| | | | ᠠᠮᠧᠷᠢᠺᠠ ᠶᠢᠨ ᠬᠠᠷᠸᠠᠷᠳ᠋ ᠶᠡᠭᠡ ᠰᠤᠷᠭᠠᠭᠤᠯᠢ ᠶᠢᠨ ᠨᠢᠭᠡᠨ ᠰᠤᠳᠤᠯᠭᠠᠨ ᠳᠤ᠂ ᠰᠦᠨᠢ | ᠠᠵᠢᠯᠯᠠᠬᠤ ᠨᠢ ᠡᠮᠡᠭᠲᠡᠶᠢᠴᠦᠳ ᠤᠨ ᠡᠷᠡᠭᠦᠯ ᠡᠩᠬᠡ ᠳᠤ ᠠᠰᠢᠭ ᠦᠭᠡᠢ᠂ ᠰᠦᠨᠢ᠂ ᠡᠳᠦᠷ ᠡᠭᠡᠯᠵᠢᠯᠡᠨ | ᠠᠵᠢᠯᠯᠠᠬᠤ ᠨᠢ ᠲᠡᠳᠡᠨᠤᠰ ᠤᠨ ᠪᠡᠶ᠎ᠡ ᠮᠠᠬᠠᠪᠤᠳ ᠲᠤ ᠨᠡᠩ ᠶᠡᠭᠡ ᠬᠤᠣᠷ ᠬᠦᠨᠦᠭᠡᠯ ᠲᠠᠢ᠂ 2 ᠬᠡᠯᠪᠡᠷᠢ ᠶᠢᠨ ᠰᠢᠬᠢᠷ | ᠰᠢᠵᠢᠩ ᠡᠪᠡᠳᠴᠢᠨ ᠳᠤ ᠨᠡᠷᠪᠡᠭᠳᠡᠬᠦᠲ᠋ᠦ᠋ᠰᠢᠭᠦᠷᠢ ᠶᠢ ᠨᠡᠮᠡᠭᠳᠡᠭᠦᠯᠦᠨ᠎ᠡ ᠭᠡᠳᠡᠭ ᠢ ᠢᠯᠡᠷᠡᠭᠦᠯᠵᠡᠢ᠃ ᠬᠠᠷᠸᠠᠷᠳ᠋ ᠶᠡᠭᠡ | ᠰᠤᠷᠭᠠᠭᠤᠯᠢ ᠶᠢᠨ ᠰᠤᠳᠤᠯᠭᠠᠲᠠᠨ 24 ᠵᠢᠯ ᠤᠨ ᠬᠤᠭᠤᠴᠠᠭᠠᠨ ᠳᠤ᠂ 14 ᠲᠦᠮᠡᠨ ᠡᠮᠡᠭᠲᠡᠢ ᠰᠤᠪᠢᠯᠠᠭᠴᠢ ᠶᠢᠨ | ᠡᠷᠡᠭᠦᠯ ᠮᠡᠨᠳᠦ ᠶᠢᠨ ᠰᠤᠷᠠᠭ ᠵᠠᠩᠭᠢ ᠶᠢ ᠰᠤᠳᠤᠯᠵᠠᠢ᠃ ᠰᠤᠳᠤᠯᠭᠠᠨ ᠤ ᠠᠩᠬᠠᠨ ᠤ ᠬᠤᠭᠤᠴᠠᠭᠠᠨ ᠳᠤ᠂ ᠪᠦᠬᠦ᠋ᠢᠯᠡ | ᠣᠷᠣᠯᠴᠠᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠴᠦᠮ ᠰᠠᠶᠢᠨ ᠪᠠᠶᠢᠵᠤ᠂ ᠮᠦᠷᠳᠡᠨ | ᠪᠠᠶᠢᠴᠠᠭᠠᠬᠤ ᠬᠤᠭᠤᠴᠠᠭᠠᠨ ᠳᠤ ᠨᠡᠶᠢᠲᠡ ᠲᠦᠮᠡ ᠭᠠᠷᠤᠢ ᠬᠦᠮᠦᠨ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ | ᠨᠡᠷᠪᠡᠭᠳᠡᠭᠰᠡᠨ ᠢᠶᠠᠷ ᠤᠨᠤᠰᠢᠯᠠᠭᠳᠠᠭᠰᠠᠨ ᠪᠠᠶᠢᠯ᠎ᠠ᠃ ᠪᠤᠳᠠᠲᠠᠢ ᠪᠠᠷ ᠠᠪᠴᠤ ᠬᠡᠯᠡᠪᠡᠯ᠂ ᠣᠷᠣᠯᠴᠠᠭᠴᠢ ᠶᠢᠨ ᠡᠳᠦᠷ | ᠰᠦᠨᠢ ᠡᠭᠡᠯᠵᠢᠯᠡᠨ ᠠᠵᠢᠯᠯᠠᠭᠰᠠᠨ ᠬᠤᠭᠤᠴᠠᠭ᠎ᠠ ᠨᠢ 5 ᠵᠢᠯ ᠨᠡᠮᠡᠭᠳᠡᠬᠦ ᠪᠦᠷᠢ 2 ᠬᠡᠯᠪᠡᠷᠢ ᠶᠢᠨ ᠰᠢᠬᠢᠷ ᠰᠢᠵᠢᠩ | ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ 31% ᠨᠡᠮᠡᠭᠳᠡᠨ᠎ᠡ᠃ ᠬᠡᠷᠪᠡ ᠲᠤᠰ ᠪᠡᠶ᠎ᠡ ᠨᠢ ᠪᠠᠰᠠ ᠲᠠᠮᠠᠬᠢ ᠲᠠᠲᠠᠬᠤ | ᠪᠤᠶᠤ ᠮᠠᠷᠢᠶᠠᠲᠠᠢ᠂ ᠡᠷᠡᠭᠦᠯ ᠪᠤᠰᠤ ᠢᠳᠡᠭᠡᠨ ᠢ ᠢᠳᠡᠬᠦ᠂ ᠬᠦᠳᠡᠯᠭᠡᠭᠡᠨ ᠳᠤᠲᠠᠬᠤ ᠵᠡᠷᠭᠡ ᠡᠷᠡᠭᠦᠯ ᠪᠤᠰᠤ | ᠠᠮᠢᠳᠤᠷᠠᠯ ᠤᠨ ᠳᠠᠳᠬᠠᠯ ᠲᠠᠢ ᠪᠣᠯᠬᠤ ᠳᠤ ᠬᠦᠷᠪᠡᠯ᠂ ︽ᠮᠠᠭᠤ ᠳᠠᠳᠬᠠᠯ︾ ᠪᠦᠷᠢ ᠨᠢ ᠲᠡᠭᠦᠨ ᠤ ᠡᠪᠡᠳᠴᠢᠨ | ᠨᠡᠷᠪᠡᠭᠳᠡᠬᠦ ᠲᠦᠭᠰᠢᠭᠦᠷᠢ ᠶᠢ ᠳᠠᠬᠢᠨ ᠢᠶᠠᠷ ᠨᠡᠮᠡᠭᠳᠡᠭᠦᠯᠦᠨ᠎ᠡ᠃ ᠲᠤᠰ ᠰᠤᠳᠤᠯᠭᠠᠨ ᠳᠤ᠂ ᠡᠳᠦᠷ ᠰᠦᠨᠢ ᠪᠠᠷ | ᠡᠭᠡᠯᠵᠢᠯᠡᠨ ᠠᠵᠢᠯᠯᠠᠬᠤ ᠶᠢ ᠨᠢᠭᠡ ᠰᠠᠷ᠎ᠠ ᠳᠤ ᠨᠠᠭᠠᠲᠤ ᠵᠠᠬ᠎ᠠ ᠳᠤ ᠪᠠᠨ ᠭᠤᠷᠪᠠ ᠤᠳᠠᠭ᠎ᠠ ᠰᠦᠨᠢ ᠶᠢᠨ ᠡᠭᠡᠯᠵᠢᠨ ᠳᠤ | ᠠᠵᠢᠯᠯᠠᠬᠤ ᠪᠠᠷ ᠪᠣᠳᠤᠵᠠᠢ᠃ ᠰᠤᠳᠤᠯᠭᠠᠲᠠᠨ ᠠᠴᠠ ᠵᠢᠭᠠᠨ ᠭᠠᠷᠭᠠᠭᠰᠠᠨ ᠨᠢ᠂ ᠬᠦᠮᠦᠨ ᠤ ᠠᠵᠢᠯᠯᠠᠬᠤ ᠴᠠᠭ ᠤᠨ | ᠲᠣᠬᠢᠷᠠᠭᠤᠯᠤᠯᠲᠠ ᠨᠢ ᠪᠡᠶ᠎ᠡ ᠮᠠᠬᠠᠪᠤᠳ ᠤᠨ ︽ᠤᠶᠠᠨ ᠬᠠᠲᠠᠨ ᠴᠢᠨᠠᠷ︾ ᠢ ᠨᠦᠯᠦᠭᠡᠯᠡᠨ᠎ᠡ᠂ ᠢᠯᠠᠩᠭᠤᠶ᠎ᠠ ᠴᠢᠰᠤᠨ | ᠰᠢᠬᠢᠷ ᠤᠨ ᠬᠡᠮᠵᠢᠶ᠎ᠡ ᠶᠢ ᠬᠢᠵᠠᠭᠠᠷᠯᠠᠬᠤ ᠴᠢᠳᠠᠪᠤᠷᠢ ᠶᠢ ᠨᠦᠯᠦᠭᠡᠯᠡᠬᠦ ᠪᠣᠯᠣᠨ᠎ᠠ᠃ ᠦᠨᠡᠨ ᠳᠤ ᠪᠠᠨ ᠪᠡᠶ᠎ᠡ ᠶᠢᠨ | ᠲᠠᠮᠢᠷ ᠤᠨ ᠪᠣᠯᠪᠠᠰᠤᠷᠠᠯ ᠢᠶᠠᠨ ᠴᠢᠩᠭᠠᠳᠬᠠᠨ᠂ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠪᠠᠲᠤᠯᠠᠬᠤ ᠪᠠᠷ | ᠳᠠᠮᠵᠢᠨ ᠣᠯᠠᠩᠬᠢ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠠᠴᠠ ᠵᠠᠶᠢᠯᠠᠰᠬᠢᠵᠤ ᠪᠣᠯᠣᠨ᠎ᠠ᠃ ᠰᠦᠨᠢ ᠶᠢᠨ | ᠡᠭᠡᠯᠵᠢᠨ ᠳᠤ ᠠᠵᠢᠯᠯᠠᠳᠠᠭ ᠡᠮᠡᠭᠲᠡᠶᠢᠴᠦᠳ ᠰᠢᠬᠢᠷ ᠰᠢᠵᠢᠩ ᠡᠪᠡᠳᠴᠢᠨ ᠳᠤ ᠨᠡᠩ ᠬᠢᠯᠪᠠᠷᠬᠠᠨ ᠨᠡᠷᠪᠡᠭᠳᠡᠬᠦ ᠨᠢ | ᠤᠨᠲᠠᠬᠤ ᠵᠢᠮ᠎ᠡ ᠶᠣᠰᠣ ᠶᠢ ᠰᠠᠮᠠᠷᠠᠭᠤᠯᠤᠭᠰᠠᠨ ᠠᠴᠠ ᠪᠣᠯᠵᠤ᠂ ᠠᠮᠢᠳᠤ ᠪᠤᠳᠠᠰ ᠤᠨ ᠴᠠᠭ ᠨᠢ ᠰᠠᠮᠠᠭᠤᠷᠠᠵᠤ ᠬᠤᠷᠮᠣᠨ | ᠱᠦᠭᠦᠷᠡᠭᠦᠯᠬᠦ ᠪᠠ ᠭᠡᠳᠡᠰᠦᠨ ᠤ ᠪᠠᠺᠲ᠋ᠧᠷᠢ ᠶᠢᠨ ᠰᠦᠷᠦᠭ ᠤᠨ ᠲᠡᠩᠴᠡᠭᠦᠷᠢ ᠶᠢ ᠨᠦᠯᠦᠭᠡᠯᠡᠭᠰᠡᠨ ᠠᠴᠠ ᠪᠤᠯᠳᠠᠭ | ᠠᠵᠠᠢ᠃ | |