ᠴᠢᠶᠣᠤ ᠳᠧᠦ ᠪᠠᠯᠭᠠᠰᠤᠨ ᠤ ᠰᠠᠶᠢᠨ ᠳᠤᠷ᠎ᠠ ᠶᠢᠨ ᠠᠪᠤᠷᠠᠨ ᠲᠤᠰᠠᠯᠠᠬᠤ ᠠᠩᠭᠢ ᠲᠦᠩᠯᠢᠶᠣᠤ ᠶᠢ ᠲᠤᠰᠠᠯᠠᠬᠤ ᠪᠠᠷ ᠮᠣᠷᠳᠠᠪᠠ
ᠨᠡᠶᠢᠲᠡᠯᠡᠭᠰᠡᠨ ᠴᠠᠭ᠄
2021/11/16
ᠴᠢᠶᠣᠤ ᠳᠧᠦ ᠪᠠᠯᠭᠠᠰᠤᠨ ᠤ ᠰᠠᠶᠢᠨ ᠳᠤᠷ᠎ᠠ ᠶᠢᠨ ᠠᠪᠤᠷᠠᠨ ᠲᠤᠰᠠᠯᠠᠬᠤ ᠠᠩᠭᠢ ᠲᠦᠩᠯᠢᠶᠣᠤ ᠶᠢ ᠲᠤᠰᠠᠯᠠᠬᠤ ᠪᠠᠷ ᠮᠣᠷᠳᠠᠪᠠ       11  ᠰᠠᠷ᠎ᠠ ᠶᠢᠨ 8 ᠤ ᠡᠳᠦᠷ᠂ ᠲᠦᠩᠯᠢᠶᠣᠤ ᠬᠤᠲᠠ ᠳᠤ ᠣᠨᠴᠠ ᠶᠡᠭᠡ ᠴᠠᠰᠤ ᠣᠷᠣᠵᠤ᠂ 46 ᠴᠠᠭ ᠦᠷᠭᠦᠯᠵᠢᠯᠡᠨ᠂ 1951 ᠣᠨ ᠤ ᠲᠡᠮᠳᠡᠭᠯᠡᠯ ᠢ ᠰᠢᠨᠡᠳᠬᠡᠪᠠ᠂ ᠶᠡᠭᠡ ᠴᠠᠰᠤ ᠨᠢ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ᠂ ᠲᠠᠷᠢᠶᠠᠯᠠᠩ ᠪᠠ ᠮᠠᠯ ᠠᠵᠤ ᠠᠬᠤᠶ ᠶᠢᠨ ᠦᠢᠯᠡᠳᠪᠤᠷᠢᠯᠡᠯ ᠳᠤ ᠯᠤᠲᠤ ᠶᠡᠭᠡ ᠨᠥᠯᠥᠭᠡ ᠦᠵᠡᠭᠦᠯᠪᠡ᠃  ᠴᠢᠶᠣᠤ ᠳᠧᠦ ᠪᠠᠯᠭᠠᠰᠤᠨ ᠤ ᠰᠠᠶᠢᠨ ᠳᠤᠷᠠᠴᠤᠳ ᠡᠨᠡ ᠴᠢᠮᠡᠭᠡ ᠶᠢ ᠰᠣᠨᠣᠰᠤᠭᠰᠠᠨ ᠤ ᠳᠠᠷᠠᠭ᠎ᠠ᠂ ᠠᠪᠤᠷᠠᠨ ᠲᠤᠰᠠᠯᠠᠬᠤ ᠠᠩᠭᠢ ᠪᠠᠶᠢᠭᠤᠯᠵᠤ᠂ ᠲᠦᠩᠯᠢᠶᠣᠤ ᠬᠤᠲᠠ ᠶᠢ ᠲᠤᠰᠠᠯᠠᠬᠤ ᠪᠠᠷ ᠪᠡᠯᠡᠳᠬᠡᠪᠡ᠃ 11 ᠰᠠᠷ᠎ᠠ ᠶᠢᠨ 12  ᠤ ᠡᠳᠦᠷ ᠤᠨ ᠦᠳᠡ ᠶᠢᠨ ᠬᠤᠶᠢᠨ᠎ᠠ᠂ ᠠᠪᠤᠷᠠᠨ ᠲᠤᠰᠠᠯᠠᠬᠤ ᠠᠩᠭᠢ ᠶᠢᠨ ᠬᠢᠨ 2  ᠲᠡᠭᠡᠭᠡᠪᠦᠷᠢ ᠶᠢᠨ ᠲᠡᠷᠭᠡ᠂ 4 ᠤᠳᠬᠤᠭᠤᠷ ᠲᠡᠷᠭᠡ᠂ 11  ᠨᠡᠷ᠎ᠠ ᠠᠵᠢᠯᠲᠠᠨ ᠢ ᠪᠠᠴᠢᠮ ᠰᠢᠯᠵᠢᠭᠦᠯᠵᠦ᠂ ᠲᠦᠩᠯᠢᠶᠣᠤ ᠶᠢ ᠲᠦᠷᠭᠡᠨ ᠲᠤᠰᠠᠯᠠᠨ ᠭᠠᠮᠰᠢᠭ ᠲᠠᠢ ᠬᠠᠮᠲᠤ ᠪᠠᠷ ᠲᠡᠮᠡᠴᠡᠪᠡ᠃       ᠲᠦᠩᠯᠢᠶᠣᠤ ᠬᠤᠲᠠ ᠳᠤ ᠬᠦᠷᠦᠭᠰᠡᠨ ᠤ ᠳᠠᠷᠠᠭ᠎ᠠ᠂ ᠲᠡᠳᠡ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠪᠠᠴᠢᠮ ᠪᠠᠶᠢᠳᠠᠯ ᠢ  ᠠᠷᠭᠠᠴᠠᠭᠠᠬᠤ ᠰᠠᠯᠠᠭ᠎ᠠ ᠮᠥᠴᠢᠷ ᠤᠨ ᠨᠢᠭᠡᠳᠦᠯᠲᠡᠶ ᠲᠣᠬᠢᠷᠠᠭᠤᠯᠤᠯᠲᠠ ᠳᠣᠣᠷ᠎ᠠ ᠠᠪᠤᠷᠠᠨ ᠲᠤᠰᠠᠯᠠᠬᠤ ᠠᠵᠢᠯ ᠳᠤ ᠤᠷᠤᠯᠴᠠᠪᠠ᠃ ᠡᠨᠡ ᠤᠳᠠᠭᠠᠨ ᠤ ᠠᠪᠤᠷᠠᠨ ᠲᠤᠰᠠᠯᠠᠬᠤ ᠠᠵᠢᠯᠯᠠᠭ᠎ᠠ ᠨᠢ ᠴᠢᠶᠣᠤ ᠳᠧᠦ ᠪᠠᠯᠭᠠᠰᠤᠨ ᠤ ᠰᠠᠶᠢᠨ ᠲᠤᠷᠠᠴᠤᠳ ᠤᠨ ᠡᠩᠨᠡᠭᠡ ᠶᠢᠨ ᠭᠠᠮᠰᠢᠭ ᠤᠨ ᠡᠮᠤᠨ᠎ᠠ ᠬᠠᠮᠳᠤ ᠪᠠᠷ ᠲᠡᠮᠡᠴᠡᠬᠦ ᠰᠠᠶᠢᠨ ᠰᠠᠶᠢᠬᠠᠨ ᠵᠤᠷᠢᠭ ᠰᠠᠨᠠᠭ᠎ᠠ ᠶᠢ ᠢᠯᠡᠷᠡᠭᠦᠯᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号