ᠶᠡᠭᠡ ᠬᠦᠩ ᠪᠠᠯᠭᠠᠰᠤ ᠭᠤᠷᠪᠠᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/26
    ᠣᠶᠢᠷ᠎ᠠ ᠳᠤ᠂ ᠶᠡᠭᠡ ᠬᠦᠩ ᠪᠠᠯᠭᠠᠰᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠪᠣᠯᠪᠠᠰᠤᠷᠠᠯ ᠤᠨ ᠬᠤᠷᠠᠯ  ᠬᠤᠷᠠᠯᠳᠤᠵᠤ᠂ ᠪᠠᠯᠭᠠᠰᠤᠨ ᠤ ᠡᠯ᠎ᠡ ᠥᠷᠲᠡᠭᠡᠨ ᠤ ᠠᠯᠪᠠᠨ ᠬᠡᠷ ᠤᠨ ᠳᠠᠭᠠᠭᠤᠯᠤᠭᠴᠢ᠂ ᠡᠯ᠎ᠡ ᠲᠣᠰᠬᠤᠨ ᠤ ᠬᠤᠶᠠᠷ ᠵᠥᠪᠯᠡᠯ ᠤᠨ ᠪᠠᠭ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠷᠠᠯ ᠠᠴᠠ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ ᠤᠨ ᠠᠵᠢᠯᠯᠠᠭᠠᠨ ᠤ ᠶᠠᠪᠤᠴᠠ ᠵᠢᠴᠢ  ᠴᠢᠳᠠᠮᠵᠢ ᠶᠢᠨ ᠲᠤᠬᠠᠶ ᠲᠠᠶᠢᠯᠤᠮᠵᠢ ᠪᠠ ᠪᠣᠯᠪᠠᠰᠤᠷᠠᠯ ᠬᠢᠪᠠ᠃       ᠬᠤᠷᠠᠯ ᠠᠴᠠ᠂ ᠡᠯ᠎ᠡ ᠲᠣᠰᠬᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠢᠯᠡ ᠪᠣᠯᠭᠠᠬᠤ ᠲᠠᠰ ᠳᠠᠷᠠᠭᠠᠯᠠᠯ ᠢ ᠴᠢᠩᠭᠠᠳᠬᠠᠵᠤ᠂ ᠢᠯᠡ ᠪᠣᠯᠭᠠᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠢᠯᠡ ᠪᠣᠯᠭᠠᠬᠤ ᠠᠭᠤᠯᠭ᠎ᠠ ᠶᠢ ᠵᠢᠷᠤᠮᠵᠢᠭᠤᠯᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ᠂ ᠣᠷᠣᠯᠴᠠᠬᠤ ᠡᠷᠬᠡ ᠶᠢ ᠦᠨᠡᠨ ᠬᠦ ᠪᠠᠲᠤᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃        ᠪᠥᠬᠦ ᠪᠠᠯᠭᠠᠰᠤᠨ ᠤ ᠨᠠᠮ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠣᠰᠬᠤᠨ ᠤ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠤᠷᠤᠰᠢᠵᠤ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠤᠷᠢᠯᠡᠵᠤ᠂ ᠥᠷᠭᠡᠨ ᠣᠯᠠᠨ ᠲᠦᠮᠡᠨ ᠤ ᠨᠠᠩ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠥᠬᠦ  ᠪᠠᠯᠭᠠᠰᠤᠨ ᠤ ︽ᠭᠤᠷᠪᠠᠨ ᠶᠠᠪᠤᠳᠠᠯ︾ ᠢ ᠢᠯᠡ ᠪᠣᠯᠭᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠤ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠬᠢᠷᠢ ᠲᠦᠪᠰᠢᠨ ᠢ  ᠲᠡᠭᠡᠭᠰᠢᠯᠡᠬᠦᠯᠪᠠ᠃ ᠶᠡᠭᠡ ᠬᠦᠩ ᠪᠠᠯᠭᠠᠰᠤ ᠨᠢ ᠤᠯᠠᠭᠠᠨᠬᠠᠳᠠ ᠬᠤᠲᠠ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︽ᠨᠠᠮ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠬᠦᠴᠦᠯᠡᠨ ᠠᠬᠢᠭᠤᠯᠪᠠ᠃ ᠶᠡᠭᠡ ᠬᠦᠩ ᠪᠠᠯᠭᠠᠰᠤ ᠨᠢ ᠤᠯᠠᠭᠠᠨᠬᠠᠳᠠ ᠬᠤᠲᠠ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ ᠢ ᠪᠥᠲᠥᠭᠡᠨ ᠪᠠᠶᠢᠭᠤᠯᠬᠤ ᠶᠢᠨ ᠬᠠᠮᠲᠤ᠂ ᠤᠯᠠᠭᠠᠨᠬᠠᠳᠠ ᠬᠤᠲᠠ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ ᠢ ᠶᠡᠭᠡ ᠬᠦᠩ ᠪᠠᠯᠭᠠᠰᠤ ᠶᠢᠨ ᠸᠢᠴᠠᠲ ᠤᠨ ᠣᠯᠠᠨ ᠨᠡᠶᠢᠲᠡ ᠶᠢᠨ ᠨᠣᠮᠧᠷ ᠲᠠᠢ  ᠬᠤᠯᠪᠤᠪᠠ᠃ ᠲᠠᠷᠠᠭᠠᠴᠢ ᠶᠢᠨ ᠠᠯᠬᠤᠮ ᠳᠤ᠂ ᠶᠡᠭᠡ ᠬᠦᠩ ᠪᠠᠯᠭᠠᠰᠤ  ︽ᠰᠠᠨᠠᠯ︾ ᠳᠤ ᠵᠢᠭᠠᠨ ᠲᠣᠭᠲᠠᠭᠠᠭᠰᠠᠨ 2021 ᠣᠨ ᠤ ᠬᠠᠮᠢᠶ᠎ᠠ ᠪᠥᠬᠦᠶ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠵᠢᠴᠢ ᠬᠠᠷᠢᠶ᠎ᠠ ᠣᠷᠣᠨ ᠤ ᠳᠣᠲᠣᠷᠠᠬᠢ ᠡᠯ᠎ᠡ ᠲᠣᠰᠬᠤᠨ ᠤ ᠨᠠᠮ ᠤᠨ ᠶᠠᠪᠤᠳᠠᠯ᠂ ᠲᠣᠰᠬᠤᠨ ᠤ ᠶᠠᠪᠤᠳᠠᠯ ᠵᠡᠷᠭᠡ ᠮᠡᠳᠡᠭᠡ ᠵᠠᠩᠭᠢ ᠶᠢ ᠢᠯᠡ  ᠪᠤᠯᠭᠠᠬᠤ ᠪᠠᠷ ᠪᠤᠢ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号