ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠤ ᠬᠠᠮᠤᠭ ᠰᠢᠨ᠎ᠡ ᠠᠯᠪᠠᠨ ᠵᠠᠷ︕ ᠡᠳᠡᠭᠡᠷ ᠦᠢᠯᠡ ᠠᠵᠢᠯᠯᠠᠭ᠎ᠠ ᠶᠢ ᠡᠭᠦᠷᠢᠳᠡ ᠪᠢᠲᠡᠭᠦᠮᠵᠢᠯᠡᠨ ᠬᠠᠭᠠᠨ᠎ᠠ︕
ᠨᠡᠶᠢᠲᠡᠯᠡᠭᠰᠡᠨ ᠴᠠᠭ᠄
2021/11/5
          ︽ᠸᠢᠴᠠᠲ ᠤᠨ ᠠᠮᠤᠷ ᠲᠦᠪᠰᠢᠨ ᠤ ᠲᠥᠪ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠮᠡᠳᠡᠭᠡ᠂ 6 ᠰᠠᠷ᠎ᠠ ᠶᠢᠨ 9᠎ ᠤ ᠡᠳᠦᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ ᠠᠮᠢ ᠠᠬᠤᠶ ᠶᠢᠨ ᠵᠠᠰᠠᠯᠲᠠ ᠶᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ ᠠᠯᠪᠠᠨ ᠵᠠᠷ ᠨᠡᠶᠢᠲᠡᠯᠡᠪᠡ᠃ ᠪᠥᠬᠦ ᠠᠭᠤᠯᠭ᠎ᠠ ᠨᠢ ᠳᠤᠤᠷᠠᠬᠢ ᠮᠡᠲᠦ᠄ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠬᠡᠷᠡᠭᠯᠡᠭᠴᠢᠳ ᠲᠤ ᠪᠣᠬᠢᠷᠲᠤᠯ ᠥᠬᠡᠶ᠂ ᠡᠷᠡᠭᠦᠯ ᠰᠠᠷᠠᠭᠤᠯ ᠰᠦᠯᠵᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠭᠰᠠᠭᠠᠷ ᠢᠷᠡᠭᠰᠡᠨ ᠪᠥᠭᠡᠳ ᠲᠠᠪᠴᠠᠩ ᠳᠤ ᠣᠷᠣᠰᠢᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠡᠶ᠃ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠤᠯᠠᠮ ᠴᠢᠨᠠᠬᠰᠢᠳᠠ ᠰᠢᠯᠢᠳᠡᠭᠵᠢᠭᠦᠯᠵᠦ᠂ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ ᠲᠣᠭᠲᠠᠭᠠᠯ︾᠂ ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠣᠯᠠᠨ ᠨᠡᠶᠢᠲᠡ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠶᠢᠨ ᠱᠠᠭᠠᠷᠳᠠᠯᠭ᠎ᠠ ᠶᠣᠰᠣᠭᠠᠷ᠂ ᠸᠢᠴᠠᠲ ᠤᠨ ᠲᠠᠪᠴᠠᠩ ᠤᠨ ᠬᠠᠮᠢᠶ᠎ᠠ ᠪᠥᠬᠦᠶ ᠦᠢᠯᠡᠴᠢᠯᠡᠭᠡᠨ ᠤ ᠬᠡᠯᠡᠯᠴᠡᠭᠡᠷ ᠵᠢᠴᠢ ᠠᠵᠢᠯᠯᠠᠭᠠᠨ ᠤ ᠵᠢᠷᠤᠮᠵᠢᠯ ᠳᠤ ᠰᠠᠭᠤᠷᠢᠯᠠᠨ᠂ ᠲᠣᠰ ᠡᠳᠦᠷ ᠠᠴᠠ ᠡᠬᠢᠯᠡᠨ ᠳᠤᠤᠷᠠᠬᠢ ᠦᠢᠯᠡ ᠠᠵᠢᠯᠯᠠᠭ᠎ᠠ ᠳᠤ ᠴᠢᠭᠯᠡᠭᠦᠯᠦᠨ ᠢᠯᠭᠠᠷᠠᠭᠤᠯᠤᠨ ᠴᠡᠪᠡᠷᠯᠡᠨ᠎ᠡ᠄ 1 . ᠲᠡᠦᠬᠡ ᠶᠢᠨ ᠦᠭᠡᠶᠢᠰᠬᠡᠬᠦ ᠦᠵᠡᠯ ᠤᠨ ᠪᠤᠷᠤᠭᠤ ᠦᠭᠡ ᠶᠠᠷᠢᠶ᠎ᠠ᠂ ᠨᠠᠮ ᠤᠨ ᠲᠡᠦᠬᠡ ᠤᠯᠤᠰ ᠤᠨ ᠲᠡᠦᠬᠡ ᠴᠡᠷᠢᠭ ᠤᠨ ᠲᠡᠦᠬᠡ ᠶᠢ ᠮᠠᠭᠤ ᠰᠠᠨᠠᠭ᠎ᠠ ᠪᠠᠷ ᠭᠠᠵᠢᠭᠤᠳᠠᠭᠤᠯᠤᠭᠰᠠᠨ᠂ ᠭᠦᠳᠬᠡᠭᠰᠡᠨ᠂ ᠦᠭᠡᠶᠢᠰᠬᠡᠭᠰᠡᠨ ᠵᠡᠷᠭᠡ ᠠᠭᠤᠯᠭ᠎ᠠ ᠶᠢ ᠲᠠᠷᠬᠠᠭᠠᠬᠤ︔ 2 . ᠱᠠᠯᠢᠭ ᠵᠠᠪᠬᠠᠶ ᠪᠣᠯᠬᠢ ᠪᠦᠳᠦᠭᠦᠯᠢᠭ᠂ ᠴᠢᠰᠤᠲᠤ ᠬᠦᠴᠦᠷᠬᠡᠭᠯᠡᠯ ᠰᠦᠷᠳᠡᠭᠦᠯᠦᠯ ᠮᠤᠬᠤᠷ ᠪᠢᠰᠢᠷᠡᠯ ᠵᠡᠷᠭᠡ ᠬᠤᠤᠷ ᠬᠥᠨᠥᠭᠡᠯ ᠲᠠᠢ ᠮᠡᠳᠡᠭᠡ ᠵᠠᠩᠭᠢ ᠪᠤᠶᠤ ᠬᠡᠪᠯᠡᠭᠳᠡᠬᠦᠨ ᠵᠢᠴᠢ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠵᠡᠷᠭᠡ ᠬᠠᠤᠯᠢ ᠪᠤᠰᠤ ᠰᠦᠯᠵᠢᠶᠡᠨ ᠤ ᠬᠡᠪᠯᠡᠭᠳᠡᠬᠦᠨ ᠢ ᠦᠢᠯᠡᠳᠬᠦ᠂ ᠤᠯᠠᠮᠵᠢᠯᠠᠨ ᠲᠠᠷᠬᠠᠭᠠᠬᠤ︔ 3 . ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠭᠰᠡᠨ᠂ ᠨᠡᠶᠢᠭᠡᠮ ᠤᠨ ᠬᠡᠪ ᠰᠤᠷᠲᠠᠯ ᠢ ᠪᠣᠬᠢᠷᠲᠤᠭᠤᠯᠤᠭᠰᠠᠨ᠂ ᠪᠣᠯᠬᠢ ᠪᠦᠳᠦᠭᠦᠯᠢᠭ᠂ ︽ᠵᠥᠭᠡᠯᠡᠨ ᠱᠠᠯᠢᠭ ᠵᠠᠪᠬᠠᠢ ᠶᠠᠭᠤᠮᠠᠰ︾ ᠵᠢᠴᠢ ᠴᠤᠤᠷᠬᠠᠯ᠂ ᠮᠠᠭᠤᠬᠠᠶ ᠰᠣᠨᠣᠰᠬᠠᠯ᠂ ᠮᠠᠭᠤ ᠦᠢᠯᠡ ᠠᠵᠢᠯᠯᠠᠭ᠎ᠠ᠂ ᠲᠥᠪ ᠴᠢᠩᠭ᠎ᠠ ᠰᠡᠳᠦᠪᠲᠦ ᠵᠤᠭ᠎ᠠ ᠴᠡᠩᠭᠡᠬᠦᠨ ᠬᠡᠬᠦ ᠮᠡᠳᠦ ᠶᠢᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠠᠴᠠ ᠵᠥᠷᠢᠴᠡᠭᠰᠡᠨ ᠠᠭᠤᠯᠭ᠎ᠠ ᠶᠢ ᠨᠡᠶᠢᠲᠡᠯᠡᠬᠦ ᠪᠠ ᠤᠯᠠᠮᠵᠢᠯᠠᠬᠤ ᠦᠢᠯᠡ ᠠᠵᠢᠯᠯᠠᠭ᠎ᠠ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠲᠠᠩᠰᠠᠨ ᠤ ᠨᠣᠮᠧᠷ ︵ᠭᠡᠪᠡᠴᠦ ᠣᠯᠠᠨ ᠨᠡᠶᠢᠲᠡ ᠶᠢᠨ ᠨᠣᠮᠧᠷ᠂ ᠵᠢᠵᠢᠭ ᠫᠷᠤᠭ᠍ᠷᠠᠮ᠂ ᠬᠠᠷᠠᠭᠠᠨ ᠳᠠᠪᠲᠠᠮᠵᠢ ᠶᠢᠨ ᠨᠣᠮᠧᠷ ᠵᠡᠷᠭᠡ ᠳ᠋ᠤᠬᠢᠵᠠᠭᠠᠷᠯᠠᠭᠳᠠᠬᠤ ᠥᠬᠡᠶ︶᠎ ᠢ ᠲᠠᠪᠴᠠᠩ ᠤᠨ ᠬᠢᠨ ᠪᠠᠶᠢᠴᠠᠭᠠᠨ ᠳᠣᠲᠣᠯᠠᠭᠰᠠᠨ ᠤ ᠳᠠᠷᠠᠭ᠎ᠠ ᠵᠣᠬᠢᠴᠠᠩᠭᠤᠶ ᠴᠢᠳᠠᠪᠤᠷᠢ ᠪᠦᠬᠦᠢ ᠰᠢᠳᠭᠡᠯ ᠲᠤᠷᠭᠠᠭᠤᠯᠢ ᠬᠡᠷᠡᠭᠵᠢᠬᠦᠯᠬᠦ ᠶᠢᠨ ᠬᠠᠮᠲᠤ ᠬᠤᠯᠪᠣᠭᠳᠠᠯ ᠪᠥᠬᠦᠶ ᠠᠭᠤᠯᠭ᠎ᠠ ᠶᠢ ᠨᠢ ᠬᠠᠰᠤᠵᠤ ᠬᠠᠶᠠᠨ᠎ᠠ᠃ ᠣᠯᠠᠨ ᠤᠳᠠᠭ᠎ᠠ ᠰᠢᠢᠳᠪᠦᠷᠢᠯᠡᠭᠰᠡᠨ ᠤ ᠳᠠᠷᠠᠭ᠎ᠠ ᠮᠥᠨ ᠯᠡ ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠪᠠᠨ ᠦᠷᠭᠦᠯᠵᠢᠯᠡᠨ ᠨᠡᠶᠢᠲᠡᠯᠡᠭᠰᠡᠨ᠂ ᠡᠰᠡᠬᠦᠯ᠎ᠡ ᠡᠯ᠎ᠡ ᠵᠦᠢᠯ ᠤᠨ ᠠᠷᠭ᠎ᠠ ᠪᠠᠷᠢᠯ ᠢ ᠵᠣᠷᠢᠭᠤᠳᠠ ᠠᠰᠢᠭᠯᠠᠨ ᠮᠠᠭᠤ ᠰᠠᠨᠠᠭ᠎ᠠ ᠪᠠᠷ ᠡᠰᠡᠷᠭᠦᠴᠡᠯᠳᠦᠭᠰᠡᠨ ᠲᠠᠩᠰᠠᠨ ᠨᠣᠮᠧᠷ ᠲᠤ ᠴᠢᠭᠯᠡᠬᠦᠯᠦᠨ᠂ ᠲᠠᠪᠴᠠᠩ ᠤᠨ ᠬᠢᠨ ᠲᠠᠩᠰᠠᠨ ᠨᠣᠮᠧᠷ ᠢ ᠨᠢ ᠡᠭᠦᠷᠢᠳᠡ ᠪᠢᠲᠡᠭᠦᠮᠵᠢᠯᠡᠨ ᠬᠠᠭᠠᠨ᠎ᠠ᠃ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ ᠳᠣᠲᠣᠷᠠᠬᠢ ᠡᠷᠡᠭᠦᠯ ᠪᠤᠰᠤ ᠮᠡᠳᠡᠭᠡ ᠵᠠᠩᠭᠢ ᠶᠢ ᠦᠷᠭᠦᠯᠵᠢᠯᠡᠨ ᠢᠯᠭᠠᠷᠠᠭᠤᠯᠤᠨ ᠴᠡᠪᠡᠷᠯᠡᠵᠦ᠂ ᠲᠠᠩᠰᠠᠨ ᠨᠣᠮᠧᠷ ᠢ ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠭᠤᠤᠯ ᠥᠷᠲᠡᠭ ᠤᠨ ᠦᠵᠡᠯᠲᠡ ᠳᠤ ᠨᠡᠶᠢᠴᠡᠬᠦ ᠠᠭᠤᠯᠭ᠎ᠠ ᠶᠢ ᠨᠡᠶᠢᠲᠡᠯᠡᠬᠦ ᠶᠢᠨ ᠬᠠᠮᠲᠤ᠂ ᠬᠡᠷᠡᠭᠯᠡᠭᠴᠢ ᠶᠢᠨ ᠢᠯᠡᠴᠢᠯᠡᠨ ᠮᠡᠳᠡᠭᠦᠯᠬᠦ᠂ ᠮᠡᠷᠭᠡᠵᠢᠯ ᠤᠨ ᠬᠢᠨᠠᠨ ᠬᠠᠷᠭᠤᠭᠤᠯᠬᠤ ᠪᠠ ᠬᠥᠮᠦᠨ ᠤ ᠬᠦᠴᠦ ᠪᠠᠷ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠪᠴᠠᠩ ᠤᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠴᠢᠨᠠᠬᠰᠢᠳᠠ ᠴᠢᠩᠭᠠᠳᠬᠠᠨ᠎ᠠ᠃ ᠲᠠ ᠪᠦᠬᠦᠨ ᠤ ᠨᠡᠩ ᠤᠯᠠᠨ ᠰᠦᠪᠡᠭᠴᠢ ᠬᠠᠩᠭᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠡᠭᠦᠯ ᠰᠠᠶᠢᠨ ᠰᠦᠯᠵᠢᠶᠡᠨ ᠤ ᠠᠮᠢ ᠠᠬᠤᠢ ᠶᠢ ᠬᠠᠮᠲᠤ ᠪᠠᠷ ᠪᠤᠢ ᠪᠣᠯᠭᠠᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号