ᠵᠢᠷᠦᠬᠡᠨ ᠤ ᠡᠪᠡᠳᠴᠢᠲᠡᠨ ᠭᠤᠷᠪᠠᠨ ᠵᠦᠢᠯ ᠤᠨ ᠮᠠᠭᠤ ᠤᠷᠮ᠎ᠠ ᠰᠡᠳᠬᠢᠯᠭᠡ ᠶᠢ ᠲᠡᠪᠴᠢᠬᠦ ᠬᠡᠷᠡᠭᠲᠡᠢ
ᠨᠡᠶᠢᠲᠡᠯᠡᠭᠰᠡᠨ ᠴᠠᠭ᠄
2021/11/5
             ᠰᠢᠨᠡᠬᠡᠨ ᠰᠤᠳᠤᠯᠭᠠᠨ ᠢᠶᠠᠷ᠂ ᠠᠩᠭ᠍ᠯᠢ ᠶᠢᠨ ᠫᠣᠰᠳ᠋ᠮᠥᠰ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠠᠯᠪᠤᠷᠢ ᠶᠢᠨ ᠰᠠᠮᠠᠨᠰᠠ · ᠮᠧᠷᠧᠳᠢᠰ ᠳ᠋ᠣᠺᠲ᠋ᠣᠷ ᠵᠢᠴᠢ ᠲᠡᠭᠦᠨ ᠤ ᠰᠤᠳᠤᠯᠭᠠᠨ ᠤ ᠳᠤᠭᠤᠢᠢᠯᠠᠩ ᠵᠢᠷᠦᠬᠡᠨ ᠤ ᠡᠪᠡᠳᠴᠢᠲᠡᠨ ᠤ ᠥᠩᠭᠡᠷᠡᠭᠦᠯᠦᠭᠰᠡᠨ ᠰᠡᠳᠬᠢᠯ ᠵᠣᠪᠠᠭ᠋ᠤ᠂ ᠭᠠᠩᠰᠠᠷᠠᠬᠤ᠂ ᠡᠵᠡᠮᠰᠢᠯ ᠢᠶᠠᠨ ᠠᠯᠳᠠᠬᠤ ᠰᠡᠳᠬᠢᠯᠭᠡ ᠪᠣᠯᠤᠨ ᠪᠤᠰᠤᠳ ᠥᠪᠡᠷ ᠤᠨ ᠰᠡᠷᠡᠯ ᠵᠡᠷᠭᠡ ᠶᠢ ᠨᠢᠭᠡ ᠵᠢᠯ ᠤᠨ ᠬᠤᠭᠤᠴᠠᠭ᠎ᠠ ᠲᠠᠢ ᠲᠠᠭᠠᠨ ᠪᠠᠶᠢᠴᠠᠭᠠᠵᠠᠢ᠃ ᠡᠭᠦᠨ ᠤ ᠳ᠋ᠦᠩ ᠳᠤ ᠤᠯᠵᠤ ᠮᠡᠳᠡᠭᠰᠡᠨ ᠨᠢ᠂ ᠵᠢᠷᠦᠬᠡᠨ ᠤ ᠡᠪᠡᠳᠴᠢᠨ ᠬᠥᠳᠡᠯᠦᠭᠰᠡᠨ ᠤ ᠳᠠᠷᠠᠭ᠎ᠠ ᠴᠥᠭᠡᠨ ᠪᠤᠰᠤ ᠬᠥᠮᠦᠰ ᠨᠠᠵᠠᠭᠠᠶ ᠰᠡᠳᠬᠢᠴᠡ ᠶᠢᠨ ᠨᠥᠯᠥᠭᠡᠨ ᠳᠤ ᠲᠤᠯᠭᠠᠷᠠᠳᠠᠭ ᠪᠠᠶᠢᠨ᠎ᠠ ᠂ ᠡᠨᠡ ᠨᠢ ᠭᠤᠣᠯᠳᠠᠭᠤ ᠭᠤᠷᠪᠠᠨ ᠵᠦᠢᠯ ᠤᠨ ᠬᠡᠯᠪᠡᠷᠢ ᠲᠠᠢ᠃ ᠨᠢᠭᠡ ᠳᠤ᠂ ᠡᠮᠡᠭᠲᠡᠶ ᠡᠪᠡᠳᠴᠢᠲᠡᠨ ᠲᠠᠢ ᠬᠠᠷᠢᠴᠠᠭᠤᠯᠪᠠᠯ᠂ ᠡᠷᠡᠭᠲᠡᠶ ᠶᠢᠨ ᠳᠡᠭᠡᠷᠡᠩᠭᠦᠶ ᠦᠵᠡᠯ ᠲᠠᠢ ᠡᠪᠡᠳᠴᠢᠲᠡᠨ ᠨᠢ ᠡᠪᠡᠳᠴᠢᠨ ᠬᠥᠳᠡᠯᠦᠭᠰᠡᠨ ᠤ ᠰᠡᠭᠦᠯᠡᠷ ᠤᠷᠮ᠎ᠠ ᠰᠡᠳᠬᠢᠯᠭᠡ ᠶᠢᠨ ᠭᠡᠮᠲᠦᠯ ᠨᠡᠩ ᠠᠮᠠᠷᠬᠠᠨ ᠡᠭᠦᠰᠳᠡᠭ᠃ ᠡᠳᠡᠭᠡᠷ ᠡᠷᠡᠭᠲᠡᠶ ᠡᠪᠡᠳᠴᠢᠲᠡᠨ ᠵᠢᠷᠦᠬᠡᠨ ᠤ ᠡᠪᠡᠳᠴᠢᠨ ᠳᠤ ᠨᠡᠷᠪᠡᠭᠳᠡᠮᠡᠭᠴᠡ ᠥᠪᠡᠷ ᠢ ᠪᠠᠨ ︽ᠬᠡᠷᠡᠭ ᠦᠭᠡᠢ ᠬᠥᠮᠦᠨ︾ ᠭᠡᠵᠦ ᠦᠵᠡᠬᠦ ᠨᠢ ᠬᠢᠯᠪᠠᠷ ᠪᠠᠶᠢᠵᠤ᠂ ︽ᠡᠪᠡᠳᠴᠢᠲᠡᠨ︾ ᠭᠡᠰᠡᠨ ᠱᠣᠰᠢᠭ᠎ᠠ ᠲᠠᠢ ᠪᠤᠯᠬᠤ ᠠᠴᠠ ᠠᠶᠤᠳᠠᠭ᠃ ᠡᠭᠦᠨ ᠤ ᠬᠠᠮᠲᠤ᠂ ᠪᠡᠶ᠎ᠡ ᠮᠠᠬᠠᠪᠣᠳ ᠤᠨ ᠳᠤᠷᠤᠢ ᠪᠠᠭᠤᠷᠠᠶ ᠪᠠᠶᠢᠳᠠᠯ ᠨᠢ ᠪᠠᠰᠠ ᠲᠡᠳᠡᠨ ᠤ ᠤᠷᠮ᠎ᠠ ᠦᠭᠡᠶᠢᠲᠡᠵᠦ ᠪᠤᠬᠢᠨᠢᠳᠤᠬᠤ ᠰᠡᠳᠬᠢᠯᠭᠡ ᠶᠢ ᠨᠡᠮᠡᠭᠳᠡᠭᠦᠯᠳᠡᠭ᠃ ᠬᠤᠶᠠᠷ ᠲᠤ᠂ ᠵᠢᠷᠦᠬᠡᠨ ᠤ ᠡᠪᠡᠳᠴᠢᠨ ᠬᠥᠳᠡᠯᠦᠭᠰᠡᠨ ᠤ ᠳᠠᠷᠠᠭ᠎ᠠ᠂ ᠵᠠᠷᠢᠮ ᠡᠪᠡᠳᠴᠢᠲᠡᠨ ᠵᠢᠷᠦᠬᠡᠨ ᠤ ᠠᠰᠠᠭᠤᠳᠠᠯ ᠳᠤ ᠬᠢᠴᠢᠶᠡᠮᠡᠲᠡᠭᠡᠢ ᠪᠤᠯᠳᠠᠭ᠂ ᠡᠶᠢᠮᠦ ᠤᠷᠮ᠎ᠡ ᠰᠡᠳᠬᠢᠯᠭᠡ ᠶᠢᠨ ᠭᠡᠮᠲᠦᠯ ᠤᠨ ᠨᠢᠭᠡᠨ ᠨᠡᠶᠢᠲᠡᠯᠢᠭ ᠢᠯᠡᠷᠡᠯ ᠨᠢ ︽ᠵᠢᠷᠦᠬᠡᠨ ᠠᠴᠠ ᠵᠢᠷᠦᠬᠡᠰᠢᠶᠡᠬᠦ ᠭᠡᠮ︾ ᠪᠤᠯᠤᠨ᠎ᠠ — ᠵᠢᠷᠦᠬᠡᠨ ᠤ ᠳᠠᠪᠲᠠᠮᠵᠢ ᠥᠨᠳᠦᠷᠰᠡᠬᠦ ᠠᠴᠠ ᠠᠶᠤᠵᠤ᠂ ᠬᠦᠴᠦ ᠣᠷᠣᠬᠤ ᠶᠠᠮᠠᠷ ᠴᠤ ᠶᠠᠪᠤᠳᠠᠯ ᠢ ᠬᠢᠬᠦ ᠳᠤ ᠴᠥᠮ ︽ᠵᠢᠷᠦᠬᠡ ᠪᠠᠨ ᠭᠠᠷ ᠲᠠᠭᠠᠨ ᠠᠳᠬᠤᠭᠰᠠᠨ︾ ᠪᠠᠶᠢᠳᠠᠯ ᠲᠠᠢ ᠪᠠᠶᠢᠳᠠᠭ᠃ ᠡᠶᠢᠮᠦ ᠰᠠᠨᠠᠭᠠᠰᠢᠷᠠᠯ ᠢ ᠨᠠᠮᠳᠠᠭᠤᠯᠵᠤ ᠴᠢᠳᠠᠬᠤ ᠦᠭᠡᠢ ᠪᠤᠯ ᠵᠠᠶᠢᠯᠠᠰᠢ ᠦᠭᠡᠢ ᠡᠪᠡᠳᠴᠢᠲᠡᠨ ᠤ ᠪᠠᠴᠢᠮᠳᠠᠵᠤ ᠵᠣᠪᠠᠨᠢᠬᠤ ᠰᠡᠳᠬᠢᠯᠭᠡ ᠶᠢ ᠨᠡᠮᠡᠭᠳᠡᠭᠦᠯᠳᠡᠭ᠃ ᠭᠤᠷᠪᠠ ᠳᠤ᠂ ᠬᠡᠰᠡᠭ ᠡᠪᠡᠳᠴᠢᠲᠡᠨ ᠥᠪᠡᠷ ᠢ ᠪᠠᠨ ᠢᠳᠬᠠᠵᠤ ᠡᠪᠡᠳᠴᠢᠨ ᠡᠭᠦᠰᠦᠭᠰᠡᠨ ᠪᠣᠳᠠᠲᠤ ᠬᠡᠷᠡᠭ ᠢ ᠰᠡᠳᠬᠢᠴᠡ ᠶᠢᠨ ᠲᠠᠯ᠎ᠠ ᠪᠠᠷ ᠬᠦᠯᠢᠶᠡᠵᠦ ᠠᠪᠤᠭᠰᠠᠨ ᠴᠤ᠂ ᠡᠪᠡᠳᠴᠢᠨ ᠡᠭᠦᠰᠦᠭᠰᠡᠨ ᠠᠴᠠ ᠪᠤᠯᠵᠤ ᠲᠠᠮᠢᠷ ᠲᠡᠩᠬᠡᠭᠡ ᠪᠠᠭᠤᠷᠠᠭᠰᠠᠨ ᠢ ᠬᠦᠯᠢᠶᠡᠨ ᠠᠪᠴᠤ ᠴᠢᠳᠠᠬᠤ ᠦᠭᠡᠢ᠂ ᠨᠡᠯᠢᠶᠡᠳ ᠶᠡᠭᠡ ᠰᠡᠳᠬᠢᠴᠡ ᠶᠢᠨ ᠳᠠᠷᠤᠭᠠᠰᠤ ᠲᠠᠢ ᠪᠣᠯᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号