢᠯᠡᠨ ᠤᠨᠲᠠᠷᠠᠭᠠᠬᠤ ᠬᠤᠭᠤᠴᠠᠭᠠᠨ ᠳᠤ᠂ ᠡᠯᠡᠰᠦ ᠳᠤᠭᠤᠯᠵᠤ  ᠭᠡᠭᠡᠷᠡᠯᠡᠨ ᠠᠶᠠᠯᠠᠬᠤ ᠬᠥᠮᠦᠰ ᠤᠨ ᠭᠠᠯ ᠤᠨ ᠲᠥᠷᠥᠯ᠂ ᠭᠠᠯ ᠤᠨ ᠢᠷᠡᠯᠲᠡ ᠵᠢᠴᠢ ᠪᠤᠰᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠮᠠᠷᠬᠠᠨ ᠡᠭᠦᠰᠭᠡᠬᠦ ᠪᠣᠳᠠᠰ ᠢ ᠠᠪᠴᠤ ᠭᠠᠯ ᠴᠠᠭᠠᠵᠠᠯᠠᠬᠤ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠡᠯᠡᠰᠦᠨ ᠴᠥᠯ ᠤᠨ ᠡᠷᠭᠢᠨ ᠲᠣᠭᠤᠷᠢᠨ ᠤ ᠬᠠᠳᠤᠯᠠᠩ ᠪᠡᠯᠴᠢᠭᠡᠷ ᠢ ᠬᠦᠷᠢᠶᠡᠯᠡᠬᠦ᠂ ᠲᠡᠷᠭᠡ ᠬᠥᠰᠬᠡ ᠶᠢᠨ ᠵᠠᠮ ᠤᠨ ᠰᠠᠭᠠᠳ᠂ ᠰᠠᠨᠠᠭᠤᠯᠤᠮᠵᠢ ᠶᠢᠨ ᠫᠠᠶᠢᠰᠠ ᠵᠡᠷᠭᠡ ᠬᠠᠮᠠᠭᠠᠯᠠᠯᠲᠠ ᠶᠢᠨ ᠪᠡᠯᠡᠳᠬᠡᠮᠵᠢ ᠶᠢ ᠡᠪᠳᠡᠬᠦ ᠶᠢ ᠴᠢᠩᠭ᠎ᠠ  ᠴᠠᠭᠠᠵᠠᠯᠠᠨ ᠰᠢᠢᠳᠪᠤᠷᠢᠯᠡᠨ᠎ᠠ᠃        ᠲᠠᠪᠤ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠭᠰᠡᠨ ᠠᠵᠤ ᠠᠬᠤᠶᠢᠯᠠᠯ ᠪᠠ ᠬᠤᠪᠢ ᠬᠥᠮᠦᠨ ᠠᠴᠠ ᠲᠤᠬᠠᠢ ᠶᠢᠨ ᠬᠥᠮᠦᠨ ᠤ ᠬᠠᠤᠯᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠡᠭᠦᠨ ᠤ ᠬᠠᠮᠲᠤ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠦᠨᠡᠨ ᠮᠥᠨ ᠢᠶᠠᠷ ᠨᠢ ᠲᠤᠰᠬᠠᠵᠤ᠂ ᠢᠳᠡᠪᠬᠢᠲᠡᠶ ᠪᠠᠷ ᠰᠦᠪᠡᠭᠴᠢ ᠬᠠᠩᠭᠠᠬᠤ ᠶᠢ  ᠬᠦᠰᠡᠵᠤ ᠪᠠᠶᠢᠨ᠎ᠠ᠂ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃       ᠵᠢᠷᠭᠤᠭ᠎ᠠ᠂ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠢᠯᠡᠴᠢᠯᠡᠨ ᠮᠡᠳᠡᠭᠦᠯᠬᠦ ᠤᠲᠠᠰᠤ᠄        ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0476 — 110        ᠣᠩᠨᠢᠭᠤᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0476 — 6323506            ᠪᠤᠷᠤᠬᠤᠲᠠ ᠪᠠᠯᠭᠠᠰᠤ 0476 — 6501029            ᠡᠤ ᠹᠧᠨ ᠳ᠋ᠢ ᠪᠠᠯᠭᠠᠰᠤ᠄ 0476 — 6684400            ᠬᠠᠶᠢᠯᠠᠰᠤ ᠪᠠᠯᠭᠠᠰᠤ᠄ 0476 —  6738003            ᠠᠰᠢᠬᠠᠨ ᠰᠤᠮᠤ᠄ 0476  —  6400003            ᠭᠡᠷᠰᠡᠩ ᠰᠤᠮᠤ᠄ 0476 —  6748555            ᠰᠢᠨᠡᠰᠦ᠋ᠮ᠎ᠠ ᠰᠤᠮᠤ᠄ 0476 —  6755004            ᠪᠠᠶᠠᠨᠲᠣᠬᠤᠢ ᠰᠤᠮᠤ᠄ 0476 —  6782003            ᠤᠳᠠᠨᠲᠣᠬᠤᠢ ᠪᠠᠯᠭᠠᠰᠤ᠄ 0476 —  6417306                           ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ                                2021 ᠣᠨ ᠤ 11 ᠰᠠᠷ᠎ᠠ ᠶᠢᠨ 5 ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号