ᠮᠠᠭᠤ ᠱᠠᠩᠲᠠ ᠰᠢᠶᠠᠩ 3 — 12 ᠨᠠᠰᠤᠨ ᠤ ᠬᠡᠦᠬᠡᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2021/11/16
ᠮᠠᠭᠤ ᠱᠠᠩᠲᠠ ᠰᠢᠶᠠᠩ 3 — 12 ᠨᠠᠰᠤᠨ ᠤ ᠬᠡᠦᠬᠡᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠪᠡ     11 ᠰᠠᠷ᠎ᠠ ᠶᠢᠨ 14 ᠤ ᠡᠳᠤᠷ ᠤᠨ ᠦᠳᠡ ᠶᠢᠨ ᠡᠮᠦᠨ᠎ᠡ᠂ ᠮᠠᠭᠤ ᠱᠠᠩᠲᠠ ᠰᠢᠶᠠᠩ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠵᠤ᠂ 3 — 12 ᠨᠠᠰᠤᠨ ᠤ ᠬᠥᠮᠦᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ   ᠦᠷᠨᠢᠬᠦᠯᠪᠠ᠃     ᠪᠥᠬᠦ ᠰᠢᠶᠠᠩ ᠤᠨ 3 — 12 ᠨᠠᠰᠤᠨ ᠤ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ᠂ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠮᠠᠭᠤ ᠱᠠᠩᠲᠠ ᠰᠢᠶᠠᠩ ᠤᠨ ᠵᠠᠰᠠᠭ ᠤᠨ ᠣᠷᠳᠣᠨ᠂ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠤᠷᠭᠠᠭᠤᠯᠢ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ᠂  ᠠᠵᠢᠯᠳᠠᠳ ᠤᠨ ᠲᠣᠬᠢᠷᠠᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠨ᠂ ᠬᠢᠵᠢᠭ ᠡᠪᠡᠳᠴᠢᠨ ᠢ ᠰᠡᠷᠬᠡᠶᠢᠯᠡᠬᠦ ᠬᠠᠯᠬᠠᠪᠴᠢ ᠶᠢ ᠬᠠᠮᠲᠤ ᠪᠠᠷ ᠪᠠᠬᠢᠵᠢᠭᠦᠯᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号