ᠲᠠᠬᠢᠶᠠᠨ ᠥᠨᠳᠡᠭᠡ ᠶᠢ ᠤᠳᠠᠭᠠᠨ ᠴᠢᠨᠠᠪᠠᠯ ᠰᠠᠶᠢᠨ ᠥᠭᠡᠬᠦ ᠨᠢ ︽ᠮᠠᠭᠤᠳᠠᠨ᠎ᠠ︾
ᠨᠡᠶᠢᠲᠡᠯᠡᠭᠰᠡᠨ ᠴᠠᠭ᠄
2021/11/5
            ᠲᠠᠬᠢᠶᠠᠨ ᠥᠨᠳᠡᠭᠡ ᠰᠢᠮ᠎ᠡ ᠲᠡᠵᠢᠭᠡᠯ ᠡᠯᠪᠡᠭᠲᠡᠢ᠂ ᠪᠠᠵᠠᠭᠠᠵᠤ ᠬᠢᠬᠦ ᠠᠷᠭ᠎ᠠ ᠨᠢ ᠤᠯᠠᠨ᠂ ᠠᠯᠢ ᠨᠢ ᠬᠠᠮᠤᠭ ᠤᠨ ᠰᠢᠮ᠎ᠡ ᠲᠡᠵᠢᠭᠡᠯ ᠲᠠᠢ᠂ ᠡᠷᠡᠭᠦᠯ ᠮᠡᠨᠳᠦ ᠳᠤ ᠲᠤᠰᠠ ᠲᠠᠢ ᠪᠤᠢ ᠭᠡᠪᠡᠯ᠂ ᠶᠠᠷᠢᠶᠠᠨ ᠦᠭᠡᠢ ᠴᠢᠨᠠᠭᠰᠠᠨ ᠲᠠᠬᠢᠶᠠᠨ ᠥᠨᠳᠡᠭᠡ ᠶᠤᠮ᠃ ᠭᠡᠪᠡᠴᠦ ᠲᠠᠬᠢᠶᠠᠨ ᠥᠨᠳᠡᠭᠡ ᠴᠢᠨᠠᠬᠤ ᠳᠤ ᠪᠠᠰᠠ ᠠᠩᠬᠠᠷᠬᠤ ᠵᠦᠢᠯ ᠪᠤᠢ᠂ ᠵᠦᠪ ᠴᠢᠨᠠᠬᠤ ᠦᠭᠡᠢ ᠪᠤᠯ ᠰᠢᠮ᠎ᠡ ᠲᠡᠵᠢᠭᠡᠯ ᠢ ᠨᠢ ᠶᠡᠭᠡ ᠪᠠᠷ ᠠᠯᠳᠠᠭᠳᠠᠭᠤᠯᠬᠤ ᠪᠠᠷ ᠪᠠᠷᠠᠬᠤ ᠦᠭᠡᠢ᠂ ᠴᠢᠨᠠᠭᠰᠢᠯᠠᠪᠠᠯ ᠪᠠᠰᠠ ᠬᠤᠣᠷᠲᠠᠢ ᠪᠣᠳᠠᠰ ᠡᠭᠦᠰᠬᠡᠵᠦ ᠮᠡᠳᠡᠨ᠎ᠡ᠃ ᠲᠠᠬᠢᠶᠠᠨ ᠥᠨᠳᠡᠭᠡ ᠶᠢ ᠴᠢᠨᠠᠵᠤ ᠪᠣᠯᠭᠤᠭᠠᠬᠤ ᠦᠭᠡᠢ ᠪᠤᠯ ᠠᠮᠤᠷ ᠲᠦᠪᠰᠢᠨ ᠪᠤᠰᠤ ᠭᠡᠵᠦ ᠤᠯᠠᠩᠬᠢ ᠬᠥᠮᠦᠰ ᠰᠠᠨᠠᠭ᠎ᠠ ᠵᠤᠪᠠᠳᠠᠭ᠂ ᠲᠡᠭᠡᠭᠡᠳ ᠮᠠᠰᠢ ᠤᠷᠳᠤ ᠴᠠᠭ ᠬᠤᠭᠤᠴᠠᠭ᠎ᠠ ᠴᠢᠨᠠᠵᠤ᠂ ᠴᠢᠨᠠᠭᠰᠢᠯᠠᠭᠠᠳ ᠵᠠᠷᠢᠮ ᠬᠥᠮᠦᠨ ᠪᠠᠰᠠ ᠲᠤᠰᠬᠠᠶᠢᠯᠠᠨ ᠤᠰᠤᠨ ᠳᠤ ᠤᠳᠠᠭᠠᠨ ᠴᠢᠨᠠᠭᠰᠠᠨ ᠥᠨᠳᠡᠭᠡ᠂ ᠬᠤᠯᠤᠰᠤᠨ ᠨᠠᠪᠴᠢ ᠲᠠᠢ ᠤᠳᠠᠭᠠᠨ ᠴᠢᠨᠠᠭᠰᠠᠨ ᠥᠨᠳᠡᠭᠡ᠂ ᠴᠠᠢ ᠳᠤ ᠤᠳᠠᠭᠠᠨ ᠴᠢᠨᠠᠭᠰᠠᠨ ᠥᠨᠳᠡᠭᠡ ᠵᠡᠷᠭᠡ ᠶᠢ ᠢᠳᠡᠬᠦ ᠳᠤᠷᠠᠲᠠᠶ ᠪᠠᠶᠢᠳᠠᠭ᠃ ᠭᠡᠲᠡᠯ᠎ᠡ ᠲᠠᠬᠢᠶᠠᠨ ᠥᠨᠳᠡᠭᠡ ᠶᠢ ᠬᠡᠲᠦ ᠤᠳᠠᠭᠠᠨ ᠴᠢᠨᠠᠪᠠᠯ ᠲᠡᠭᠦᠨ ᠤ ᠳᠣᠲᠣᠷᠠᠬᠢ B ᠲᠦᠷᠦᠯ ᠤᠨ ᠸᠢᠲ᠋ᠠᠮᠢᠨ᠂ ᠸᠢᠲ᠋ᠠᠮᠢᠨ E ᠵᠡᠷᠭᠡ ᠰᠢᠮ᠎ᠡ ᠲᠡᠵᠢᠭᠡᠯᠲᠦ ᠡᠳ᠋ ᠨᠢ ᠠᠯᠳᠠᠭᠳᠠᠬᠤ ᠪᠠᠷ ᠪᠠᠷᠠᠬᠤ ᠦᠭᠡᠢ᠂ ᠪᠠᠰᠠ ᠲᠡᠭᠦᠨ ᠳᠤ ᠠᠭᠤᠯᠤᠭᠳᠠᠬᠤ ᠥᠭᠡᠬᠦᠨ ᠬᠦᠴᠢᠯ᠂ ᠰᠥᠰᠥᠨ ᠤ ᠭᠤᠨᠠᠨ ᠠᠯᠺᠣᠣᠯ ᠢ ᠢᠰᠦᠯᠳᠦᠭᠦᠯᠳᠡᠭ᠃ ᠲᠠᠬᠢᠶᠠᠨ ᠥᠨᠳᠡᠭᠡᠨ ᠳᠤ ᠠᠭᠤᠯᠳᠠᠭ ᠰᠠᠶᠢᠨ ᠥᠭᠡᠬᠦ᠂ ᠵᠢᠱᠢᠶᠡᠯᠡᠪᠡᠯ ᠳᠤᠲᠠᠭᠤ ᠲᠣᠰᠣᠨ ᠬᠦᠴᠢᠯ᠂ ᠠᠷᠠᠾᠢᠳᠤᠨ ᠬᠦᠴᠢᠯ ᠪᠠ DHA ︵C22H32O2︶ ᠵᠡᠷᠭᠡ ᠪᠣᠯ ᠪᠦᠷ ᠬᠠᠨᠤᠮᠠᠯ ᠪᠤᠰᠤ ᠥᠭᠡᠬᠦᠨ ᠬᠦᠴᠢᠯ ᠪᠠᠶᠢᠵᠤ᠂ ᠠᠮᠠᠷᠬᠠᠨ ᠢᠰᠦᠯᠳᠦᠳᠡᠭ᠃ ᠬᠠᠯᠠᠭᠠᠬᠤ ᠶᠠᠪᠤᠴᠠ ᠳᠤ᠂ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠢᠰᠦᠯᠳᠦᠬᠦ ᠤᠷᠪᠠᠯ ᠤᠨ ᠬᠤᠷᠳᠤᠴᠠ ᠨᠢ ᠲᠦᠷᠭᠡᠳᠴᠦ᠂ ᠬᠠᠯᠠᠭᠠᠬᠤ ᠴᠠᠭ ᠬᠤᠭᠤᠴᠠᠭ᠎ᠠ ᠨᠢ ᠬᠡᠳᠦᠶ ᠤᠷᠲᠤ ᠪᠤᠯᠬᠤ ᠲᠤᠳᠤᠮ ᠢᠰᠦᠯᠳᠦᠬᠦ ᠨᠢ ᠲᠡᠳᠦᠶ ᠢᠯᠡᠭᠦᠦ ᠪᠣᠯᠤᠨ᠎ᠠ᠃ ᠢᠰᠦᠯᠳᠦᠭᠰᠡᠨ ᠤ ᠳᠠᠷᠠᠭᠠᠬᠢ ᠥᠭᠡᠬᠦ ᠨᠢ ︽ᠰᠠᠶᠢᠨ ᠢᠷᠭᠡᠨ︾᠎ ᠠᠴᠠ ᠪᠠᠨ ︽ᠠᠳᠠ ᠴᠢᠳᠬᠦᠷ︾ ᠪᠤᠯᠤᠨ ᠬᠤᠪᠢᠷᠠᠵᠤ᠂ ᠬᠥᠮᠦᠨ ᠤ ᠪᠡᠶ᠎ᠡ ᠳᠤ ᠤᠷᠤᠭᠰᠠᠨ ᠤ ᠪᠠᠨ ᠳᠠᠷᠠᠭ᠎ᠠ ᠴᠢᠯᠥᠭᠡᠲᠦ ᠪᠦᠯᠦᠭ ᠤᠨ ᠪᠤᠢ ᠪᠣᠯᠬᠤ ᠶᠢ ᠨᠡᠮᠡᠭᠳᠡᠭᠦᠯᠵᠦ᠂ ᠴᠢᠨᠠᠭᠰᠢᠯᠠᠭᠠᠳ DHA ᠪᠣᠯᠤᠨ ᠡᠰ ᠤᠨ ᠪᠦᠲᠦᠴᠡ ᠵᠡᠷᠭᠡ ᠶᠢ ᠡᠪᠳᠡᠳᠡᠭ᠃ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠰᠥᠰᠥᠨ ᠤ ᠭᠤᠨᠠᠨ ᠠᠯᠺᠣᠣᠯ ᠨᠢ ᠬᠥᠮᠦᠨ ᠤ ᠪᠡᠶ᠎ᠡ ᠶᠢᠨ ᠡᠰ ᠤᠨ ᠢᠰᠦᠯᠳᠦᠯ ᠵᠢᠴᠢ ᠦᠷᠪᠢᠰᠦᠯ ᠤᠨ ᠬᠠᠷᠢᠭᠤ ᠲᠤᠰᠬᠠᠯ ᠤᠨ ᠨᠡᠮᠡᠭᠳᠡᠬᠦ᠂ ᠥᠭᠡᠬᠦᠨ ᠤ ᠲᠥᠷᠥᠯ ᠤᠨ ᠬᠡᠪ ᠤᠨ ᠪᠤᠰᠤ ᠰᠣᠯᠢᠯᠴᠠᠭ᠎ᠠ᠂ ᠬᠥᠮᠦᠨ ᠤ ᠪᠡᠶ᠎ᠡ ᠶᠢᠨ ᠴᠢᠰᠤᠨ ᠰᠤᠳᠠᠯ ᠤᠨ ᠳᠣᠲᠣᠷ ᠪᠦᠷᠬᠦᠪᠴᠢ ᠶᠢᠨ ᠭᠡᠮᠲᠦᠯ ᠵᠡᠷᠭᠡ ᠲᠠᠢ ᠬᠤᠯᠪᠣᠭᠳᠠᠯ ᠲᠠᠢ᠃ ᠲᠡᠭᠡᠪᠡᠯ ᠲᠠᠬᠢᠶᠠᠨ ᠥᠨᠳᠡᠭᠡ ᠶᠢ ᠶᠠᠭᠠᠬᠢᠵᠤ ᠴᠢᠨᠠᠪᠠᠯ ᠨᠡᠩ ᠡᠷᠡᠭᠦᠯ ᠮᠡᠨᠳᠦ ᠳᠤ ᠲᠤᠰᠠᠲᠠᠢ ᠪᠤᠢ︖ ᠲᠤᠷᠰᠢᠯᠲᠠ ᠶᠢ ᠦᠨᠳᠦᠰᠦᠯᠡᠪᠡᠯ᠂ ᠬᠠᠯᠠᠭᠤᠨ ᠤᠰᠤ ᠪᠤᠶᠤ ᠬᠦᠢᠲᠡᠨ ᠤᠰᠤᠨ ᠳᠤ ᠴᠢᠨᠠᠭᠠᠳ᠂ ᠪᠤᠴᠠᠯᠤᠮᠠᠯ ᠪᠠᠶᠢᠳᠠᠯ ᠢ 3᠎ ᠠᠴᠠ 5 ᠮᠢᠨᠦ᠋ᠲ ᠬᠠᠳᠠᠭᠠᠯᠠᠨ᠎ᠠ᠂ ᠢᠩᠭᠢᠵᠦ ᠴᠢᠨᠠᠭᠰᠠᠨ ᠲᠠᠬᠢᠶᠠᠨ ᠥᠨᠳᠡᠭᠡ ᠶᠢᠨ ᠪᠠᠶᠢᠳᠠᠯ ᠨᠡᠯᠢᠶᠡᠳ ᠰᠠᠶᠢᠨ ᠪᠠᠶᠢᠳᠠᠭ᠃ ᠭᠠᠳᠠᠭᠠᠳᠤ ᠶᠢᠨ ᠵᠠᠷᠢᠮ ᠴᠢᠨᠠᠭᠰᠠᠨ ᠲᠠᠬᠢᠶᠠᠨ ᠥᠨᠳᠡᠭᠡ ᠨᠢ ︽5︾ ᠪᠤᠶᠤ ︽3︾ ᠭᠡᠰᠡᠨ ᠲᠤᠳᠤᠷᠬᠠᠢᠢᠯᠠᠯᠲᠠ ᠲᠠᠢ ᠪᠠᠶᠢᠳᠠᠭ᠂ ᠲᠡᠷᠡ ᠨᠢ 5 ᠮᠢᠨᠦ᠋ᠲ ᠪᠤᠶᠤ 3 ᠮᠢᠨᠦ᠋ᠲ ᠴᠢᠨᠠᠭᠰᠠᠨ ᠲᠠᠬᠢᠶᠠᠨ ᠥᠨᠳᠡᠭᠡ ᠶᠢ ᠵᠢᠭᠠᠵᠤ ᠪᠠᠶᠢᠨ᠎ᠠ᠃ ᠬᠡᠷᠪᠡ ᠬᠢᠷᠢ ᠲᠡᠩᠴᠡᠭᠰᠡᠨ ᠥᠨᠳᠡᠭᠡ ᠴᠢᠨᠠᠬᠤ ᠪᠠᠭᠠᠵᠢ ᠶᠢ ᠬᠡᠷᠡᠭᠯᠡᠪᠡᠯ᠂ ᠤᠰᠤᠨ ᠤ ᠬᠡᠮᠵᠢᠶ᠎ᠡ ᠨᠢ ᠲᠣᠬᠢᠷᠠᠮᠵᠢᠲᠠᠶ ᠪᠠᠶᠢᠪᠠᠯ ᠪᠠᠰᠠ ᠡᠶᠢᠮᠦ ᠨᠡᠯᠢᠶᠡᠳ ᠰᠠᠶᠢᠨ ᠪᠠᠶᠢᠳᠠᠯ ᠲᠠᠢ ᠲᠠᠬᠢᠶᠠᠨ ᠥᠨᠳᠡᠭᠡ ᠶᠢ ᠴᠢᠨᠠᠵᠤ ᠭᠠᠷᠭᠠᠵᠤ ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号