90 ᠤᠨ ᠠᠴᠠ ᠬᠤᠶᠢᠰᠢ ᠲᠥᠷᠥᠭᠰᠡᠨ ᠵᠠᠯᠠᠭᠤᠴᠤᠳ ᠭᠡᠳᠡᠰᠤᠨ ᠤ ᠦᠮᠡᠨ ᠳᠤ ᠨᠡᠷᠪᠡᠭᠳᠡᠬᠦ ᠠᠴᠠ ᠤᠨᠴᠠᠭᠠᠢ ᠰᠡᠷᠬᠡᠶᠢᠯᠡᠬᠦ ᠬᠡᠷᠡᠭᠳᠡᠢ
ᠨᠡᠶᠢᠲᠡᠯᠡᠭᠰᠡᠨ ᠴᠠᠭ᠄
2021/11/5
         ᠠᠮᠧᠷᠢᠺᠠ ᠶᠢᠨ ᠦᠮᠡᠨ ᠡᠪᠡᠳᠴᠢᠨ ᠢ ᠰᠡᠷᠭᠡᠶᠢᠯᠡᠬᠦ ᠨᠡᠶᠢᠬᠡᠮᠯᠢᠭ ︵ACS︶᠎ ᠤᠨ ᠰᠤᠳᠤᠯᠭᠠᠨ ᠤ ᠳ᠋ᠦᠩ ᠠᠴᠠ ᠦᠵᠡᠪᠡᠯ᠂ ᠤᠷᠴᠢᠮ ᠤᠨ ᠵᠢᠯ ᠳᠤ 1990 ᠣᠨ ᠠᠴᠠ ᠬᠤᠶᠢᠰᠢ ᠲᠦᠷᠦᠭᠰᠡᠨ ᠵᠠᠯᠠᠭᠤᠴᠤᠳ ᠤᠨ ᠬᠤᠳᠤᠷᠢᠩᠬᠠᠢ ᠶᠢᠨ ᠦᠮᠡᠨ ᠪᠠ ᠬᠤᠰᠬᠢᠨᠠᠭ ᠤᠨ ᠦᠮᠡᠨ ᠳᠤ ᠨᠡᠷᠪᠡᠭᠳᠡᠬᠦ ᠨᠤᠷᠮ᠎ᠠ ᠨᠢ ᠢᠯᠡᠷᠬᠡᠢ ᠨᠡᠮᠡᠭᠳᠡᠵᠦ ᠪᠠᠶᠢᠬᠤ ᠪᠦᠬᠡᠳ ᠡᠨᠡᠬᠦ ᠨᠣᠷᠮ᠎ᠠ ᠨᠢ 1950 ᠤᠨ ᠠᠴᠠ ᠬᠤᠶᠢᠰᠢ ᠲᠦᠷᠦᠭᠰᠡᠨ ᠬᠦᠮᠦᠰ ᠤᠨ 2 ~ 4 ᠳᠠᠬᠢᠨ ᠪᠤᠯᠤᠬᠰᠠᠨ ᠪᠠᠶᠢᠨ᠎ᠠ᠃ ᠲᠡᠭᠡᠪᠡᠯ ᠤᠳᠤ ᠶᠢᠨ ᠵᠠᠯᠠᠭᠤᠴᠤᠳ ᠶᠠᠭᠠᠬᠢᠭᠠᠳ ᠭᠡᠳᠡᠰᠤᠨ ᠤ ᠦᠮᠡᠨ ᠳᠤ ᠡᠶᠢᠮᠦ ᠠᠮᠠᠷᠬᠠᠨ ᠨᠡᠷᠪᠡᠭᠳᠡᠬᠦ ᠪᠤᠯᠤᠬᠰᠠᠨ ᠪᠤᠢ︖ ᠭᠡᠪᠡᠯ ᠡᠨᠡ ᠨᠢ ᠲᠡᠳᠡᠨ ᠤ ᠢᠳᠡᠬᠡᠨ ᠤ ᠳᠠᠳᠬᠠᠯ ᠵᠢᠴᠢ ᠠᠮᠢᠳᠤᠷᠠᠯ ᠤᠨ ᠳᠠᠳᠬᠠᠯ ᠲᠠᠢ ᠨᠢᠭᠲᠠ ᠬᠤᠯᠪᠤᠭ᠎ᠠ ᠲᠠᠢ ᠶᠤᠮ᠃ ᠨᠢᠭᠡ᠂ ᠦᠬᠡᠬᠦᠯᠢᠭ ᠢᠳᠡᠬᠡᠨ ᠢ ᠬᠡᠳᠦᠷᠬᠡᠢ ᠢᠳᠡᠬᠦ ︽ᠡᠰ ︵cell︶︾ ᠰᠡᠳᠬᠦᠯ ᠳᠤ ᠨᠡᠶᠢᠳᠡᠯᠡᠭᠰᠡᠨ ᠨᠢᠭᠡ ᠰᠤᠳᠤᠯᠭᠠᠨ ᠤ ᠳ᠋ᠦᠩ ᠳᠤ᠂ ᠦᠬᠡᠬᠦᠯᠢᠭ ᠢᠳᠡᠬᠡᠨ ᠨᠢ ᠭᠡᠳᠡᠰᠤᠨ ᠤ ᠦᠮᠡᠨ ᠢ ︽ᠲᠦᠷᠭᠡᠨ ᠡᠭᠦᠰᠬᠡᠭᠴᠢ︾ ᠪᠣᠯᠬᠤ ᠶᠢ ᠣᠯᠵᠤ ᠮᠡᠳᠡᠵᠡᠢ᠃ ᠡᠬᠦᠨ ᠠᠴᠠ ᠦᠵᠡᠬᠦ ᠳᠤ ᠦᠬᠡᠬᠦᠯᠢᠭ ᠢᠳᠡᠬᠡᠨ ᠬᠡᠲᠦᠷᠬᠡᠢ ᠢᠳᠡᠬᠦ ᠨᠢ ᠭᠡᠳᠡᠰᠤᠨ ᠤ ᠦᠮᠡᠨ ᠳᠤ ᠨᠡᠷᠪᠡᠭᠳᠡᠬᠦ ᠪᠤᠯᠤᠮᠵᠢ ᠶᠢ ᠶᠡᠭᠡ ᠪᠠᠷ ᠨᠡᠮᠡᠭᠳᠡᠬᠦᠯᠳᠡᠭ ᠪᠠᠶᠢᠨ᠎ᠠ᠃ ᠬᠤᠶᠠᠷ᠂ ᠲᠠᠮᠠᠬᠢ ᠲᠠᠲᠠᠬᠤ ᠳᠡᠯᠡᠬᠡᠢ ᠶᠢᠨ ᠡᠷᠡᠬᠦᠯ ᠬᠠᠮᠠᠭᠠᠯᠠᠯ ᠤᠨ ᠪᠠᠶᠢᠭᠤᠯᠭ᠎ᠠ ᠶᠢᠨ ᠨᠡᠶᠢᠳᠡᠯᠡᠭᠰᠡᠨ ︽ᠳᠠᠮᠠᠬᠢᠨ ᠤ ᠬᠥᠮᠥᠨ ᠳᠤ ᠦᠵᠡᠭᠦᠯᠬᠦ ᠬᠤᠣᠷ ᠨᠥᠯᠥᠭᠡ︾ ᠭᠡᠳᠡᠭ ᠵᠣᠬᠢᠶᠠᠯ ᠳᠤ ᠲᠡᠮᠳᠡᠭᠯᠡᠬᠦ ᠳᠡᠭᠡᠨ᠂ ᠳᠠᠮᠠᠬᠢᠨ ᠤ ᠪᠦᠷᠢᠯᠳᠦᠬᠦᠨ ᠪᠤᠯᠬᠤ ᠤᠯᠠᠨ ᠬᠢᠮᠢ ᠶᠢᠨ ᠪᠦᠳᠦᠭᠡᠭᠳᠡᠬᠦᠨ ᠤ ᠲᠤᠳᠤᠷ᠎ᠠ ᠨᠠᠭᠠᠲᠤ ᠵᠠᠬ᠎ᠠ ᠳᠠᠭᠠᠨ 70 ᠲᠦᠷᠦᠯ ᠨᠢ ᠦᠮᠡᠨ ᠡᠭᠦᠰᠬᠡᠵᠦ ᠮᠡᠳᠡᠨ᠎ᠡ ᠭᠡᠵᠡᠢ᠃ ᠭᠤᠷᠪᠠ᠂ ᠤᠷᠳᠤ ᠬᠤᠭᠤᠴᠠᠭ᠎ᠠ ᠪᠠᠷ ᠰᠠᠭᠤᠵᠦ ᠬᠦᠳᠡᠯᠬᠡᠬᠡᠨ ᠬᠢᠬᠦ ᠦᠬᠡᠢ ᠪᠠᠶᠢᠬᠤ 2017 ᠤᠨ ᠤ 9 ᠳ᠋ᠦ᠋ᠭᠡᠷ ᠰᠠᠷ᠎ᠠ ᠳᠤ᠂ ᠠᠩᠭ᠍ᠯᠢ ᠶᠢᠨ ︽ᠳᠡᠯᠡᠬᠡᠢ ᠶᠢᠨ ᠲᠠᠬᠤᠯ ᠡᠪᠡᠳᠴᠢᠨ ᠤ ᠤᠬᠠᠭᠠᠨ ᠤ ᠰᠡᠳᠬᠦᠯ︾ ᠳᠡᠬᠡᠷ᠎ᠡ ᠨᠡᠶᠢᠳᠡᠯᠡᠭᠰᠡᠨ ᠰᠤᠳᠤᠯᠭᠠᠨ ᠤ ᠳ᠋ᠦᠩ ᠠᠴᠠ ᠦᠵᠡᠪᠡᠯ᠂ ᠠᠯᠪᠠᠨ ᠭᠡᠷ ᠲᠤ ᠤᠳᠠᠭᠠᠨ ᠰᠠᠭᠤᠵᠦ ᠬᠦᠳᠡᠯᠬᠡᠬᠡᠨ ᠬᠢᠳᠡᠭ ᠦᠬᠡᠢ ᠬᠦᠮᠦᠨ ᠤ ᠭᠡᠳᠡᠰᠤᠨ ᠤ ᠦᠮᠡᠨ ᠳᠤ ᠨᠡᠷᠪᠡᠭᠳᠡᠬᠦ ᠪᠤᠯᠤᠮᠵᠢ ᠪᠤᠰᠤᠳ ᠬᠥᠮᠥᠰ ᠠᠴᠠ 44%᠎ ᠪᠠᠷ ᠨᠡᠮᠡᠭᠳᠡᠨ᠎ᠡ᠂ ᠡᠶᠢᠮᠦ ᠠᠴᠠ ᠵᠤᠬᠢᠬᠤ ᠬᠡᠮᠵᠢᠶᠡᠨ ᠤ ᠬᠦᠳᠡᠯᠬᠡᠬᠡᠨ ᠬᠢᠬᠦ ᠨᠢ ᠬᠤᠳᠤᠷᠢᠩᠬᠠᠢ ᠶᠢᠨ ᠦᠮᠡᠨ᠂ ᠬᠤᠰᠬᠢᠨᠠᠭ ᠤᠨ ᠦᠮᠡᠨ ᠳᠤ ᠨᠡᠷᠪᠡᠭᠳᠡᠬᠦ ᠠᠶᠤᠯ ᠢ ᠪᠠᠭᠠᠰᠬᠠᠨ᠎ᠠ ᠭᠡᠵᠡᠢ᠃ ᠳᠦᠷᠪᠠ᠂ ᠪᠦᠳᠦᠬᠦᠯᠢᠭ ᠬᠤᠭᠤᠯᠠ᠂ ᠵᠢᠮᠢᠰ ᠨᠤᠭᠤᠭ᠎ᠠ ᠪᠠᠭ᠎ᠠ ᠢᠳᠡᠬᠦ ᠤᠳᠤ ᠶᠢᠨ ᠬᠦᠮᠦᠰ ᠬᠤᠭᠤᠯᠠᠯᠠᠬᠤ ᠳᠠᠭᠠᠨ ᠪᠦᠷ ᠳᠤᠳᠤᠷᠭ᠎ᠠ ᠴᠠᠭᠠᠨ ᠭᠤᠯᠢᠷ᠂ ᠮᠢᠬ᠎ᠠ ᠲᠤᠰᠤ ᠪᠠᠷ ᠭᠤᠣᠯᠯᠠᠭᠤᠯᠵᠤ᠂ ᠪᠠᠶᠢᠭᠠᠯᠢᠯᠢᠭ ᠨᠤᠭᠤᠭ᠎ᠠ ᠴᠠᠭ᠎ᠠ᠂ ᠵᠢᠮᠢᠰ ᠪᠠ ᠪᠦᠳᠦᠬᠦᠯᠢᠭ ᠠᠮᠤ ᠪᠠᠭ᠎ᠠ ᠢᠳᠡᠬᠦ ᠪᠤᠯᠵᠠᠢ᠃ ᠦᠨᠡᠨ ᠳᠡᠭᠡᠨ ᠪᠦᠳᠦᠬᠦᠯᠢᠭ ᠠᠮᠤ᠂ ᠨᠤᠭᠤᠭ᠎ᠠ ᠵᠢᠮᠢᠰ ᠵᠡᠷᠬᠡ ᠳᠤ ᠡᠯᠪᠡᠭ ᠪᠠᠶᠠᠯᠢᠭ ᠢᠳᠡᠰᠢᠨ ᠤ ᠰᠢᠷᠭᠡᠭᠯᠢᠭ ᠠᠭᠤᠯᠤᠬᠳᠠᠵᠦ ᠪᠠᠶᠢᠬᠤ ᠪᠥᠭᠡᠳ ᠲᠡᠷᠡ ᠨᠢ ᠭᠡᠳᠡᠰᠤᠨ ᠤ ᠦᠮᠡᠨ ᠳᠤ ᠨᠡᠷᠪᠡᠭᠳᠡᠬᠦ ᠠᠶᠤᠯ ᠢ ᠵᠣᠬᠢᠬᠤ ᠬᠡᠮᠵᠢᠶ᠎ᠡ ᠪᠠᠷ ᠪᠠᠭᠠᠰᠬᠠᠵᠦ ᠴᠢᠳᠠᠨ᠎ᠠ᠃ ᠭᠡᠳᠡᠰᠤᠨ ᠤ ᠦᠮᠡᠨ ᠢ ᠤᠷᠢᠳᠴᠢᠯᠠᠨ ᠰᠡᠷᠬᠡᠶᠢᠯᠡᠬᠦ ᠳᠤ ︽ᠢᠳᠡᠬᠡᠨ ᠤᠮᠳᠠᠭᠠᠨ᠂ ᠬᠦᠳᠡᠯᠬᠡᠬᠡᠨ ᠪᠠ ᠪᠡᠶ᠎ᠡ ᠶᠢᠨ ᠰᠢᠨᠵᠢᠯᠡᠭᠡ︾ ᠵᠡᠷᠭᠡ ᠶᠢ ᠬᠠᠮᠲᠤ ᠳᠤᠨᠢ ᠴᠢᠬᠤᠯᠠᠴᠢᠯᠠᠬᠤ ᠬᠡᠷᠡᠭᠳᠡᠢ᠃ ᠢᠳᠡᠬᠡᠨ ᠤᠮᠳᠠᠭᠠᠨ ᠤ ᠳᠠᠯ᠎ᠠ ᠪᠠᠷ᠂ ᠥᠭᠡᠬᠦ ᠪᠠ ᠮᠢᠬ᠎ᠠ ᠲᠤᠰᠤ ᠶᠢ ᠪᠠᠭ᠎ᠠ ᠢᠳᠡᠵᠦ᠂ ᠨᠤᠭᠤᠭ᠎ᠠ ᠵᠢᠮᠢᠰ ᠪᠠ ᠪᠦᠳᠦᠬᠦᠯᠢᠭ ᠠᠮᠤ ᠶᠢ ᠢᠯᠡᠬᠦᠦ ᠢᠳᠡᠬᠦ ᠬᠡᠷᠡᠭᠳᠡᠢ᠃ ᠤᠷᠳᠤ ᠬᠤᠭᠤᠴᠠᠭ᠎ᠠ ᠰᠠᠭᠤᠵᠦ ᠬᠦᠳᠡᠯᠬᠡᠬᠡᠨ ᠬᠢᠳᠡᠭ ᠦᠬᠡᠢ ᠬᠦᠮᠦᠰ ᠡᠨᠡᠬᠦ ᠳᠠᠳᠬᠠᠯ ᠢᠶᠠᠨ ᠳᠠᠶᠠᠬᠳᠠᠵᠦ ᠢᠯᠡᠬᠦᠦ ᠬᠦᠳᠡᠯᠬᠡᠬᠡᠨ ᠬᠢᠬᠦ ᠬᠡᠷᠡᠭᠳᠡᠢ᠃ ᠬᠡᠷᠪᠡ ᠳᠤᠤᠷᠠᠬᠢ ᠮᠡᠳᠤ ᠶᠢᠨ ᠪᠠᠶᠢᠳᠠᠯ ᠢᠯᠡᠷᠡᠪᠡᠯ ᠳᠦᠷᠬᠡᠨ ᠭᠡᠳᠡᠰᠦᠨ ᠤ ᠰᠢᠨᠵᠢᠯᠡᠭᠡ ᠬᠢᠯᠭᠡᠬᠦ ᠬᠡᠷᠡᠭᠳᠡᠢ᠄ 1. ᠪᠠᠶᠢᠩᠭᠤ ᠰᠠᠭᠤᠯᠭᠠᠬᠤ 2. ᠡᠭᠡᠯᠵᠢᠯᠡᠨ ᠰᠠᠭᠤᠯᠭᠠᠵᠤ ᠬᠤᠷᠭᠤᠰᠤᠯᠠᠬᠤ 3. ᠲᠤᠤᠱᠲᠠᠢ ᠰᠠᠶᠢᠨ ᠭᠠᠳᠠᠭᠠᠯᠠᠵᠤ ᠳᠡᠶᠢᠯᠬᠦ ᠦᠬᠡᠢ ᠪᠠᠶᠢᠬᠤ 4. ᠳᠠᠪᠤᠰᠠᠩ ᠤᠨ ᠬᠡᠰᠡᠭ ᠡᠪ ᠦᠬᠡᠶᠢᠷᠡᠨ᠂ ᠭᠠᠳᠠᠭᠠᠯᠠᠵᠤ ᠳᠡᠶᠢᠯᠬᠦ ᠦᠭᠡᠢ ᠪᠠᠶᠢᠬᠤ ᠵᠡᠷᠭᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号