︽ᠳ᠋ᠧᠯᠲ᠋ᠠ︾ ᠶᠢᠨ ᠲᠤᠬᠠᠢ ᠡᠷᠬᠡ ᠰᠦᠷᠲᠦ ᠬᠠᠷᠢᠭᠤᠯᠲᠠ
ᠨᠡᠶᠢᠲᠡᠯᠡᠭᠰᠡᠨ ᠴᠠᠭ᠄
2021/11/5
             ᠳ᠋ᠧᠯᠲ᠋ᠠ ᠣᠨᠳᠣᠣᠰᠢᠭᠰᠠᠨ ᠸᠢᠷᠦ᠋ᠰ ᠪᠣᠯ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠡᠯᠭᠡᠷᠡᠭᠰᠡᠨ ᠭᠤᠣᠯ ᠬᠤᠣᠷᠲᠤ ᠪᠣᠳᠠᠰ ᠪᠣᠯᠤᠨ᠎ᠠ᠃ ᠳ᠋ᠧᠯᠲ᠋ᠠ ᠶᠢᠨ ᠣᠨᠳᠣᠣᠰᠢᠯ ᠤᠨ ᠣᠨᠴᠠᠯᠢᠭ᠂ ᠤᠳᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠦᠲᠦᠮᠵᠢᠲᠡᠢ ᠪᠠᠶᠢᠬᠤ ᠡᠰᠡᠬᠦ ᠵᠡᠷᠭᠡ ᠠᠰᠠᠭᠤᠳᠠᠯ ᠳ᠋ᠤᠴᠢᠭ᠍ᠯᠡᠭᠦᠯᠦᠨ᠂ 8 ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠡᠷᠬᠡ ᠰᠦᠷᠲᠦ ᠬᠠᠷᠢᠭᠤᠯᠲᠠ ᠥᠭᠪᠡ᠃ ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠢ 2020 ᠣᠨ ᠤ 9 ᠰᠠᠷ᠎ᠠ ᠳᠤ ᠡᠨᠡᠳᠬᠡᠭ ᠲᠤ ᠮᠡᠳᠡᠭᠦᠯᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠠᠴᠠ ᠬᠠᠮᠤᠭ ᠤᠨ ᠠᠩᠬ᠎ᠠ ᠢᠯᠡᠷᠡᠭᠦᠯᠵᠡᠢ᠃ ᠣᠳᠣᠬᠠᠨ ᠳᠤ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ ᠳᠤ ᠲᠠᠷᠬᠠᠵᠤ᠂ ᠪᠥᠬᠦ ᠳᠡᠯᠡᠬᠡᠶ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠶᠡᠭᠡ ᠪᠠᠷ ᠲᠠᠷᠬᠠᠭᠰᠠᠨ ᠭᠤᠤᠯ ᠸᠢᠷᠦ᠋ᠰ ᠪᠣᠯᠵᠣ᠂ ᠲᠣᠰ ᠸᠢᠷᠦ᠋ᠰ ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ ᠳᠣᠲᠣᠷ᠎ᠠ ᠦᠷᠡᠵᠢᠬᠦ ᠨᠢ ᠲᠦᠷᠭᠡᠨ ᠵᠡᠷᠭᠡ ᠣᠨᠴᠠᠯᠢᠭ ᠲᠠᠢ ᠶᠤᠮ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠳᠦᠯᠭᠡ ᠶᠢᠨ ᠭᠡᠷᠡᠴᠢᠯᠡᠭᠰᠡᠨ ᠢᠶᠠᠷ᠂ ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠨᠢ ᠰᠢᠨ᠎ᠡ ᠲᠢᠲᠢᠮᠯᠢᠭ ᠸᠢᠷᠦ᠋ᠰ ᠤᠨ ᠠᠮᠢᠳᠤ ᠪᠣᠳᠠᠰ ᠤᠨ ᠤᠬᠠᠭᠠᠨ ᠤ ᠣᠨᠴᠠᠭᠠᠢ ᠴᠢᠨᠠᠷ ᠲᠤ ᠨᠤᠷᠠᠭᠠᠯᠲᠠ ᠶᠢᠨ ᠴᠢᠨᠠᠷᠲᠠᠢ ᠬᠤᠪᠢᠷᠠᠯᠲᠠ ᠭᠠᠷᠭᠠᠭᠰᠠᠨ ᠦᠭᠡᠢ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ ᠨᠢ ᠦᠨᠳᠦᠰᠦᠨ ᠳᠡᠭᠡᠨ ᠲᠣᠳᠣᠷᠬᠠᠢ᠂ ᠤᠳᠤ ᠶᠢᠨ ᠬᠡᠷᠡᠭᠵᠢᠬᠦᠯᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠴᠦ ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠢ ᠪᠦᠲᠦᠮᠵᠢᠳᠠᠢ ᠰᠡᠷᠭᠡᠶᠢᠯᠡᠵᠤ ᠴᠢᠳᠠᠨ᠎ᠠ᠃ ᠣᠲᠣ ᠶᠢᠨ ᠸᠠᠺᠼᠢᠨ ᠨᠢ ᠮᠥᠨ ᠤᠷᠢᠳᠴᠢᠯᠠᠨ ᠰᠡᠷᠭᠡᠶᠢᠯᠡᠬᠦ ᠪᠠ ᠬᠠᠮᠠᠭᠠᠯᠠᠬᠤ ᠦᠢᠯᠡᠳᠦᠯ ᠲᠠᠢ ᠪᠠᠶᠢᠵᠤ᠂ ᠸᠢᠷᠦ᠋ᠰ ᠤᠨ ᠬᠥᠮᠦᠰ ᠤᠨ ᠳᠤᠮᠳᠠ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠵᠤ᠂ ᠬᠠᠯᠳᠠᠪᠤᠷᠢᠯᠠᠭᠳᠠᠭᠰᠠᠳ ᠤᠨ ᠬᠠᠯᠳᠠᠪᠤᠷᠢᠯᠠᠬᠤ ᠬᠦᠴᠦᠨ ᠢ ᠪᠠᠭᠠᠰᠬᠠᠵᠤ᠂ ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ ᠤ ᠡᠭᠦᠰᠬᠦ ᠨᠣᠷᠮ᠎ᠠ ᠪᠠ ᠡᠪᠡᠳᠴᠢᠨ ᠢᠶᠠᠷ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠦᠷᠦᠭᠦᠦ ᠨᠢᠭᠡ ᠬᠤᠭᠤᠴᠠᠭᠠᠨ ᠳᠤ ᠮᠠᠨ ᠤ ᠤᠯᠤᠰ ᠤᠨ ᠬᠥᠮᠦᠨ ᠠᠮᠠ ᠤᠯᠠᠨ᠂ ᠨᠡᠭᠦᠳᠡᠯ ᠤᠨ ᠴᠢᠨᠠᠷ ᠢᠶᠠᠷ ᠴᠢᠩᠭ᠎ᠠ ᠭᠤᠸᠠᠩᠳᠦ᠋ᠩ ᠮᠤᠵᠢ ᠶᠢᠨ ᠬᠡᠳᠦᠨ ᠲᠤᠰᠬᠠᠶ ᠣᠷᠣᠨ ᠬᠤᠲᠠ ᠳᠠᠬᠢ ᠳ᠋ᠧᠯᠲ᠋ᠠ ᠶᠢᠨ ᠤᠨᠳᠤᠤᠰᠢᠭᠰᠠᠨ ᠸᠢᠷᠦ᠋ᠰ ᠤᠨ ᠲᠤᠰ ᠭᠠᠵᠠᠷ ᠤᠷᠤᠨ ᠤ ᠴᠢᠨᠠᠷᠲᠠᠢ ᠬᠢᠵᠢᠭ ᠤᠨ ᠲᠠᠷᠬᠠᠯᠲᠠ ᠶᠢ ᠠᠩᠬ᠎ᠠ ᠤᠳᠠᠭ᠎ᠠ ᠠᠮᠵᠢᠯᠲᠠ ᠲᠠᠢ ᠬᠤᠷᠢᠭᠯᠠᠵᠤ᠂ ᠸᠠᠺᠼᠢᠨ ᠳᠠᠷᠢᠬᠤ᠂ ᠠᠮᠠᠪᠴᠢ ᠵᠡᠭᠦᠬᠦ ᠂ ᠭᠠᠷ ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ᠂ ᠬᠥᠮᠦᠨ ᠣᠯᠠᠨ ᠴᠤᠭᠯᠠᠷᠠᠬᠤ ᠠᠴᠠ ᠵᠠᠶᠢᠯᠠᠰᠬᠢᠬᠦ ᠵᠡᠷᠭᠡ ᠠᠷᠭ᠎ᠠ ᠬᠡᠮᠵᠢᠶ᠎ᠡ ᠪᠣᠯ ᠮᠥᠨ ᠪᠦᠲᠦᠮᠵᠢᠲᠡᠶ ᠭᠡᠳᠡᠭ ᠢ ᠭᠡᠷᠡᠴᠢᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号