ᠮᠠᠭᠤ ᠱᠠᠩᠲᠠ ᠰᠢᠶᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/11/2
          ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠳᠠᠪᠤᠷᠢ ᠶᠢ ᠤᠯᠠᠮ ᠴᠢᠨᠠᠭᠰᠢᠳᠠ ᠴᠢᠩᠭᠠᠳᠬᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠭᠤ ᠱᠠᠩᠲᠠ ᠰᠢᠶᠠᠩ ᠤᠨ ᠨᠠᠮ ᠤᠨ ᠬᠤᠷᠢᠶ᠎ᠠ ᠪᠥᠬᠦ ᠰᠢᠶᠠᠩ ᠤᠨ ᠡᠮᠴᠢᠯᠡᠭᠡᠨ ᠤ  ᠠᠵᠢᠯᠳᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠶᠢᠨ ᠠᠵᠢᠯ ᠤᠨ ᠴᠢᠳᠠᠪᠤᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 10 ᠰᠠᠷ᠎ᠠ ᠶᠢᠨ 31 ᠤ ᠡᠳᠦᠷ᠂ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠪᠥᠬᠦ ᠡᠮᠴᠢ ᠰᠤᠪᠢᠯᠠᠭᠴᠢ᠂ ᠡᠯ᠎ᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ  ᠠᠵᠢᠯᠳᠠᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ᠃           ᠲᠣᠰ ᠤᠳᠠᠭᠠᠨ ᠤ ᠪᠣᠯᠪᠠᠰᠤᠷᠠᠭᠤᠯᠤᠯ ᠢ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ  ᠠᠵᠢᠯᠳᠠᠳ ᠣᠳᠣᠬᠠᠨ ᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ᠂ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ᠂  ᠪᠤᠳᠠᠳᠤ ᠠᠵᠢᠯ ᠤᠨ ᠠᠭᠤᠯᠭ᠎ᠠ ᠵᠢᠴᠢ ᠠᠵᠢᠯᠯᠠᠬᠤ ᠠᠷᠭ᠎ᠠ᠂ ᠣᠨᠣᠰᠢᠯᠠᠨ ᠡᠮᠨᠡᠬᠦ ᠬᠡᠷᠡᠭᠰᠡᠯ᠂ ᠡᠮᠴᠢᠯᠡᠭᠡᠨ ᠤ ᠲᠥᠬᠦᠭᠡᠷᠦᠮᠵᠢ᠂ ᠣᠷᠴᠢᠨ ᠲᠣᠭᠤᠷᠢᠨ ᠤ ᠪᠣᠳᠠᠰ ᠤᠨ ᠬᠦᠰᠦᠨᠦᠭᠲᠦ ᠵᠢᠴᠢ ᠳᠠᠬᠢᠨ ᠬᠡᠷᠡᠭᠯᠡᠬᠦ ᠠᠷᠢᠭᠤᠨ ᠴᠡᠪᠡᠷ ᠤᠨ ᠬᠡᠷᠡᠭᠰᠡᠯ ᠤᠨ ᠠᠷᠢᠭᠤᠳᠬᠠᠬᠤ ᠠᠷᠭ᠎ᠠ ᠵᠡᠷᠭᠡ ᠲᠠᠯ᠎ᠠ ᠪᠠᠷ ᠣᠯᠠᠨ ᠳᠤ ᠵᠢᠱᠢᠶ᠎ᠡ ᠦᠵᠡᠭᠦᠯᠵᠦ ᠲᠠᠶᠢᠯᠪᠤᠷᠢᠯᠠᠪᠠ᠃           ᠪᠣᠯᠪᠠᠰᠤᠷᠠᠯ ᠳᠤ ᠡᠮᠴᠢᠯᠡᠬᠡᠨ ᠤ ᠪᠠᠶᠢᠭᠤᠯᠤᠮᠵᠢ ᠨᠢ ᠸᠠᠺᠼᠢᠨ ᠤ ᠲᠠᠷᠢᠯᠭ᠎ᠠ ᠬᠢᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠵᠢᠴᠢ ᠡᠳᠦᠷ ᠲᠤᠲᠤᠮ ᠤᠨ ᠣᠨᠣᠰᠢᠯᠠᠨ ᠡᠮᠨᠡᠬᠦ ᠵᠡᠷᠭᠡ ᠣᠯᠠᠨ ᠡᠭᠦᠷᠭᠡ ᠶᠢ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠡᠮᠴᠢ ᠰᠤᠪᠢᠯᠠᠭᠴᠢ ᠢᠳᠡᠪᠬᠢᠲᠡᠶ ᠣᠷᠣᠯᠴᠠᠵᠤ᠂ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠢ ᠰᠠᠨᠠᠭ᠎ᠠ ᠠᠮᠤᠷ ᠡᠮᠨᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃           ᠲᠣᠰ ᠤᠳᠠᠭ᠎ᠠ ᠶᠢᠨ ᠪᠣᠯᠪᠠᠰᠤᠷᠠᠯ ᠢᠶᠠᠷ ᠳᠡᠮᠵᠢᠨ᠂ ᠡᠮᠴᠢ ᠰᠤᠪᠢᠯᠠᠭᠴᠢᠳ ᠤᠨ ᠰᠢᠨ᠎ᠡ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠠᠵᠢᠯ ᠢ ᠠᠷᠭᠠᠴᠠᠭᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠵᠢᠴᠢ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ  ᠳᠤ ᠰᠠᠭᠤᠷᠢ ᠲᠠᠯᠪᠢᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号