ᠰᠢᠷᠠᠭᠲᠠᠬᠤ ᠠᠴᠠ ᠰᠡᠷᠭᠡᠶᠢᠯᠡᠬᠦ ᠲᠤᠰᠦ ᠶᠢ ᠨᠢᠭᠡ ᠡᠳᠦᠷ ᠬᠡᠷᠡᠭᠯᠡᠪᠡᠯ ᠴᠢᠰᠦᠨ ᠤ ᠲᠤᠲᠤᠷᠠᠬᠢ ᠬᠢᠮᠢ ᠶᠢᠨ ᠪᠦᠷᠢᠯᠳᠦᠬᠦᠨ ᠪᠠᠷᠢᠮᠵᠢᠶ᠎ᠠ ᠠᠴᠠ ᠲᠠᠪᠠᠭ᠋ᠤ ᠪᠤᠯᠤᠨ᠎ᠠ ᠠᠴᠠ ᠠᠮᠧᠷᠢᠺᠠ ᠶᠢᠨ ᠰᠤᠳᠤᠯᠭᠠᠨ ᠢᠯᠡᠷᠡᠬᠦᠯᠪᠡ
ᠨᠡᠶᠢᠲᠡᠯᠡᠭᠰᠡᠨ ᠴᠠᠭ᠄
2021/11/5
            ᠰᠢᠷᠠᠭᠲᠠᠬᠤ ᠠᠴᠠ ᠰᠡᠷᠭᠡᠶᠢᠯᠡᠬᠦ ᠲᠤᠰᠦ ᠶᠢ ᠨᠢᠭᠡ ᠡᠳᠦᠷ ᠬᠡᠷᠡᠭᠯᠡᠪᠡᠯ᠂ ᠳᠡᠬᠦᠨ ᠤ ᠲᠤᠲᠤᠷᠠᠬᠢ ᠵᠠᠷᠢᠮ ᠬᠢᠮᠢ ᠶᠢᠨ ᠪᠤᠳᠠᠰ ᠨᠢ ᠬᠦᠮᠦᠨ ᠤ ᠴᠢᠰᠦᠨ ᠳᠤ ᠤᠷᠤᠲᠠᠭ ᠮᠦᠷᠲᠡᠭᠡᠨ ᠳᠤᠭ᠎ᠠ ᠬᠡᠮᠵᠢᠶ᠎ᠠ ᠨᠢ ᠠᠮᠧᠷᠢᠺᠠ ᠶᠢᠨ ᠢᠲᠡᠭᠡᠨ ᠪᠠ ᠡᠮ ᠤᠨ ᠵᠦᠢᠯ ᠤᠨ ᠬᠠᠮᠢᠶᠠᠷᠤᠯᠲᠠ ᠶᠢᠨ ᠳᠤᠪᠴᠢᠶᠠᠨ ᠤ ᠳᠤᠭᠲᠠᠭᠠᠭᠰᠠᠨ ᠪᠠᠷᠢᠮᠵᠢᠶ᠎ᠠ ᠠᠴᠠ ᠬᠡᠳᠦᠷᠡᠨ᠎ᠡ ᠭᠡᠵᠤ ᠠᠮᠧᠷᠢᠺᠠ ᠶᠢᠨ ᠨᠢᠭᠡᠨ ᠪᠠᠭ᠎ᠠ ᠬᠡᠪᠴᠢᠶᠠᠨ ᠤ ᠠᠩᠬ᠎ᠠ ᠠᠯᠬᠤᠮ ᠤᠨ ᠰᠤᠳᠤᠯᠭᠠᠨ ᠢᠯᠡᠷᠡᠬᠦᠯᠪᠡ᠃ ᠠᠮᠧᠷᠢᠺᠠ ᠶᠢᠨ ᠢᠲᠡᠭᠡᠨ ᠪᠠ ᠡᠮ ᠤᠨ ᠵᠦᠢᠯ ᠤᠨ ᠬᠠᠮᠢᠶᠠᠷᠤᠯᠲᠠ ᠶᠢᠨ ᠳᠤᠪᠴᠢᠶᠠᠨ ᠤ ᠡᠮ ᠤᠨ ᠵᠦᠢᠯ ᠢ ᠦᠨᠡᠯᠡᠬᠦᠪᠠ ᠰᠤᠳᠤᠯᠬᠤ ᠳᠦᠪ ᠤᠨ ᠰᠤᠳᠤᠯᠤᠬᠴᠢᠳ ᠬᠤᠷᠢᠨ ᠳᠦᠷᠪᠡᠨ ᠰᠠᠶᠢᠨ ᠳᠤᠷ᠎ᠠ ᠠᠴᠠ ᠪᠠᠨ ᠪᠠᠶᠢᠴᠠᠭᠠᠯᠲᠠ ᠬᠦᠷᠲᠡᠭᠴᠢ ᠶᠢ ᠴᠤᠭᠯᠠᠭᠤᠯᠤᠨ ᠳᠤᠷᠰᠢᠯᠲᠠ ᠬᠢᠭᠡᠳ ᠳᠡᠭᠡᠷᠡᠬᠢ ᠳ᠋ᠦᠩᠨᠡᠯᠲᠡ ᠶᠢ ᠣᠯᠵᠠᠢ᠃ ᠰᠠᠶᠢᠨ ᠲᠤᠷ᠎ᠠ ᠠᠴᠠ ᠪᠠᠨ ᠪᠠᠶᠢᠴᠠᠭᠠᠯᠲᠠ ᠬᠦᠷᠲᠡᠭᠴᠢ ᠠᠩᠬᠠᠲᠤᠭᠠᠷ ᠡᠳᠦᠷ ᠲᠤ ᠰᠢᠷᠠᠭᠲᠠᠬᠤ ᠠᠴᠠ ᠰᠡᠷᠭᠡᠶᠢᠯᠡᠬᠦ ᠳᠤᠰᠦ ᠶᠢ ᠬᠡᠷᠡᠭᠯᠡᠭᠰᠡᠨ ᠤ ᠲᠠᠷᠠᠭ᠎ᠠ ᠳᠠᠳᠠᠨ ᠤ ᠴᠢᠰᠦᠨ ᠲᠤᠲᠤᠷᠠᠬᠢ ᠬᠦᠴᠢᠯᠳᠦ᠋ᠷᠦᠭᠴᠢ ᠲᠠᠢ ᠪᠧᠨ᠋ᠽᠤᠯ ᠵᠡᠷᠭᠡ ᠭᠤᠷᠪᠠᠨ ᠵᠦᠢᠯ ᠤᠨ ᠬᠢᠮᠢ ᠶᠢᠨ ᠪᠦᠷᠢᠯᠳᠦᠬᠦᠨ ᠤ ᠬᠢᠷᠢ ᠬᠡᠮᠵᠢᠶ᠎ᠡ ᠨᠢ ᠦᠷᠬᠦᠯᠵᠢᠯᠠᠨ ᠲᠡᠭᠡᠭᠰᠢᠯᠡᠭᠰᠡᠨ ᠪᠦᠭᠡᠳ ᠳᠤᠭ᠎ᠠ ᠬᠡᠮᠵᠢᠶ᠎ᠠ ᠨᠢ ᠠᠮᠧᠷᠢᠺᠠ ᠶᠢᠨ ᠢᠲᠡᠭᠡᠨ ᠪᠠ ᠡᠮ ᠤᠨ ᠵᠦᠢᠯ ᠤᠨ ᠬᠠᠮᠢᠶᠠᠷᠤᠯᠲᠠ ᠶᠢᠨ ᠳᠤᠪᠴᠢᠶᠠᠨ ᠤ ᠳᠤᠭᠲᠠᠭᠠᠭᠰᠠᠨ ᠪᠠᠷᠢᠮᠵᠢᠶ᠎ᠠ ᠠᠴᠠ ᠲᠠᠪᠠᠭᠰᠠᠨ ᠢ ᠤᠯᠵᠤ ᠮᠡᠲᠡᠵᠡᠢ᠃ ᠰᠢᠷᠠᠭᠲᠠᠬᠤ ᠠᠴᠠ ᠰᠡᠷᠭᠡᠶᠢᠯᠡᠬᠦᠲ᠋ᠤᠰᠦ ᠶᠢ ᠬᠡᠷᠡᠭᠯᠡᠬᠦ ᠪᠠᠨ ᠵᠤᠬᠰᠤᠭᠰᠠᠨ ᠤ ᠲᠠᠷᠠᠭ᠎ᠠ ᠡᠳᠡᠭᠡᠷ ᠬᠢᠮᠢ ᠶᠢᠨ ᠪᠦᠷᠢᠯᠳᠦᠬᠦᠨ ᠨᠢ ᠲᠠᠲᠠᠨ ᠤ ᠪᠡᠶ᠎ᠡ ᠲᠤᠲᠤᠷ᠎ᠠ ᠠᠲᠠᠭ ᠪᠠᠭ᠎ᠠ ᠳᠠᠭᠠᠨ 24 ᠴᠠᠭ ᠦᠯᠡᠲᠡᠲᠡᠭ ᠪᠠᠶᠢᠨ᠎ᠠ᠃ ᠬᠦᠮᠦᠰ ᠪᠦᠷ ᠰᠢᠷᠠᠭᠲᠠᠬᠤ ᠠᠴᠠ ᠰᠡᠷᠭᠡᠶᠢᠯᠡᠬᠦ ᠳᠤᠰᠦ ᠶᠢ ᠠᠶᠤᠯ ᠦᠭᠡᠢ ᠭᠡᠵᠤ ᠦᠵᠡᠲᠡᠭ ᠪᠤᠯᠬᠤᠷ ᠠᠮᠧᠷᠢᠺᠠ ᠳᠤ ᠲᠡᠬᠦᠨ ᠢ ᠡᠮ ᠤᠨ ᠳᠦᠷᠦᠯ ᠤᠨ ᠠᠶᠤᠯ ᠦᠭᠡᠢ ᠶᠢᠨ ᠪᠠᠶᠢᠴᠠᠭᠠᠯᠲᠠ ᠳᠤ ᠤᠷᠤᠭᠤᠯᠲᠠᠭ ᠦᠭᠡᠢ ᠪᠠᠶᠢᠪᠠ᠃ ᠬᠦᠮᠦᠨ ᠤ ᠪᠦᠬᠦᠪᠡᠶ᠎ᠡ ᠴᠦᠮ ᠰᠢᠷᠠᠭᠲᠠᠬᠤ ᠠᠴᠠ ᠰᠡᠷᠭᠡᠶᠢᠯᠡᠬᠦ ᠳᠤᠰᠦ ᠶᠢᠨ ᠪᠦᠷᠢᠯᠳᠦᠬᠦᠨ ᠢ ᠰᠢᠩᠭᠡᠭᠡᠨ ᠠᠪᠴᠦ ᠪᠠᠶᠢᠭ᠎ᠠ ᠡᠨᠡᠬᠦ ᠶᠠᠪᠤᠲᠠᠯ ᠠᠴᠠ ᠦᠵᠡᠬᠦ ᠳᠤ᠂ ᠳᠡᠬᠦᠨ ᠤ ᠡᠮᠴᠢᠯᠡᠭᠡᠨ ᠳᠡᠭᠡᠷᠡᠬᠢ ᠠᠴᠢ ᠬᠤᠯᠪᠤᠬᠲᠠᠯ ᠢ ᠤᠯᠠᠮ ᠨᠢᠭᠡᠨ ᠠᠯᠬᠤᠮ ᠰᠤᠳᠤᠯᠬᠤ ᠴᠢᠬᠤᠯᠠ ᠲᠠᠢ ᠭᠡᠵᠤ ᠰᠤᠳᠤᠯᠬᠴᠢᠳ ᠦᠵᠡᠵᠦ ᠪᠤᠢ᠃ ᠤᠤᠯ ᠰᠤᠳᠤᠯᠭᠠᠨ ᠤ ᠮᠡᠲᠡᠬᠦᠯᠦᠯᠲᠡ ᠶᠢ 6 ᠤ ᠡᠳᠦᠷ ᠬᠡᠪᠯᠡᠭᠲᠡᠭᠰᠡᠨ ︽ᠠᠮᠧᠷᠢᠺᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠰᠡᠳᠬᠦᠯ︾ ᠳᠡᠭᠡᠷ᠎ᠡ ᠨᠡᠶᠢᠲᠡᠯᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号