ᠬᠤᠭᠤᠯᠠ ᠢᠳᠡᠬᠦ ᠦᠶᠡᠰ ᠭᠠᠷ ᠤᠲᠠᠰᠤ ᠨᠠᠭᠠᠳᠬᠤ ᠨᠢ ᠬᠤᠳᠣᠭᠤᠳᠣ ᠭᠡᠳᠡᠰᠦᠨ ᠳᠤ ᠮᠠᠭᠤ
ᠨᠡᠶᠢᠲᠡᠯᠡᠭᠰᠡᠨ ᠴᠠᠭ᠄
2021/11/5
           ᠡᠳᠦᠷ ᠤᠨ ᠭᠤᠷᠪᠠᠨ ᠴᠠᠭ ᠤᠨ ᠬᠤᠭᠤᠯᠠ ᠮᠠᠰᠢ ᠴᠢᠬᠤᠯᠠ᠂ ᠭᠡᠪᠡᠴᠦ ᠠᠮᠢᠳᠤᠷᠠᠯ ᠤᠨ ᠠᠶᠢᠵᠠᠮ ᠤᠨ ᠲᠦᠷᠭᠡᠰᠬᠦ ᠵᠢᠴᠢ ᠡᠯᠧᠺᠳ᠋ᠷᠣᠨ ᠲᠣᠨᠤᠭ ᠲᠥᠬᠦᠭᠡᠷᠦᠮᠵᠢ ᠶᠢᠨ ᠲᠦᠭᠡᠮᠡᠯᠵᠢᠯᠡᠭᠳᠡᠬᠦ ᠶᠢ ᠳᠠᠭᠠᠯᠳᠤᠨ᠂ ᠰᠤᠷᠤᠭᠴᠢᠳ ᠠᠴᠠ ᠨᠠᠰᠤᠲᠠᠳ ᠬᠦᠷᠲᠡᠯ᠎ᠡ ᠮᠠᠰᠢ ᠣᠯᠠᠨ ᠬᠥᠮᠦᠨ ᠪᠦᠷ ᠬᠤᠭᠤᠯᠠ ᠢᠳᠡᠬᠦ ᠦᠶᠡᠰ ᠭᠠᠷ ᠤᠲᠠᠰᠤ ᠨᠠᠭᠠᠳᠬᠤ ᠳᠠᠳᠬᠠᠯ ᠲᠠᠢ ᠪᠣᠯᠤᠭᠰᠠᠨ ᠪᠠᠶᠢᠨ᠎ᠠ᠃ ᠬᠡᠷᠪᠡ ᠬᠤᠭᠤᠯᠠ ᠢᠳᠡᠬᠦ ᠳᠡᠭᠡᠨ ᠬᠡᠵᠢᠶᠡᠳᠡ ᠭᠠᠷ ᠤᠲᠠᠰᠤ᠂ ᠲᠧᠯᠸᠢᠰ ᠱᠠᠭᠠᠢᠢᠪᠠᠯ ᠥᠯᠥᠰᠬᠦ ᠴᠠᠳᠬᠤ ᠪᠠᠨ ᠮᠡᠳᠡᠬᠦ ᠦᠭᠡᠢ ᠪᠤᠯᠵᠤ᠂ ᠡᠭᠦᠨ ᠠᠴᠠ ᠪᠣᠯᠵᠤ ᠢᠯᠡᠭᠦᠦ ᠢᠳᠡᠭᠦ ᠳᠤ ᠬᠦᠷᠦᠨ᠎ᠡ᠃ ᠹᠠᠨ ᡁᠢ ᠬᠤᠩ ᠵᠢᠭᠠᠵᠤ ᠭᠠᠷᠭᠠᠭᠰᠠᠨ ᠨᠢ᠂ ᠬᠥᠮᠦᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠣᠳᠣᠯᠬᠢᠯᠠᠬᠤ ᠪᠤᠶᠤ ᠣᠶᠤᠨ ᠰᠠᠨᠠᠭᠠᠨ ᠤ ᠳᠠᠷᠤᠯᠲᠠ ᠨᠡᠯᠢᠶᠡᠳ ᠶᠡᠭᠡ ᠪᠠᠶᠢᠬᠤ ᠦᠶᠡᠰ᠂ ᠤᠷᠭᠤᠮᠠᠯᠯᠢᠭ ᠮᠡᠳᠡᠷᠡᠯ ᠤᠨ ᠠᠵᠢᠯᠯᠠᠭ᠎ᠠ ᠨᠢ ᠳᠠᠷᠤᠭᠳᠠᠵᠤ᠂ ᠰᠢᠩᠭᠡᠭᠡᠯᠲᠡ ᠶᠢᠨ ᠰᠢᠰᠲ᠋ᠧᠮ ᠤᠨ ᠴᠢᠰᠤᠨ ᠤ ᠬᠠᠩᠭᠠᠯᠭ᠎ᠠ ᠪᠠᠭᠠᠳᠤᠨ᠂ ᠬᠤᠳᠣᠭᠤᠳᠣᠨ ᠤ ᠭᠦᠷᠪᠡᠯᠵᠡᠯ ᠨᠢ ᠳᠠᠷᠤᠶ ᠤᠳᠠᠭᠠᠰᠢᠷᠠᠳᠠᠭ᠂ ᠢᠯᠡᠩᠭᠤᠶ᠎ᠠ ᠰᠢᠩᠭᠡᠭᠡᠯᠲᠡ ᠶᠢᠨ ᠴᠢᠳᠠᠮᠵᠢ ᠨᠢ ᠤᠭ ᠠᠴᠠ ᠪᠠᠨ ᠳᠤᠷᠤᠢ ᠪᠠᠶᠢᠭᠰᠠᠨ ᠬᠥᠮᠦᠨ ᠳᠤ ᠠᠪᠴᠤ ᠬᠡᠯᠡᠪᠡᠯ᠂ ᠬᠤᠭᠤᠯᠠᠯᠠᠬᠤ ᠳᠠᠭᠠᠨ ᠦᠴᠦᠬᠡᠨ ᠴᠦ ᠰᠡᠳᠬᠢᠯ ᠠᠯᠭᠠᠰᠠᠬᠤ ᠦᠭᠡᠢ ᠪᠠᠶᠢᠪᠠᠯ ᠰᠠᠶ᠋ᠢ ᠢᠳᠡᠰᠢ ᠪᠠᠨ ᠭᠦᠢᠴᠡᠳ ᠰᠢᠩᠭᠡᠭᠡᠵᠦ ᠳᠡᠶᠢᠯᠳᠡᠭ᠃ ᠬᠡᠳᠦ᠋ᠢᠪᠡᠷ ᠤᠳᠤ ᠦᠶ᠎ᠡ ᠶᠢᠨ ᠨᠡᠶᠢᠭᠡᠮ ᠤᠨ ᠳᠠᠷᠤᠯᠲᠠ ᠶᠡᠭᠡ ᠪᠠᠶᠢᠪᠠᠴᠤ ᠬᠤᠭᠤᠯᠠ ᠢᠳᠡᠬᠦ ᠦᠶᠡᠰ ᠬᠠᠰᠢ ᠯᠠ ᠰᠡᠳᠬᠢᠯ ᠢᠶᠠᠨ ᠲᠦᠪᠯᠡᠷᠡᠭᠦᠯᠵᠦ᠂ ᠬᠤᠳᠣᠭᠤᠳᠣ ᠭᠡᠳᠡᠰᠦᠨ ᠤ ᠪᠠᠨ ᠥᠯᠥᠰᠬᠦ ᠴᠠᠳᠬᠤ ᠪᠠᠶᠢᠳᠠᠯ ᠢ ᠰᠠᠶᠢᠲᠤᠷ ᠰᠡᠷᠡᠵᠤ᠂ ᠡᠨᠧᠷᠭᠢ ᠶᠢ ᠳᠡᠩᠳᠡᠭᠦᠦ ᠠᠷᠪᠢᠨ ᠡᠳ᠋ᠯᠡᠬᠦ ᠠᠴᠠ ᠵᠠᠶᠢᠯᠠᠰᠬᠢᠪᠡᠯ ᠵᠤᠬᠢᠨ᠎ᠠ᠃ ᠡᠭᠦᠨ ᠤ ᠬᠠᠮᠲᠤ ᠬᠤᠷᠳᠤᠨ ᠢᠳᠡᠬᠦ ᠶᠢ ᠪᠤᠳᠤᠵᠤ ᠪᠤᠯᠬᠤ ᠦᠭᠡᠢ᠂ ᠰᠢᠮ᠎ᠡ ᠲᠠᠢ ᠵᠠᠵᠢᠯᠵᠤ ᠠᠭᠠᠵᠢᠭᠤᠬᠠᠨ ᠵᠠᠯᠭᠢᠪᠠᠯ ᠰᠠᠶ᠋ᠢ ᠰᠢᠮ᠎ᠡ ᠲᠡᠵᠢᠭᠡᠯᠲᠦ ᠪᠦᠷᠢᠯᠳᠦᠬᠦᠨ ᠠᠭᠠᠵᠢᠮ ᠢᠶᠠᠷ ᠵᠠᠳᠠᠷᠠᠵᠤ ᠬᠤᠳᠣᠭᠤᠳᠣ ᠭᠡᠳᠡᠰᠦᠨ ᠳᠤ ᠰᠢᠩᠭᠡᠭᠡᠭᠳᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号