| | | | ᠴᠠᠢ ᠤᠤᠭᠤᠬᠤ ᠨᠢ ᠠᠷᠤᠭ ᠶᠠᠰᠤᠨ ᠤ ᠡᠷᠡᠭᠦᠯ ᠮᠡᠨᠳᠦ ᠳᠤ ᠠᠰᠢᠭᠲᠠᠶ᠂ ᠣᠨᠴᠠᠭᠠᠶᠢᠯᠠᠨ | ᠪᠦᠰᠡᠭᠦ᠋ᠢᠴᠦᠳ ᠲᠤ᠋ ᠠᠪᠴᠤ ᠬᠡᠯᠡᠪᠡᠯ᠂ ᠶᠠᠰᠤ ᠰᠡᠶᠢᠷᠡᠭᠵᠢᠬᠦ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ | ᠪᠠᠭᠤᠷᠠᠭᠤᠯᠬᠤ ᠦᠢᠯᠡᠳᠦᠯ ᠲᠠᠢ ᠶᠤᠮ᠃ ᠦᠢᠷ᠎ᠠ ᠳᠤ ᠪᠡᠭᠡᠵᠢᠩ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ ᠯᠢ ᠯᠢ ᠮᠢᠩ ᠫᠷᠣᠹᠧᠰᠰᠣᠷ ᠤᠨ ᠰᠤᠳᠤᠯᠭᠠᠨ ᠤ ᠪᠠᠭ ᠡᠨᠡ ᠬᠦ | ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠵᠡᠢ᠃ ᠠᠷᠤᠭ ᠶᠠᠰᠤᠨ ᠤ ᠬᠠᠳᠠᠨ ᠴᠢᠨᠠᠷ ᠨᠢ | ᠶᠠᠰᠤᠨ ᠤ ᠨᠢᠭᠲᠠᠴᠠ ᠪᠣᠯᠤᠨ ᠶᠠᠰᠤᠨ ᠤ ᠶᠠᠰᠤ ᠴᠢᠨᠠᠷ ᠵᠶᠠᠷ ᠲᠤᠭᠲᠠᠭᠠᠭᠳᠠᠨ᠎ᠠ᠂ ᠡᠮᠦᠨᠡᠬᠢ ᠨᠢ 70% ᠶᠢᠨ | ᠬᠠᠷᠢᠴᠠᠯ ᠢ ᠡᠵᠡᠯᠡᠨ᠎ᠡ᠃ ᠶᠠᠰᠤᠨ ᠤ ᠨᠢᠭᠲᠠᠴᠠ ᠨᠢ ᠶᠠᠰᠤᠨ ᠤ ᠬᠡᠮᠵᠢᠶᠡᠨ ᠤ ᠠᠯᠳᠠᠭᠳᠠᠯ ᠤᠨ ᠡᠪᠡᠳᠴᠢᠨ ᠤ | ᠵᠦᠢ ᠶᠢᠨ ᠶᠠᠪᠤᠴᠠ ᠶᠢ ᠲᠤᠰᠬᠠᠵᠤ᠂ ᠶᠠᠰᠤ ᠪᠡᠷᠲᠡᠬᠦ ᠲᠦᠭᠰᠢᠭᠦᠷᠢ ᠶᠢ ᠤᠷᠢᠳᠴᠢᠯᠠᠨ ᠢᠯᠡᠷᠬᠡᠶᠢᠯᠡᠵᠦ ᠴᠢᠳᠠᠨ᠎ᠠ᠃ | ᠰᠤᠳᠤᠯᠭᠠᠨ ᠤ ᠪᠠᠭ ᠨᠢ 2 ᠲᠦᠮᠡ ᠭᠠᠷᠤᠶ ᠬᠥᠮᠦᠨ ᠤ ᠶᠠᠰᠤᠨ ᠤ ᠨᠢᠭᠲᠠᠴᠠ ᠶᠢᠨ ᠲᠤᠭ᠎ᠠ ᠪᠠᠷᠢᠮᠲᠠ ᠶᠢ | ᠦᠨᠳᠦᠰᠦᠯᠡᠨ ᠵᠠᠳᠠᠯᠤᠨ ᠰᠢᠨᠵᠢᠯᠡᠭᠡᠳ ᠮᠡᠳᠡᠭᠰᠡᠨ ᠨᠢ᠂ ᠶᠡᠷᠦ ᠳᠡᠭᠡᠨ ᠴᠠᠢ ᠤᠤᠭᠤᠬᠤ ᠳᠠᠳᠬᠠᠯ ᠲᠠᠢ | ᠪᠦᠰᠡᠭᠦ᠋ᠢᠴᠦᠳ ᠤᠨ ᠶᠠᠰᠤᠨ ᠤ ᠨᠢᠭᠲᠠᠴᠠ ᠨᠢ ᠮᠡᠳᠡᠭᠳᠡᠮ᠎ᠡ ᠶᠡᠭᠡ ᠪᠠᠶᠢᠨ᠎ᠠ᠃ ᠴᠠᠶ ᠪᠦᠷᠢᠬᠦ ᠬᠡᠮᠵᠢᠶ᠎ᠡ ᠪᠣᠯᠤᠨ | ᠶᠠᠰᠤᠨ ᠤ ᠨᠢᠭᠲᠠᠴᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠵᠠᠳᠠᠯᠤᠭᠰᠠᠨ ᠤ ᠳᠠᠷᠠᠭ᠎ᠠ ᠰᠤᠳᠤᠯᠭᠠᠲᠠᠨ ᠤ | ᠢᠯᠡᠷᠡᠭᠦᠯᠦᠭᠰᠡᠨ ᠢᠶᠠᠷ᠂ ᠡᠳᠦᠷ ᠪᠦᠷᠢ ᠶᠢᠨ ᠴᠠᠶ ᠪᠦᠷᠢᠵᠦ ᠤᠤᠭᠤᠬᠤ ᠬᠡᠮᠵᠢᠶ᠎ᠡ ᠨᠢ 6 ᠭᠷᠠᠮ ᠠᠴᠠ ᠪᠠᠭ᠎ᠠ | ᠪᠠᠶᠢᠴᠢᠳ ᠤᠨ ᠶᠠᠰᠤᠨ ᠤ ᠨᠢᠭᠲᠠᠴᠠ ᠨᠢ ᠴᠠᠢ ᠤᠤᠭᠤᠬᠤ ᠦᠭᠡᠢ ᠬᠥᠮᠦᠰ ᠠᠴᠠ ᠶᠡᠭᠡ ᠪᠠᠶᠢᠨ᠎ᠠ᠃ ᠭᠡᠪᠡᠴᠦ | ᠥᠳᠬᠡᠨ ᠴᠠᠢ ᠤᠤᠭᠤᠬᠤ ︵ᠴᠠᠢ ᠶᠢᠨ ᠬᠡᠮᠵᠢᠶ᠎ᠡ ≥ 6 ᠭᠷᠠᠮ / ᠡᠳᠦᠷ︶ ᠬᠥᠮᠦᠨ ᠤ ᠶᠠᠰᠤᠨ ᠤ ᠨᠢᠭᠲᠠᠴᠠ ᠨᠢ | ᠦᠷᠭᠦᠯᠵᠢᠯᠡᠨ ᠨᠡᠮᠡᠭᠳᠡᠭᠰᠡᠨ ᠦᠭᠡᠢ᠃ ᠪᠠᠰᠠ ᠨᠢᠭᠡᠨ ᠰᠤᠳᠤᠯᠭᠠᠨ ᠳᠤ 45 ᠲᠦᠮᠡ ᠭᠠᠷᠤᠢ ᠬᠥᠮᠦᠨ ᠢ ᠤᠷᠲᠤ | ᠬᠤᠭᠤᠴᠠᠭ᠎ᠠ ᠪᠠᠷ ᠲᠠᠭᠠᠨ ᠰᠤᠷᠪᠤᠯᠵᠢᠯᠠᠭᠰᠠᠨ ᠲᠤᠭ᠎ᠠ ᠪᠠᠷᠢᠮᠲᠠ ᠪᠠᠷ ᠳᠠᠮᠵᠢᠵᠤ ᠮᠡᠳᠡᠭᠰᠡᠨ ᠨᠢ᠂ ᠡᠳᠦᠷ ᠪᠦᠷᠢ ᠴᠠᠢ | ᠤᠤᠭᠤᠬᠤ ᠨᠢ ᠶᠠᠰᠤᠨ ᠤ ᠪᠡᠷᠲᠡᠯ ᠠᠴᠠ ᠪᠤᠯᠵᠤ ᠡᠮᠨᠡᠯᠭᠡ ᠳᠤ ᠤᠷᠤᠬᠤ ᠨᠤᠷᠮ᠎ᠠ ᠶᠢ ᠪᠠᠭᠠᠰᠬᠠᠵᠠᠢ᠂ ᠲᠤᠰ ᠦᠷ᠎ᠡ | ᠳ᠋ᠦᠩ ᠨᠢ ᠡᠷᠡᠭᠲᠡᠶ ᠪᠠ ᠡᠮᠡᠭᠲᠡᠶ ᠬᠥᠮᠦᠨ ᠤ ᠳᠣᠲᠣᠷ᠎ᠠ ᠦᠨᠳᠦᠰᠦᠨ ᠳᠡᠭᠡᠨ ᠠᠳᠠᠯᠢ᠃ ᠡᠭᠦᠨ ᠳᠤ ᠴᠠᠢ ᠤᠤᠭᠤᠳᠠᠭ | ᠬᠥᠮᠦᠨ ᠤ ᠰᠡᠭᠦᠵᠢᠨ ᠤ ᠶᠠᠰᠤᠨ ᠤ ᠪᠡᠷᠲᠡᠯ ᠠᠴᠠ ᠪᠤᠯᠵᠤ ᠡᠮᠨᠡᠯᠭᠡ ᠳᠤ ᠤᠷᠤᠬᠤ ᠲᠦᠭᠰᠢᠭᠦᠷᠢ 20% ᠪᠠᠷ | ᠪᠠᠭᠤᠷᠠᠵᠤ᠂ 30 ᠵᠢᠯ ᠠᠴᠠ ᠳᠡᠭᠡᠭᠰᠢ ᠴᠠᠢ ᠤᠤᠭᠤᠭᠰᠠᠨ ᠬᠥᠮᠦᠨ ᠤ ᠲᠤᠰ ᠲᠦᠭᠰᠢᠭᠦᠷᠢ ᠭᠠᠷᠬᠤ ᠪᠤᠯᠤᠮᠵᠢ | 32% ᠢᠶᠠᠷ ᠪᠠᠭᠤᠷᠠᠵᠠᠢ᠃ | |