| | | | ᠬᠥᠳᠡᠯᠭᠡᠭᠡᠨ ᠬᠢᠬᠦ ᠶᠢᠨ ᠰᠠᠶᠢᠨᠳᠠᠢ ᠲᠠᠯ᠎ᠠ ᠶᠢ ᠮᠠᠰᠢ ᠤᠯᠠᠨ ᠬᠥᠮᠥᠨ ᠪᠦᠷ ᠮᠡᠳᠡᠳᠡᠭ᠂ ᠭᠡᠪᠡᠴᠦ | ᠬᠥᠳᠡᠯᠭᠡᠭᠡᠨ ᠲᠤᠳᠠᠬᠳᠠᠬᠤ ᠶᠢᠨ ᠠᠶᠤᠯ ᠲᠦᠭᠰᠢᠭᠦᠷᠢ ᠶᠢ ᠣᠯᠠᠨ ᠢᠶᠠᠷ ᠢᠶᠠᠨ ᠶᠡᠷᠦᠨᠢ ᠭᠦᠢᠴᠡᠳ ᠬᠦᠨᠳᠦᠳᠬᠡᠬᠦ | ᠦᠭᠡᠢ ᠪᠠᠶᠢᠳᠠᠭ᠃ ᠤᠶᠢᠷ᠎ᠠ ᠳᠤ᠂ ᠠᠮᠧᠷᠢᠺᠠ ᠶᠢᠨ ᠺᠷᠢᠹᠯᠡᠨᠳ᠋ ᠡᠮᠨᠡᠯᠭᠡ ᠶᠢᠨ ᠭᠠᠵᠠᠷ ᠤᠨ ᠬᠢᠨ ᠰᠤᠳᠤᠯᠭᠠᠨ ᠳᠠᠭᠠᠨ᠂ | ᠬᠥᠳᠡᠯᠭᠡᠭᠡᠨ ᠳᠤᠲᠠᠭᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠨᠡᠩ | ᠢᠯᠡᠬᠦᠦ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠠᠶᠢᠳᠠᠭ ᠭᠡᠵᠦ ᠬᠡᠯᠡᠪᠡ᠃ ᠲᠤᠰ ᠡᠮᠨᠡᠯᠭᠡ ᠶᠢᠨ ᠭᠠᠵᠠᠷ | 1991 ᠣᠨ ᠤ 1 ᠰᠠᠷ᠎ᠠ ᠠᠴᠠ 2014 ᠣᠨ ᠤ 12 ᠰᠠᠷ᠎ᠠ ᠪᠣᠯᠲᠠᠯ᠎ᠠ 12 ᠲᠦᠮᠡᠨ ᠡᠪᠡᠳᠴᠢᠲᠡᠨ ᠳᠤ ᠭᠦᠶᠦᠬᠦ | ᠮᠠᠰᠢᠨ ᠢᠶᠠᠷ ᠬᠥᠳᠡᠯᠭᠡᠭᠡᠨ ᠤ ᠲᠤᠷᠰᠢᠯᠲᠠ ᠬᠢᠵᠦ᠂ ᠬᠥᠳᠡᠯᠭᠡᠭᠡᠨ ᠤ ᠪᠣᠳᠠᠲᠤ ᠬᠢᠷᠢ ᠪᠦᠲᠦᠮᠵᠢ ᠪᠠᠷ ᠰᠠᠭᠤᠷᠢ ᠪᠣᠯᠭᠠᠨ | ᠂ ᠪᠡᠶ᠎ᠡ ᠪᠠᠨ ᠪᠣᠯᠪᠠᠰᠤᠷᠠᠬᠤ ᠪᠠ ᠡᠯ᠎ᠡ ᠵᠦᠢᠯ ᠤᠨ ᠦᠬᠦᠯ ᠤᠨ ᠠᠶᠤᠯ ᠲᠦᠭᠰᠢᠭᠦᠷᠢ ᠶᠢᠨ ᠬᠠᠷᠢᠴᠠᠭ᠎ᠠ ᠶᠢ ᠰᠤᠳᠤᠯᠵᠠᠶ | ᠃ ᠰᠤᠳᠤᠯᠭᠠᠨ ᠤ ᠦᠷ᠎ᠡ ᠳ᠋ᠦᠩ ᠳᠤ᠂ ᠭᠦᠶᠦᠯᠳᠡ ᠶᠢᠨ ᠬᠢᠷᠢ ᠪᠦᠲᠦᠮᠵᠢ ᠪᠠᠷ ᠠᠨᠠᠶ ᠡᠪᠡᠳᠴᠢᠲᠡᠨ ᠨᠢ ᠪᠥᠭᠡᠷᠡᠨ ᠤ | ᠠᠵᠢᠯᠯᠠᠭ᠎ᠠ ᠪᠦᠷᠢᠨ ᠪᠤᠰᠤ ᠡᠪᠡᠳᠴᠢᠳᠡᠨ ᠢ ᠪᠤᠳᠤᠪᠠᠯ ᠦᠬᠦᠬᠦ ᠠᠶᠤᠯ ᠢᠶᠠᠷ ᠪᠠᠷᠤᠭ 2 ᠳᠠᠬᠢᠨ ᠥᠨᠳᠥᠷ ᠪᠠᠶᠢᠳᠠᠭ︔ | ᠬᠥᠳᠡᠯᠭᠡᠭᠡᠨ ᠪᠠᠭ᠎ᠠ ᠬᠢᠳᠡᠭ ᠬᠦᠮᠦᠨ ᠨᠢ ᠬᠥᠳᠡᠯᠭᠡᠭᠡᠨ ᠰᠠᠶᠢᠨ ᠬᠢᠳᠡᠭ ᠬᠦᠮᠦᠨ ᠢ ᠪᠤᠳᠤᠪᠠᠯ ᠦᠬᠦᠬᠦ ᠠᠶᠤᠯ ᠢᠶᠠᠷ | 6 ᠳᠠᠬᠢᠨ ᠦᠨᠳᠦᠷ ᠪᠠᠶᠢᠳᠠᠭ ᠢ ᠢᠯᠡᠷᠡᠬᠦᠯᠵᠡᠢ᠃ ᠰᠤᠳᠤᠯᠭᠠᠨ ᠳᠤ ᠪᠠᠰᠠ ᠬᠥᠳᠡᠯᠭᠡᠭᠡᠨ ᠲᠤᠳᠠᠬᠳᠠᠬᠤ ᠨᠢ ᠲᠠᠮᠠᠬᠢ | ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠬᠤᠯᠠ ᠠᠶᠤᠯ ᠲᠠᠢ ᠬᠡᠳᠡᠭ ᠢ ᠢᠯᠡᠷᠡᠬᠦᠯᠪᠡ᠃ | ᠬᠥᠳᠡᠯᠭᠡᠭᠡᠨ ᠬᠢᠬᠦ ᠨᠢ ᠡᠷᠡᠭᠦᠯ ᠪᠤᠰᠤ ᠠᠮᠢᠳᠤᠷᠠᠯ ᠤᠨ ᠵᠠᠩ ᠲᠠᠳᠬᠠᠯ ᠠᠴᠠ ᠪᠣᠯᠤᠭᠰᠠᠨ ᠨᠥᠯᠥᠭᠡ ᠶᠢ ᠬᠦᠷᠲᠡᠯ᠎ᠡ | ᠠᠷᠢᠯᠭᠠᠵᠤ ᠴᠢᠳᠠᠬᠤ ᠰᠠᠶᠢᠨᠳᠠᠢ ᠲᠠᠯ᠎ᠠ ᠲᠠᠢ ᠪᠤᠯᠬᠤᠷ ᠵᠠᠪᠠᠯ ᠪᠡᠶ᠎ᠡ ᠪᠠᠨ ᠪᠣᠯᠪᠠᠰᠤᠷᠠᠬᠤ ᠬᠡᠷᠡᠭᠳᠡᠢ ᠬᠡᠵᠦ ᠰᠢᠨᠵᠢᠯᠡᠬᠦ | ᠤᠬᠠᠭᠠᠠᠳᠠᠳ ᠤᠷᠢᠶᠠᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠬᠥᠳᠡᠯᠭᠡᠭᠡᠨ ᠬᠢᠬᠦ ᠨᠢ | ᠡᠷᠡᠭᠲᠡᠶ ᠡᠮᠡᠭᠲᠡᠶ ᠭᠡᠵᠦ ᠢᠯᠭᠠᠯ ᠥᠬᠡᠶ᠂ ᠡᠯ᠎ᠡ ᠨᠠᠰᠤᠨ ᠤ ᠬᠦᠮᠦᠰ ᠲᠤ ᠲᠤᠬᠢᠷᠠᠬᠤ ᠰᠠᠶᠢᠨᠳᠠᠢ ᠲᠠᠯ᠎ᠠ ᠲᠠᠢ ᠪᠤᠯᠬᠤᠷ | ᠥᠨᠳᠥᠷ ᠨᠠᠰᠤᠨ ᠤ ᠬᠥᠮᠦᠰ ᠬᠥᠳᠡᠯᠭᠡᠭᠡᠨ ᠬᠢᠭᠰᠡᠨ ᠴᠦ ᠠᠳᠠᠯᠢᠬᠠᠨ ᠠᠰᠢᠭ ᠬᠦᠷᠲᠡᠨ᠎ᠡ ᠬᠡᠵᠦ ᠰᠠᠨᠠᠭᠤᠯᠵᠠᠢ᠃ | | |