ᠭᠡᠷᠰᠡᠩ ᠰᠤᠮᠤ ᠶᠢᠨ ᠶᠠᠳᠠᠭᠤ ᠠᠴᠠ ᠠᠩᠭᠢᠵᠢᠷᠠᠭᠤᠯᠤᠭᠰᠠᠨ ᠪᠣᠭᠤᠮᠲᠠ  ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2021/11/26
       ᠶᠠᠳᠠᠭᠤ ᠠᠴᠠ ᠠᠩᠭᠢᠵᠢᠷᠠᠭᠤᠯᠤᠭᠰᠠᠨ ᠪᠣᠭᠤᠮᠲᠠ  ᠰᠢᠪᠳᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂  ᠲᠠᠷᠠᠭᠠᠴᠢ ᠶᠢᠨ ᠠᠯᠬᠤᠮ ᠤᠨ ᠦᠨᠡᠯᠡᠨ ᠵᠢᠱᠢᠬᠦ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂  11 ᠰᠠᠷ᠎ᠠ ᠶᠢᠨ 18 ᠤ ᠡᠳᠦᠷ᠂ ᠭᠡᠷᠰᠡᠩ ᠰᠤᠮᠤ ᠶᠢᠨ ᠵᠠᠰᠠᠭ ᠤᠨ ᠤᠷᠳᠤᠨ ᠤ ᠤᠷᠢᠯᠭ᠎ᠠ ᠪᠠᠷ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠯᠧᠢ ᠨᠥᠬᠦᠷ  ᠭᠡᠷᠰᠡᠩ ᠰᠤᠮᠤᠨ ᠳᠤ  ᠲᠤᠬᠠᠶᠢᠯᠠᠭᠰᠠᠨ ᠠᠵᠢᠯ ᠤᠨ ᠪᠣᠯᠪᠠᠰᠤᠷᠠᠯ  ᠬᠢᠵᠤ᠂ ᠰᠤᠮᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠤᠶᠤᠨᠪᠢᠯᠢᠭ᠌ ᠬᠤᠷᠠᠯ ᠢ ᠡᠷᠭᠢᠯᠡᠪᠡ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠬᠠᠮᠢᠶ᠎ᠠ ᠪᠦᠬᠦᠢ ᠥᠷᠲᠡᠭᠡᠨ ᠤ ᠠᠯᠪᠠᠨ ᠭᠡᠷ ᠤᠨ  ᠠᠵᠢᠯᠳᠠᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠦᠬᠦ ᠪᠦᠷᠢᠯᠳᠦᠬᠦᠨ ᠲᠤᠰ  ᠤᠳᠠᠭᠠᠨ ᠤ ᠬᠤᠷᠠᠯ ᠳᠤ ᠣᠷᠣᠯᠴᠠᠪᠠ᠃        ᠪᠣᠯᠪᠠᠰᠤᠷᠠᠯ ᠤᠨ ᠬᠤᠷᠠᠯ ᠳᠡᠭᠡᠷ᠎ᠡ᠂ ᠵᠠᠩ ᠯᠸᠢ ᠨᠥᠬᠦᠷ ᠶᠠᠳᠠᠭᠤ ᠠᠴᠠ ᠠᠩᠭᠢᠵᠢᠷᠠᠭᠤᠯᠤᠭᠰᠠᠨ ᠪᠣᠭᠤᠮᠲᠠ ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠦᠷᠦ ᠶᠢᠨ ᠪᠤᠳᠤᠯᠭ᠎ᠠ ᠶᠢᠨ ᠮᠡᠳᠡᠯᠭᠡ ᠶᠢᠨ ᠭᠤᠣᠯᠳᠠᠯᠭ᠎ᠠ᠂ ᠤᠯᠤᠰ ᠤᠨ ᠦᠨᠡᠯᠡᠨ ᠵᠢᠱᠢᠯᠲᠡ ᠶᠢᠨ ᠤᠭᠲᠤᠬᠤ ᠪᠡᠯᠡᠳᠬᠡᠯ ᠠᠵᠢᠯ᠂ ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ ᠶᠢ ᠲᠠᠭᠯᠠᠬᠤ ᠵᠡᠷᠭᠡ  ᠲᠠᠯ᠎ᠠ ᠠᠴᠠ ᠤᠯᠠᠨ ᠲᠦᠮᠡᠨ ᠳᠤ ᠨᠠᠷᠢᠨ ᠨᠢᠭᠲᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠪᠡ᠃        ᠪᠣᠯᠪᠠᠰᠤᠷᠠᠯ ᠤᠨ ᠬᠤᠷᠠᠯ ᠤᠨ ᠲᠠᠷᠠᠭ᠎ᠠ ᠤᠶᠤᠨᠪᠢᠯᠢᠭ᠌ ᠰᠤᠮᠤᠨ ᠲᠠᠷᠤᠭ᠎ᠠ ᠠᠴᠠ ᠡᠯ᠎ᠡ ᠭᠠᠴᠠᠭ᠎ᠠ ᠲᠤᠰᠬᠤᠨ᠂ ᠡᠯ᠎ᠡ ᠠᠵᠢᠯᠯᠠᠬᠤ ᠠᠩᠭᠢ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠭᠦᠨᠵᠡᠭᠡᠶ ᠰᠤᠷᠤᠯᠴᠠᠵᠤ᠂ ᠨᠠᠷᠢᠨ ᠬᠢᠨᠠᠮᠠᠭᠠᠶ ᠰᠡᠳᠬᠢᠨ ᠪᠣᠳᠣᠯᠬᠢᠯᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ  ᠨᠡᠪᠲᠡᠷᠡᠲᠡᠯ᠎ᠡ ᠤᠶᠢᠯᠠᠭᠠᠨ ᠰᠠᠶᠢᠳᠤᠷ ᠨᠠᠶᠢᠳᠠᠪᠤᠷᠢᠵᠢᠭᠤᠯᠵᠤ᠂ ᠬᠦᠷᠦᠯᠴᠡᠬᠦ ᠥᠬᠡᠶ ᠲᠠᠯ᠎ᠠ ᠪᠠᠨ ᠴᠠᠭ ᠲᠤᠬᠠᠶ  ᠳᠤ ᠨᠢ ᠪᠠᠶᠢᠴᠠᠭᠠᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠪᠣᠭᠤᠮᠲᠠ  ᠰᠢᠪᠳᠤᠯᠤᠯᠲᠠ  ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ  ᠵᠦᠢᠯ ᠤᠨ ᠠᠵᠢᠯ ᠢ ᠪᠣᠳᠠᠲᠠᠶ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ  ᠃ ᠬᠤᠶᠠᠷ ᠲᠤ᠂ ᠯᠠᠪᠳᠠᠭᠤᠨ ᠪᠠᠲᠤᠲᠠᠶ ᠪᠠᠷ ᠡᠷᠦᠬᠡ ᠳᠤ ᠬᠦᠷᠴᠦ᠂ ᠪᠣᠳᠠᠲᠠᠶ ᠪᠠᠶᠢᠳᠠᠯ ᠢ ᠬᠢᠨᠠᠮᠠᠭᠠᠶ ᠤᠶᠢᠯᠠᠭᠠᠨ ᠡᠵᠡᠮᠰᠢᠵᠦ᠂ ᠣᠷᠣᠯᠭ᠎ᠠ ᠶᠢᠨ ᠲᠣᠭᠠᠴᠠᠭ᠎ᠠ ᠬᠢᠬᠦ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠶᠠᠳᠠᠭᠤ ᠠᠴᠠ ᠠᠩᠭᠢᠵᠢᠷᠠᠭᠤᠯᠤᠭᠰᠠᠨ ᠪᠣᠭᠤᠮᠲᠠ ᠰᠢᠪᠳᠤᠯᠤᠯᠲᠠ ᠶᠢᠨ ᠦᠷ᠎ᠡ ᠪᠦᠲᠦᠭᠡᠯ ᠤᠨ ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠴᠠᠭ ᠲᠤᠬᠠᠶ ᠳᠤ ᠨᠢ ᠰᠢᠨᠡᠳᠬᠡᠵᠦ᠂ ᠲᠠᠩᠰᠠ ᠡᠪᠬᠡᠮᠡᠯ ᠤᠨ ᠠᠭᠤᠯᠭ᠎ᠠ ᠶᠢᠨ ᠨᠠᠷᠢᠨ ᠪᠣᠳᠠᠲᠠᠶ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠠᠶᠢᠬᠤ ᠶᠢ ᠪᠠᠲᠤᠯᠠᠬᠤ ᠬᠡᠷᠡᠭᠲᠡᠶ ᠬᠡᠵᠡᠢ᠃
         
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号