ᠢᠲᠡᠭᠡᠨ ᠤᠮᠲᠠᠭᠠᠨ ᠤ ᠳᠦᠷᠦᠯ ᠵᠦᠢᠯ ᠢᠶᠠᠨ ᠤᠯᠠᠰᠢᠷᠠᠭᠤᠯᠪᠠᠯ ᠳᠤᠷᠭᠤᠨ ᠨᠠᠰᠤᠯᠠᠬᠤ ᠳᠦᠭᠰᠢᠬᠦᠷᠢ ᠶᠢ ᠠᠷᠪᠠᠨ ᠤ ᠬᠤᠶᠠᠷ ᠬᠤᠪᠢ ᠪᠠᠭᠠᠰᠬᠠᠵᠤ ᠪᠤᠯᠤᠨ᠎ᠠ
ᠨᠡᠶᠢᠲᠡᠯᠡᠭᠰᠡᠨ ᠴᠠᠭ᠄
2021/11/5
          ᠵᠦᠢ ᠵᠤᠬᠢᠰᠳᠠᠢ ᠢᠲᠡᠭᠡᠨ ᠤᠮᠲᠠᠭᠠᠨ ᠪᠤᠯ ᠡᠷᠡᠬᠦᠯ ᠮᠠᠨᠲᠤ ᠶᠢᠨ ᠳᠤᠲᠠᠭᠳᠠᠰᠢ ᠦᠭᠡᠢ ᠨᠦᠬᠦᠴᠠᠯ ᠤᠨ ᠨᠢᠭᠡ ᠮᠥᠨ᠂ ︽ᠢᠲᠡᠭᠡᠨ ᠤᠮᠲᠠᠭᠠᠨ ᠤ ᠳᠦᠷᠦᠯ ᠵᠦᠢᠯ ᠢᠶᠠᠨ ᠤᠯᠠᠰᠢᠷᠠᠭᠤᠯᠬᠤ︾ ᠤᠬᠠᠭᠲᠠᠬᠤᠨ ᠤᠲᠤ ᠨᠢᠭᠡᠨᠳᠡ ᠬᠦᠮᠦᠰ ᠤᠨ ᠰᠡᠳᠬᠢᠯ ᠳᠤ ᠭᠦᠨ᠎ᠡ ᠰᠠᠭᠤᠭᠲᠠᠵᠤ ᠪᠠᠶᠢᠨ᠎ᠠ᠃ ᠶᠠᠫᠤᠨ ᠤ ᠤᠯᠤᠰ ᠤᠨ ᠦᠮᠠᠨ ᠰᠤᠳᠤᠯᠬᠤ ᠳᠦᠪ ᠤᠨ ᠰᠢᠨᠵᠢᠯᠡᠬᠦ ᠤᠬᠠᠭᠠᠨᠲᠠᠳ᠂ ᠢᠲᠡᠭᠡᠨ ᠤᠮᠲᠠᠭᠠᠨ ᠤ ᠳᠦᠷᠦᠯ ᠵᠦᠢᠯ ᠢᠶᠠᠨ ᠤᠯᠠᠰᠢᠷᠠᠭᠤᠯᠪᠠᠯ ᠳᠤᠷᠭᠤᠨ ᠨᠠᠰᠤᠯᠠᠬᠤ ᠳᠦᠭᠰᠢᠬᠦᠷᠢ ᠶᠢ ᠠᠷᠪᠠᠨ ᠤ ᠬᠤᠶᠠᠷ ᠬᠤᠪᠢ ᠪᠠᠭᠠᠰᠬᠠᠵᠤ ᠪᠤᠯᠤᠨ᠎ᠠ ᠭᠡᠲᠡᠭ ᠢ ᠪᠤᠲᠠᠳᠦ ᠪᠠᠷᠢᠮᠲᠠ ᠪᠠᠷ ᠨᠤᠲᠠᠯᠠᠵᠠᠢ᠃ ᠢᠲᠡᠭᠡᠨ ᠤᠮᠲᠠᠭᠠᠨ ᠤ ᠳᠦᠷᠦᠯ ᠵᠦᠢᠯ ᠢ ᠤᠯᠠᠰᠢᠷᠠᠭᠤᠯᠬᠤ ᠬᠢᠭᠡᠳ ᠦᠬᠦᠬᠦ ᠠᠶᠤᠯ ᠳᠦᠭᠰᠢᠬᠦᠷᠢ ︵ᠡᠯ᠎ᠡ ᠵᠦᠢᠯ ᠤᠨ ᠰᠢᠯᠲᠠᠭᠠᠨ ᠢᠶᠠᠷ ᠦᠬᠦᠬᠦ᠂ ᠦᠮᠡᠨ ᠡᠪᠡᠳᠴᠢᠨ ᠢᠶᠠᠷ ᠦᠬᠦᠬᠦ᠂ ᠤᠷᠴᠢᠯ ᠤᠨ ᠰᠢᠰᠲ᠋ᠧᠮ ᠤᠨ ᠡᠪᠡᠳᠴᠢᠨ ᠢᠶᠠᠷ ᠦᠬᠦᠬᠦ᠂ ᠪᠤᠰᠤᠳ ᠰᠢᠯᠲᠠᠭᠠᠨ ᠢᠶᠠᠷ ᠦᠬᠦᠬᠦ︶᠎ ᠶᠢᠨ ᠬᠤᠭᠤᠷᠤᠨᠲᠤᠬᠢ ᠬᠤᠯᠪᠤᠯᠲᠤᠯ ᠢ ᠲᠤᠲᠤᠯᠠᠨ ᠲᠤᠭᠲᠠᠭᠠᠬᠤ ᠶᠢᠨ ᠳᠤᠰᠠᠳᠠ᠂ ᠤᠤᠯ ᠰᠤᠳᠤᠯᠭᠠᠨ ᠤ ᠳᠤᠭᠤᠶᠢᠯᠠᠩ ᠨᠢ ᠳᠤᠮᠳᠠᠴᠢ ᠪᠠᠷ 40~69 ᠨᠠᠰᠦᠨ ᠤ ᠨᠠᠢᠮᠠᠨ ᠳᠦᠮᠡᠨ ᠶᠠᠫᠤᠨ ᠰᠠᠭᠤᠭᠠᠯᠢ ᠠᠷᠠᠳ ᠲᠤ ᠲᠤᠮᠳᠠᠴᠢ ᠪᠠᠷ 14.9 ᠵᠢᠯ ᠤᠨ ᠮᠦᠷᠲᠡᠭᠰᠡᠨ ᠪᠠᠶᠢᠴᠠᠭᠠᠯᠲᠠ ᠬᠢᠵᠡᠢ᠃ ᠰᠤᠳᠤᠯᠭᠠᠨ ᠤ ᠠᠵᠢᠯᠲᠠᠳ ᠪᠠᠶᠢᠴᠠᠭᠠᠯᠲᠠ ᠬᠢᠬᠦ ᠠᠰᠠᠭᠤᠯᠲᠠ ᠶᠢᠨ ᠬᠠᠭᠤᠳᠠᠰᠦ ᠳᠤ ᠪᠦᠷᠢᠳᠭᠡᠯ ᠬᠢᠬᠡᠳ ᠠᠷᠢᠬᠢᠨ ᠠᠴᠠ ᠭᠠᠲᠠᠨᠠᠬᠢ 133 ᠵᠦᠢᠯ ᠤᠨ ᠡᠳᠦᠷ ᠲᠤᠲᠤᠮ ᠤᠨ ᠢᠲᠡᠭᠡᠨ ᠤᠮᠲᠠᠭᠠᠨ ᠢ ᠪᠦᠷᠢᠳᠭᠡᠵᠦ ᠭᠠᠷᠭᠠᠭᠰᠠᠨ ᠪᠦᠭᠡᠳ ᠳᠤᠷᠰᠢᠯᠲᠠ ᠳᠤ ᠤᠷᠤᠯᠴᠠᠭᠰᠠᠳ ᠤᠨ ᠡᠳᠦᠷ ᠪᠦᠷᠢ ᠶᠢᠨ ᠰᠢᠩᠭᠡᠭᠡᠨ ᠠᠪᠤᠬᠰᠠᠨ ᠢᠲᠡᠭᠡᠨ ᠤ ᠳᠤᠭ᠎ᠠ ᠬᠡᠮᠵᠢᠶ᠎ᠡ ᠶᠢ ᠦᠨᠳᠦᠰᠦᠯᠠᠨ ᠲᠠᠲᠠᠨ ᠢ ᠲᠠᠪᠤᠨ ᠲᠤᠭᠤᠶᠢᠯᠠᠩ ᠳᠤ ᠬᠤᠪᠢᠶᠠᠵᠠᠢ᠃ ᠰᠤᠳᠤᠯᠭᠠᠨ ᠤ ᠳ᠋ᠦᠩ ᠠᠴᠠ ᠦᠵᠡᠪᠡᠯ᠂ ᠡᠳᠦᠷ ᠪᠦᠷᠢ ᠶᠢᠨ ᠰᠢᠩᠭᠡᠭᠡᠵᠦ ᠠᠪᠤᠬᠰᠠᠨ ᠢᠲᠡᠭᠡᠨ ᠤ ᠳᠦᠷᠦᠯ ᠵᠦᠢᠯ ᠨᠢ ᠬᠠᠮᠤᠭ ᠤᠨ ᠪᠠᠭ᠎ᠠ ᠳᠤᠭᠤᠶᠢᠯᠠᠩ ᠲᠠᠢ ᠬᠠᠷᠢᠴᠠᠭᠤᠯᠪᠠᠯ᠂ ᠡᠳᠦᠷ ᠪᠦᠷᠢ ᠶᠢᠨ ᠰᠢᠩᠭᠡᠭᠡᠵᠦ ᠠᠪᠤᠬᠰᠠᠨ ᠢᠲᠡᠭᠡᠨ ᠤ ᠳᠦᠷᠦᠯ ᠵᠦᠢᠯ ᠨᠢ ᠬᠠᠮᠤᠭ ᠤᠨ ᠠᠷᠪᠢᠨ ᠲᠤᠭᠤᠶᠢᠯᠠᠩ ᠤᠨ ᠡᠮᠡᠭᠲᠡᠶᠢᠴᠦᠳ ᠤᠨ ᠡᠯ᠎ᠡ ᠵᠦᠢᠯ ᠤᠨ ᠰᠢᠯᠲᠠᠭᠠᠨ ᠢᠶᠠᠷ ᠦᠬᠦᠬᠦ ᠳᠦᠭᠰᠢᠬᠦᠷᠢ ᠨᠢ 19% ᠲᠤᠷᠤᠭᠰᠢᠯᠠᠵᠤ᠂ ᠤᠷᠴᠢᠯ ᠤᠨ ᠰᠢᠰᠲ᠋ᠧᠮ ᠤᠨ ᠡᠪᠡᠳᠴᠢᠨ ᠢᠶᠠᠷ ᠦᠬᠦᠬᠦ ᠳᠦᠭᠰᠢᠬᠦᠷᠢ ᠨᠢ 34%᠎ ᠪᠠᠷ ᠲᠤᠷᠤᠭᠰᠢᠯᠠᠵᠤ᠂ ᠪᠤᠰᠤᠳ ᠰᠢᠯᠲᠠᠭᠠᠨ ᠢᠶᠠᠷ ᠦᠬᠦᠬᠦ ᠳᠦᠭᠰᠢᠬᠦᠷᠢ ᠨᠢ 24%᠎ ᠪᠠᠷ ᠲᠤᠷᠤᠭᠰᠢᠯᠠᠨ᠎ᠠ᠃ ᠡᠬᠦᠨ ᠠᠴᠠ ᠭᠠᠲᠠᠨ᠎ᠠ᠂ ᠡᠷᠡᠭᠲᠡᠢ ᠬᠦᠮᠦᠨ ᠤ ᠰᠢᠩᠭᠡᠭᠡᠨ ᠠᠪᠤᠬᠰᠠᠨ ᠵᠢᠮᠢᠰ ᠤᠨ ᠳᠦᠷᠦᠯ ᠵᠦᠢᠯ ᠨᠢ ᠤᠯᠠᠮ ᠠᠷᠪᠢᠨ ᠪᠤᠯᠬᠤ ᠲᠤᠲᠤᠮ᠂ ᠡᠮᠡᠭᠲᠡᠢ ᠬᠦᠮᠦᠨ ᠤ ᠰᠢᠩᠭᠡᠭᠡᠨ ᠠᠪᠤᠬᠰᠠᠨ ᠪᠤᠷᠴᠠᠭ ᠤᠨ ᠳᠦᠷᠦᠯ ᠵᠦᠢᠯ ᠨᠢ ᠤᠯᠠᠮ ᠠᠷᠪᠢᠨ ᠪᠤᠯᠬᠤ ᠲᠤᠲᠤᠮ ᠦᠬᠦᠬᠦᠲ᠋ᠦ᠋ᠭᠰᠢᠬᠦᠷᠢ ᠨᠢ ᠤᠯᠠᠮ ᠪᠠᠭ᠎ᠠ ᠪᠤᠯᠤᠨ᠎ᠠ︔ ᠡᠷᠡᠭᠲᠡᠢ ᠬᠦᠮᠦᠨ ᠤ ᠰᠢᠩᠭᠡᠭᠡᠨ ᠠᠪᠤᠬᠰᠠᠨ ᠮᠢᠬᠠᠨ ᠤ ᠳᠦᠷᠦᠯ ᠵᠦᠢᠯ ᠬᠡᠳᠦᠢ ᠠᠷᠪᠢᠨ ᠪᠤᠯᠬᠤ ᠲᠤᠲᠤᠮ ᠦᠬᠦᠬᠦ ᠳᠦᠭᠰᠢᠬᠦᠷᠢ ᠨᠢ ᠳᠡᠳᠦᠢ ᠶᠡᠭᠡ ᠪᠤᠯᠤᠨ᠎ᠠ᠃ ᠰᠤᠳᠤᠯᠭᠠᠨ ᠤ ᠠᠵᠢᠯᠲᠠᠳ ᠵᠠᠲᠠᠯᠤᠯᠲᠠ ᠬᠢᠭᠰᠡᠨ ᠤ ᠲᠠᠷᠠᠭ᠎ᠠ ᠵᠢᠭᠠᠵᠤ ᠭᠠᠷᠭᠠᠭᠰᠠᠨ ᠨᠢ᠂ ᠡᠮᠡᠭᠲᠡᠶᠢᠴᠤᠳ ᠲᠠᠢ ᠬᠠᠷᠢᠴᠠᠭᠤᠯᠪᠠᠯ᠂ ᠡᠷᠡᠭᠲᠡᠶᠢᠴᠤᠳ ᠤᠨ ᠠᠷᠬᠢ ᠲᠠᠮᠠᠬᠢ ᠤᠤᠭᠤᠬᠤ ᠨᠤᠷᠮ᠎ᠠ ᠨᠢ ᠨᠡᠯᠢᠶᠡᠳ ᠦᠨᠳᠦᠷ᠂ ᠠᠮᠢᠲᠠᠨ ᠤ ᠤᠭᠤᠷᠠᠭ ᠡᠳ᠋ ᠢ ᠰᠢᠩᠭᠡᠭᠡᠨ ᠠᠪᠬᠤ ᠨᠢ ᠨᠡᠯᠢᠶᠡᠳ ᠶᠡᠭᠡ ᠪᠠᠶᠢᠲᠠᠭ᠃ ᠡᠶᠢᠮᠦ ᠳᠤ ᠢᠲᠡᠭᠡᠨ ᠤᠮᠲᠠᠭᠠᠨ ᠤ ᠳᠦᠷᠦᠯ ᠵᠦᠢᠯ ᠢ ᠤᠯᠠᠰᠢᠷᠠᠭᠤᠯᠬᠤ ᠶᠠᠪᠤᠲᠠᠯ ᠠᠴᠠ ᠡᠷᠡᠭᠲᠡᠢ ᠬᠦᠮᠦᠨ ᠤ ᠡᠷᠲᠡ ᠦᠬᠦᠬᠦ ᠳᠦᠭᠰᠢᠬᠦᠷᠢ ᠳᠤ ᠦᠵᠡᠬᠦᠯᠬᠦ ᠨᠦᠯᠦᠭᠡ ᠨᠢ ᠡᠮᠡᠭᠲᠡᠢ ᠶᠢᠨ ᠬᠢ ᠰᠢᠭ ᠳᠡᠶᠢᠮᠦ ᠳᠤᠳᠤᠷᠬᠠᠢ ᠪᠢᠰᠢ᠃ ᠢᠲᠡᠭᠡᠨ ᠤᠮᠲᠠᠭᠠᠨ ᠤ ᠳᠤᠬᠠᠢ ᠳᠡᠶᠢᠮᠦ ᠶᠡᠭᠡ ᠤᠨᠤᠯ ᠤᠨ ᠮᠡᠲᠡᠯᠭᠡ ᠦᠭᠡᠢ ᠪᠤᠯᠪᠠᠴᠦ ᠡᠩ ᠤᠨ ᠴᠠᠭ ᠲᠠᠭᠠᠨ ᠢᠲᠡᠭᠡᠨ ᠤᠮᠲᠠᠭᠠᠨ ᠤ ᠳᠦᠷᠦᠯ ᠵᠦᠢᠯ ᠢᠶᠠᠨ ᠤᠯᠠᠰᠢᠷᠠᠭᠤᠯᠵᠤ᠂ ᠰᠢᠮ᠎ᠡ ᠳᠡᠵᠢᠭᠡᠯ ᠢ ᠲᠡᠩᠴᠡᠬᠦᠷᠢᠲᠡᠢ ᠪᠠᠶᠢᠯᠭᠠᠲᠠᠭ ᠯᠠ ᠶᠤᠮ ᠪᠤᠯ ᠡᠷᠡᠬᠦᠯ ᠮᠠᠨᠳᠦ ᠶᠢᠨ ᠳᠦᠪᠰᠢᠨ ᠢᠶᠠᠨ ᠲᠡᠭᠡᠭᠰᠢᠯᠡᠬᠦᠯᠵᠦ ᠪᠤᠯᠤᠨ᠎ᠠ ᠭᠡᠵᠤ ᠮᠡᠷᠭᠡᠵᠢᠯᠲᠡᠳ ᠬᠡᠯᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号