ᠭᠡᠷᠰᠡᠩ ᠰᠤᠮᠤ ᠶᠠᠳᠠᠭᠤ ᠠᠴᠠ ᠠᠩᠬᠢᠵᠢᠷᠠᠭᠰᠠᠨ ᠤ ᠲᠠᠷᠠᠭᠠᠬᠢ ᠦᠨᠡᠯᠡᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/1
     11 ᠰᠠᠷ᠎ᠠ ᠶᠢᠨ 23 ᠤ ᠡᠳᠦᠷ᠂ ᠭᠡᠷᠰᠡᠩ ᠰᠤᠮᠤ ᠶᠠᠳᠠᠭᠤ ᠠᠴᠠ ᠠᠩᠬᠢᠵᠢᠷᠠᠭᠰᠠᠨ ᠤ ᠲᠠᠷᠠᠭᠠᠬᠢ ᠦᠨᠡᠯᠡᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃  ᠭᠡᠷᠰᠡᠩ ᠰᠤᠮᠤ ᠶᠢᠨ ᠵᠠᠰᠠᠭ ᠤᠨ ᠣᠷᠳᠣᠨ ᠤ  ᠲᠠᠷᠤᠭ᠎ᠠ ᠪᠦᠦ ᠶᠢᠩ ᠴᠦᠨ ᠬᠤᠷᠠᠯ ᠢ ᠡᠷᠬᠢᠯᠡᠵᠦ᠂ ᠰᠤᠮᠤ ᠶᠢᠨ ᠪᠦᠬᠦ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠪᠦᠷᠢᠯᠳᠦᠬᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠳᠠᠷᠤᠭ᠎ᠠ ᠂ ᠲᠣᠰᠬᠤᠨ ᠤ ᠳᠡᠳ᠋ ᠱᠦᠵᠢ᠂ ᠲᠣᠰᠬᠤᠨ ᠤ ᠳᠡᠳ᠋ ᠳᠠᠷᠤᠭ᠎ᠠ  ᠨᠠᠷ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠭᠡᠷᠰᠡᠩ ᠰᠤᠮᠤ ᠶᠢᠨ ᠨᠠᠮ ᠤᠨ ᠬᠤᠷᠢᠶᠠᠨ ᠤ ᠱᠦᠵᠢ ᠲᠤᠪᠳᠤᠨᠰᠡᠩᠭᠡ   ᠠᠴᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠭᠡᠷᠰᠡᠩ ᠰᠤᠮᠤ ᠶᠢᠨ ᠶᠠᠳᠠᠭᠤ ᠠᠴᠠ ᠠᠩᠬᠢᠵᠢᠷᠠᠭᠰᠠᠨ ᠤ ᠲᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠪᠠ᠃     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠤᠷᠠᠯ ᠤᠨ ᠳᠠᠷᠠᠭ᠎ᠠ ᠱᠠᠯᠠᠪᠳᠠᠨ ᠡᠷᠦᠬᠡ ᠳᠤ ᠣᠷᠣᠬᠤ ᠬᠡᠷᠡᠭᠲᠡᠶ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠣᠭᠤᠷᠢᠨ ᠳᠤ᠂ ︽ᠡᠷᠬᠢᠨ ᠬᠠᠷᠠᠬᠤ︾ ᠠᠵᠢᠯᠯᠠᠭᠠᠨ ᠢ ᠳᠠᠬᠢᠨᠲᠠ ᠥᠷᠨᠢᠭᠦᠯᠵᠦ᠂ ᠡᠷᠦᠬᠡ ᠳᠠᠷᠠᠭᠠᠯᠠᠨ ᠰᠤᠳᠤᠯᠤᠨ ᠮᠠᠭᠠᠳᠯᠠᠵᠤ᠂ ᠠᠰᠠᠭᠤᠳᠠᠯ ᠢ ᠡᠷᠢᠵᠦ᠂ ᠳᠤᠲᠠᠭᠤᠳᠠᠯ ᠢ ᠨᠥᠬᠦᠪᠥᠷᠢᠯᠡᠬᠦ ᠶᠢᠨ ᠬᠠᠮᠲᠤ ᠪᠠᠷᠢᠨ ᠥᠭᠡᠷᠡᠴᠢᠯᠡᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠡᠩ ᠤᠨ ᠡᠷᠦᠬᠡ ᠳᠠᠬᠢᠨ ᠶᠠᠳᠠᠭᠤᠷᠠᠬᠤ ᠥᠬᠡᠶ ᠪᠠᠶᠢᠬᠤ ᠶᠢ ᠪᠠᠳᠤᠯᠠᠬᠤ ᠭᠡᠷᠡᠭᠲᠠᠢ᠃ ᠬᠤᠶᠠᠷ ᠲᠤ᠂ ᠴᠠᠭ ᠬᠤᠭᠤᠴᠠᠭ᠎ᠠ ᠶᠢ ᠰᠠᠶᠢᠳᠤᠷ ᠠᠳᠬᠤᠵᠤ᠂ ᠬᠢᠨᠠᠨ ᠰᠢᠯᠭᠠᠬᠤ ᠭᠠᠷᠴᠠᠭ ᠲᠠᠢ ᠬᠠᠷᠭᠤᠭᠤᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠪᠣᠳᠠᠲᠠᠶ ᠨᠠᠷᠢᠯᠢᠭ ᠬᠢᠬᠦ ᠭᠡᠷᠡᠭᠲᠠᠢ᠃ ᠭᠤᠷᠪᠠ ᠳᠤ᠂ ᠪᠥᠬᠦ ᠰᠤᠮᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠶᠠᠳᠠᠭᠤ ᠠᠴᠠ ᠠᠩᠬᠢᠵᠢᠷᠠᠭᠰᠠᠨ ᠤ ᠲᠠᠷᠠᠭᠠᠬᠢ ᠦᠨᠡᠯᠡᠨ ᠵᠢᠱᠢᠬᠦ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠬᠤ ᠬᠡᠷᠡᠭᠲᠡᠶ᠃  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠲᠠᠢ᠃ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ  ᠬᠦᠢᠴᠡᠳᠭᠡᠭᠰᠡᠨ ᠥᠬᠡᠶ᠂ ᠠᠵᠢᠯ ᠤᠨ ᠦᠷ᠎ᠡ ᠪᠦᠲᠦᠮᠵᠢ ᠠᠨᠠᠢ ᠪᠠᠶᠢᠪᠠᠯ᠂ ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ  ᠨᠡᠬᠡᠮᠵᠢᠯᠠᠨ᠎ᠠ  ᠬᠡᠵᠡᠢ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号