ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2021/12/16
       ︵2021 ᠣᠨ ᠤ 11 ᠳ᠋ᠦ᠋ᠭᠡᠷ ᠰᠠᠷ᠎ᠠ ᠶᠢᠨ 11᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠪᠠᠲᠤᠯᠠᠪᠠ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ 2021 ᠣᠨ ᠤ 11 ᠳ᠋ᠦ᠋ᠭᠡᠷ ᠰᠠᠷ᠎ᠠ ᠶᠢᠨ 8᠎ ᠤ ᠡᠳᠦᠷ ᠠᠴᠠ 11᠎ ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠡᠨᠡ ᠤᠳᠠᠭᠠᠨ ᠤ ᠪᠦᠭᠦᠳᠡ ᠬᠤᠷᠠᠯ ᠳᠤ ᠲᠥᠪ ᠬᠤᠷᠢᠶᠠᠨ ᠤ 197 ᠭᠡᠰᠢᠭᠦᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 151 ᠬᠥᠮᠥᠨ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠪᠠ ᠬᠠᠮᠢᠶᠠᠲᠠᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠭᠰᠠᠨ ᠪᠠᠶᠢᠨ᠎ᠠ᠃ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠦᠨᠳᠦᠰᠦᠨ ᠱᠠᠲᠤᠨ ᠤ ᠬᠡᠰᠡᠭ ᠨᠥᠬᠦᠳ ᠪᠠ ᠲᠤᠰᠬᠠᠢ ᠮᠡᠷᠭᠡᠵᠢᠯᠲᠡᠨ ᠡᠷᠳᠡᠮᠲᠡᠳ ᠪᠠᠰᠠ ᠬᠤᠷᠠᠯ ᠳᠤ ᠰᠤᠯᠠ ᠣᠷᠣᠯᠴᠠᠵᠠᠢ᠃ ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠡᠷᠬᠢᠯᠡᠭᠰᠡᠨ ᠪᠠᠶᠢᠨ᠎ᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠤ ᠬᠠᠮᠲᠤ ᠶᠠᠷᠢᠯᠴᠠᠵᠤ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠦᠬᠡᠨ ᠲᠤᠷᠰᠢᠯᠭ᠎ᠠ ᠶᠢᠨ ᠲᠤᠬᠠᠢ ᠳᠣᠮᠳᠠᠳᠣ ᠣᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠎ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ︽ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠢ ᠰᠢᠢᠳᠪᠦᠷᠢ︾᠎ ᠶᠢ ᠬᠢᠨᠠᠨ ᠵᠥᠪᠯᠡᠵᠦ ᠪᠠᠲᠤᠯᠠᠭᠰᠠᠨ ᠪᠠᠶᠢᠨ᠎ᠠ᠃ ᠰᠢ ᠶᠢᠨ ᠫᠢᠩ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠦᠬᠡᠨ ᠲᠤᠷᠰᠢᠯᠭ᠎ᠠ ᠶᠢᠨ ᠲᠤᠬᠠᠢ ᠳᠣᠮᠳᠠᠳᠣ ᠣᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢᠨ ᠶᠠᠷᠢᠯᠴᠠᠬᠤ ᠨᠣᠣᠷᠠᠭ︾᠎ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠭᠰᠡᠨ ᠪᠠᠶᠢᠨ᠎ᠠ᠃ ᠬᠤᠷᠠᠯ ᠠᠴᠠ ᠨᠠᠮ ᠤᠨ 19 ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠰᠠᠨᠠᠯ ᠨᠢᠭᠡᠲᠡᠢ ᠦᠵᠡᠬᠦ ᠳᠡᠭᠡᠨ᠄ ᠨᠢᠭᠡ ᠵᠢᠯ ᠤᠨ ᠲᠤᠷᠰᠢ ᠳᠡᠯᠡᠬᠡᠢ ᠳ᠋ᠠᠬᠢᠨ ᠵᠠᠭᠤᠨ ᠵᠢᠯ ᠪᠠᠶᠢᠭ᠎ᠠ ᠦᠭᠡᠢ ᠶᠡᠭᠡ ᠬᠤᠪᠢᠰᠤᠯᠲᠠ ᠪᠠ ᠰᠢᠨ᠎ᠡ ᠺᠤᠷᠤᠨᠠ ᠸᠢᠷᠦ᠋ᠰ ᠤᠨ ᠬᠢᠵᠢᠭ ᠪᠦᠬᠦ ᠳᠡᠯᠡᠬᠡᠢ ᠳᠤ ᠦᠷᠪᠢᠰᠦᠨ ᠳᠡᠯᠭᠡᠷᠡᠵᠦ ᠳᠠᠪᠬᠤᠴᠠᠨ ᠨᠥᠯᠥᠭᠡᠯᠡᠵᠦ᠂ ᠭᠠᠳᠠᠭᠠᠳᠤ ᠣᠷᠴᠢᠨ ᠨᠥᠬᠦᠴᠡᠯ ᠨᠡᠩ ᠪᠡᠷᠬᠡ ᠪᠤᠳᠤᠯᠢᠶᠠᠨᠲᠠᠢ ᠪᠣᠯᠣᠭᠰᠠᠨ ᠢᠶᠠᠷ ᠤᠯᠤᠰ ᠤᠨ ᠳᠣᠲᠣᠭᠠᠳᠤ ᠶᠢᠨ ᠰᠢᠨ᠎ᠡ ᠺᠤᠷᠤᠨᠠ ᠸᠢᠷᠦ᠋ᠰ ᠤᠨ ᠬᠢᠵᠢᠭ ᠢ ᠰᠡᠷᠭᠡᠶᠢᠯᠡᠨ ᠳᠠᠷᠤᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠨᠦᠭᠦᠳ ᠮᠠᠰᠢ ᠪᠡᠷᠬᠡ ᠬᠦᠨᠳᠦ ᠪᠣᠯᠣᠭᠰᠠᠨ ᠶᠤᠮ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ 19 ᠳ᠋ᠦ᠋ᠭᠡᠷ ᠶᠡᠭᠡ ᠬᠤᠷᠠᠯ ᠪᠠ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂ ᠳᠥᠷᠪᠡ ᠲᠠᠪᠤᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠦᠨ᠂ ᠬᠢᠵᠢᠭ ᠢ ᠰᠡᠷᠭᠡᠶᠢᠯᠡᠨ ᠳᠠᠷᠤᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠬᠥᠭᠵᠢᠯᠲᠡ ᠪᠠ ᠠᠶᠤᠯ ᠦᠭᠡᠢ ᠪᠠᠶᠢᠬᠤ ᠶᠢ ᠨᠢᠭᠡᠳᠦᠯᠲᠡᠢ ᠲᠥᠯᠥᠪᠵᠢᠭᠦᠯᠦᠨ᠂ ᠯᠠᠪᠳᠠᠭᠤᠨ ᠢᠶᠠᠷ ᠠᠬᠢᠭᠤᠯᠬᠤ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠨ᠂ ᠬᠥᠭᠵᠢᠯᠲᠡ ᠶᠢᠨ ᠰᠢᠨ᠎ᠡ ᠦᠵᠡᠯᠲᠡ ᠶᠢ ᠪᠦᠬᠦ ᠲᠠᠯ᠎ᠠ ᠪᠠᠷ ᠲᠣᠣᠱᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠨ ᠪᠣᠢ ᠪᠣᠯᠭᠠᠵᠤ᠂ ᠠᠵᠤ ᠠᠬᠤᠢ ᠨᠡᠯᠢᠶᠡᠳ ᠰᠠᠶᠢᠨ ᠬᠥᠭᠵᠢᠬᠦ ᠬᠠᠨᠳᠤᠰᠢ ᠪᠠᠨ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠢᠳᠡᠪᠬᠢᠲᠡᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ᠢ ᠲᠣᠭᠲᠠᠭᠰᠠᠨ ᠬᠤᠭᠤᠴᠠᠭᠠᠨ ᠳᠤ ᠨᠢ ᠢᠯᠠᠯᠲᠠ ᠲᠠᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠦᠲᠦᠮᠵᠢᠲᠡᠢ ᠰᠠᠶᠢᠵᠢᠷᠠᠨ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠣᠯᠵᠤ᠂ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠯᠠᠪᠳᠠᠭᠤᠨ ᠢᠶᠠᠷ ᠠᠬᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠪᠦᠬᠦ ᠲᠠᠯ᠎ᠠ ᠪᠠᠷ ᠠᠬᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠯᠠᠪᠳᠠᠭᠤᠨ ᠪᠦᠲᠦᠮᠵᠢᠲᠡᠢ ᠶᠠᠪᠤᠭᠳᠠᠵᠤ᠂ ᠬᠦᠨᠳᠦ ᠬᠡᠴᠡᠭᠦᠦ ᠪᠠᠶᠢᠭᠠᠯᠢ ᠶᠢᠨ ᠭᠠᠢ ᠭᠠᠮᠰᠢᠭ ᠤᠳ ᠢ ᠢᠯᠠᠨ ᠳᠠᠪᠠᠵᠤ᠂ ᠨᠠᠮ ᠲᠥᠷᠥ ᠶᠢᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠣᠯᠣᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ 100 ᠵᠢᠯ ᠤᠨ ᠣᠢ ᠶᠢ ᠪᠠᠶᠠᠷᠯᠠᠨ ᠲᠡᠮᠳᠡᠭᠯᠡᠬᠦ ᠠᠵᠢᠯᠯᠠᠭ᠎ᠠ ᠨᠤᠭᠤᠳ ᠢ ᠠᠮᠵᠢᠯᠲᠠ ᠲᠠᠢ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠲᠤᠤᠱᠲᠠᠢ ᠪᠠᠶᠢᠭᠤᠯᠤᠭᠰᠠᠨ ᠢ ᠠᠯᠪᠠᠨ ᠶᠣᠰᠣᠭᠠᠷ ᠨᠡᠶᠢᠲᠡᠯᠡᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠬᠥᠭᠵᠢᠭᠡᠵᠦ᠂ ᠬᠤᠶᠠᠳᠠᠭᠢ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠵᠠᠮᠨᠠᠯ ᠢᠶᠠᠷ ᠴᠤᠭ ᠪᠠᠳᠠᠷᠠᠩᠭᠤᠢ ᠵᠠᠮᠨᠠᠭᠰᠠᠨ ᠪᠠᠶᠢᠨ᠎ᠠ ᠭᠡᠵᠡᠢ᠃ ᠪᠦᠭᠦᠳᠡ ᠬᠤᠷᠠᠯ ᠠᠴᠠ ᠦᠵᠡᠬᠦ ᠳᠡᠭᠡᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠦᠬᠡ ᠶᠢᠨ ᠲᠤᠷᠰᠢᠯᠭ᠎ᠠ ᠶᠢ ᠳ᠋ᠦᠩᠨᠡᠭᠰᠡᠨ ᠶᠠᠪᠤᠳᠠᠯ ᠪᠣᠯ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠦᠬᠡᠨ ᠨᠥᠬᠦᠴᠡᠯ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠱᠠᠭᠠᠷᠳᠠᠯᠭ᠎ᠠ ᠪᠣᠯᠣᠨ᠎ᠠ᠃ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠭᠴᠢ ᠶᠢᠨ ᠤᠬᠠᠮᠰᠠᠷ᠂ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠩᠭᠠᠷᠠᠭᠤᠯᠵᠤ᠂ ᠵᠠᠮᠨᠠᠯ ᠤᠨ ᠢᠲᠡᠭᠡᠯ᠂ ᠣᠨᠣᠯ ᠤᠨ ᠢᠲᠡᠭᠡᠯ ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠪᠠᠷᠢᠮᠲᠠᠯᠠᠨ᠂ ᠨᠦᠬᠦᠷ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠤᠯᠯᠠᠬᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠪᠦᠬᠦ ᠨᠠᠮ ᠤᠨ ᠠᠯᠬᠤᠭ᠎ᠠ ᠨᠢᠬᠡᠲᠡᠢ ᠤᠷᠤᠭᠰᠢᠯᠠᠬᠤ ᠶᠢ ᠪᠠᠲᠤᠯᠠᠬᠤ ᠶᠢᠨ ᠱᠠᠭᠠᠷᠳᠠᠯᠭ᠎ᠠ ᠪᠣᠯᠣᠨ᠎ᠠ᠃ ᠨᠠᠮ ᠤᠨ ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠤᠨ ᠴᠢᠳᠠᠪᠤᠷᠢ ᠪᠠ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠢ ᠥᠨᠢᠳᠡ ᠪᠠᠲᠤᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠳᠤᠮᠳᠠᠳᠤ ᠶᠢᠨ ᠦᠨᠳᠦᠰᠦᠲᠡᠨ ᠤ ᠠᠤᠭ᠎ᠠ ᠶᠡᠭᠡ ᠰᠡᠷᠭᠦᠨ ᠮᠠᠨᠳᠤᠯᠲᠠ ᠶᠢ ᠬᠠᠷᠠᠭᠤᠯᠤᠬᠰᠠᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢᠨ ᠱᠠᠭᠠᠷᠳᠠᠯᠭ᠎ᠠ ᠪᠣᠯᠣᠨ᠎ᠠ᠃ ᠪᠦᠬᠦ ᠨᠠᠮ ᠪᠠᠷ ᠢᠶᠠᠨ ᠪᠤᠰᠤᠳᠴᠢ ᠲᠡᠦᠬᠡ ᠶᠢᠨ ᠦᠵᠡᠯᠲᠡ ᠪᠠ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠠ ᠶᠠᠭᠠᠬᠢᠭᠠᠳ ᠠᠮᠵᠢᠯᠲᠠ ᠣᠯᠣᠭᠰᠠᠨ᠂ ᠢᠷᠡᠭᠡᠳᠦᠢ ᠳᠤ ᠪᠢᠳᠠ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠳᠤ ᠬᠦᠷᠴᠦ ᠴᠢᠳᠠᠬᠤ ᠪᠤᠢ ᠭᠡᠰᠡᠨ ᠢᠶᠠᠨ ᠲᠣᠳᠣᠷᠬᠠᠢ ᠮᠡᠳᠡᠵᠦ᠂ ᠡᠭᠦᠨ ᠤ ᠤᠯᠠᠮ ᠢᠶᠠᠷ ᠲᠤᠯᠭᠤᠷ ᠵᠣᠷᠢᠯᠲᠠ ᠡᠭᠦᠷᠭᠡ ᠪᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠥᠭᠵᠢᠭᠦᠯᠬᠦ ᠬᠡᠷᠡᠭᠲᠡᠢ ᠭᠡᠵᠡᠢ᠃ ᠪᠦᠭᠦᠳᠡ ᠬᠤᠷᠠᠯ ᠠᠴᠠ ᠳᠤᠷᠠᠳᠬᠤ ᠳᠠᠭᠠᠨ᠂ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤ ᠠᠵᠠ ᠵᠢᠷᠭᠠᠯ ᠢ ᠡᠳ᠋ᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯ ᠢ ᠡᠷᠢᠯᠬᠢᠯᠡᠬᠦ ᠶᠠᠪᠤᠳᠠᠯ ᠢ ᠢᠮᠠᠭᠲᠠ ᠥᠪᠡᠷ ᠤᠨ ᠲᠤᠯᠭᠤᠷ ᠵᠣᠷᠢᠯᠲᠠ ᠡᠭᠦᠷᠭᠡ ᠪᠠᠨ ᠪᠣᠯᠭᠠᠵᠤ᠂ ᠡᠪ ᠬᠠᠮᠲᠤ ᠶᠢᠨ ᠬᠦᠰᠡᠯᠡᠩ ᠪᠠ ᠨᠡᠶᠢᠭᠡᠮ ᠵᠢᠷᠤᠮ ᠤᠨ ᠢᠲᠡᠭᠡᠯ ᠪᠢᠰᠢᠷᠡᠯ ᠢ ᠢᠮᠠᠭᠲᠠ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠦᠨᠳᠦᠰᠦᠲᠡᠨ ᠤ ᠲᠤᠰᠠᠭᠠᠷ ᠲᠣᠭᠲᠠᠨᠢᠯ ᠢ ᠲᠡᠮᠡᠴᠡᠨ ᠣᠯᠬᠤ᠂ ᠠᠷᠠᠳ ᠲᠦᠮᠡᠨ ᠤ ᠴᠢᠯᠦᠭᠡᠯᠡᠯᠲᠡ ᠪᠠ ᠤᠯᠤᠰ ᠣᠷᠣᠨ ᠢᠶᠠᠨ ᠴᠢᠨᠡᠭᠡᠯᠢᠭᠵᠢᠭᠦᠯᠦᠨ ᠬᠦᠴᠦᠷᠬᠡᠭᠵᠢᠭᠦᠯᠬᠦ᠂ ᠠᠷᠠᠳ ᠲᠦᠮᠡᠨ ᠳᠤ ᠠᠵᠠ ᠵᠢᠷᠭᠠᠯ ᠡᠳ᠋ᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠵᠠᠮᠨᠠᠯ ᠢ ᠲᠤᠭᠤᠯᠤᠭᠰᠠᠨ ᠪᠠᠶᠢᠨ᠎ᠠ᠃ ᠨᠠᠮ ᠪᠣᠯᠣᠨ ᠠᠷᠠᠳ ᠲᠦᠮᠡᠨ ᠵᠠᠭᠤᠨ ᠵᠢᠯ ᠤᠨ ᠲᠡᠮᠡᠴᠡᠯ ᠳᠡᠭᠡᠨ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠠᠬᠢ ᠬᠠᠮᠤᠭ ᠤᠨ ᠠᠤᠭ᠎ᠠ ᠶᠡᠭᠡ ᠲᠡᠦᠬᠡᠨ ᠲᠤᠤᠯᠢᠰ ᠢ ᠪᠢᠴᠢᠭᠯᠡᠭᠰᠡᠨ ᠪᠠᠶᠢᠨ᠎ᠠ ᠭᠡᠵᠡᠢ᠃ ᠪᠦᠭᠦᠳᠡ ᠬᠤᠷᠠᠯ ᠠᠴᠠ ᠳᠤᠷᠠᠳᠬᠤ ᠳᠠᠭᠠᠨ᠂ ᠰᠢᠨ᠎ᠡ ᠠᠷᠠᠳᠴᠢᠯᠠᠭᠰᠠᠨ ᠶᠤᠰᠤᠨ ᠤ ᠬᠤᠪᠢᠰᠬᠠᠯ ᠤᠨ ᠦᠶ᠎ᠡ ᠳᠤ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠡᠵᠡᠷᠬᠡᠭ ᠲᠦᠷᠢᠮᠡᠬᠡᠢ ᠶᠤᠰᠣ᠂ ᠹᠸᠤᠳᠠᠯ ᠶᠤᠰᠣ᠂ ᠨᠣᠶᠠᠨᠴᠢ ᠬᠦᠷᠦᠩᠭᠡᠲᠦ ᠶᠤᠰᠤ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠤᠭ᠎ᠠ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠦᠨᠳᠦᠰᠦᠨ ᠨᠦᠭᠦᠴᠡᠯ ᠢ ᠪᠤᠢ ᠪᠤᠯᠭᠠᠬᠤ ᠶᠠᠪᠤᠳᠠᠯ ᠪᠤᠯᠤᠨ᠎ᠠ᠃ ᠬᠤᠪᠢᠰᠬᠠᠯ ᠤᠨ ᠲᠡᠮᠡᠴᠡᠯ ᠤᠨ ᠶᠠᠪᠤᠴᠠ ᠳᠤ ᠨᠥᠬᠦᠷ ᠮᠠᠤ ᠽᠧ ᠳ᠋ᠦᠩ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠮᠠᠷᠺᠰ ᠯᠧᠨᠢᠨ ᠤ ᠦᠵᠡᠯ ᠤᠨ ᠦᠨᠳᠦᠰᠦᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠲᠠᠭᠤᠵᠢᠯᠲᠠᠢ ᠬᠠᠶᠢᠨ ᠰᠦᠪᠡᠭᠴᠢᠯᠡᠵᠦ᠂ ᠠᠰᠤᠷᠤ ᠶᠡᠭᠡ ᠦᠷᠡᠭᠳᠡᠯ ᠰᠦᠢᠳᠦᠯ ᠭᠠᠷᠭᠠᠬᠤ ᠪᠠᠷ ᠳᠠᠮᠵᠢᠨ ᠬᠤᠷᠠᠮᠳᠤᠭᠤᠯᠤᠭᠰᠠᠨ ᠪᠡᠶ᠎ᠡ ᠪᠠᠨ ᠳᠠᠭᠠᠭᠠᠭᠰᠠᠨ ᠲᠤᠷᠰᠢᠯᠭ᠎ᠠ ᠨᠤᠭᠤᠳ ᠢᠶᠠᠨ ᠣᠨᠣᠯ ᠤᠨ ᠲᠠᠯ᠎ᠠ ᠪᠠᠷ ᠬᠤᠷᠢᠶᠠᠩᠭᠤᠶᠢᠯᠠᠵᠤ᠂ ᠬᠥᠳᠡᠭᠡ ᠲᠣᠰᠬᠤᠨ ᠢᠶᠠᠷ ᠬᠤᠲᠠ ᠶᠢ ᠪᠦᠰᠡᠯᠡᠬᠦ᠂ ᠵᠡᠪᠰᠡᠭ ᠢᠶᠠᠷ ᠵᠠᠰᠠᠭ ᠤᠨ ᠡᠷᠬᠡ ᠶᠢ ᠪᠤᠯᠢᠶᠠᠨ ᠠᠪᠬᠤ ᠵᠥᠪ ᠣᠨᠣᠪᠴᠢᠲᠠᠢ ᠬᠤᠪᠢᠰᠬᠠᠯ ᠤᠨ ᠵᠠᠮ ᠢ ᠨᠡᠭᠡᠭᠡᠵᠦ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠡᠭᠦᠳᠴᠦ᠂ ᠰᠢᠨ᠎ᠡ ᠠᠷᠠᠳᠴᠢᠯᠠᠭᠰᠠᠨ ᠶᠤᠰᠣᠨ ᠤ ᠬᠤᠪᠢᠰᠬᠠᠯ ᠤᠨ ᠢᠯᠠᠯᠲᠠ ᠶᠢ ᠲᠡᠮᠡᠴᠡᠨ ᠣᠯᠬᠤ ᠳᠤ ᠵᠥᠪ ᠴᠢᠭᠯᠡᠯ ᠢ ᠵᠢᠭᠠᠭᠰᠠᠨ ᠪᠠᠶᠢᠨ᠎ᠠ᠃ ᠨᠠᠮ ᠠᠴᠠ ᠠᠷᠠᠳ ᠲᠦᠮᠡᠨ ᠢ ᠤᠳᠤᠷᠢᠳᠤᠨ ᠴᠢᠰᠦ ᠤᠷᠤᠰᠬᠠᠨ ᠲᠡᠮᠡᠴᠡᠵᠦ ᠨᠤᠭᠤᠷᠠᠯ ᠪᠦᠳᠦᠷᠢᠯ ᠢ ᠬᠠᠶᠢᠬᠤᠷᠬᠤ ᠦᠭᠡᠢ ᠪᠠᠷ ᠡᠷᠡᠯᠬᠡᠭᠯᠡᠨ ᠲᠡᠮᠡᠴᠡᠵᠦ᠂ ᠰᠢᠨ᠎ᠡ ᠠᠷᠠᠳᠴᠢᠯᠠᠭᠰᠠᠨ ᠶᠤᠰᠤᠨ ᠤ ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠴᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠤᠨ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠢ ᠡᠴᠦᠰᠯᠡᠭᠦᠯᠦᠨ᠂ ᠴᠥᠭᠡᠨ ᠲᠣᠭᠠᠨ ᠤ ᠮᠦᠯᠵᠢᠭᠴᠢᠳ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠢ ᠡᠴᠦᠰᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠰᠠᠯᠵᠦ ᠪᠤᠲᠠᠷᠠᠬᠰᠠᠨ ᠪᠠᠶᠢᠳᠠᠯ ᠢ ᠲᠦᠢᠯᠪᠤᠷᠢᠲᠠᠢ ᠡᠴᠦᠰᠯᠡᠭᠦᠯᠦᠨ᠂ ᠬᠦᠴᠦᠷᠬᠡᠭ ᠤᠯᠤᠰ ᠤᠳ ᠤᠨ ᠳᠤᠮᠳᠠᠳᠤ ᠤᠯᠤᠰ ᠲᠤ ᠠᠯᠪᠠᠳᠠᠯᠭ᠎ᠠ ᠪᠠᠷ ᠲᠤᠯᠭᠠᠬᠰᠠᠨ ᠡᠷᠬᠡ ᠲᠡᠭᠰᠢ ᠪᠤᠰᠤ ᠭᠡᠷ᠎ᠡ ᠪᠠ ᠡᠵᠡᠷᠬᠡᠭ ᠲᠦᠷᠢᠮᠡᠬᠡᠶᠢᠲᠡᠨ ᠤ ᠳᠤᠮᠳᠠᠳᠤ ᠤᠯᠤᠰ ᠳᠠᠬᠢ ᠠᠯᠢᠪᠠ ᠣᠨᠴᠠᠭᠠᠢ ᠡᠷᠬᠡ ᠶᠢ ᠲᠦᠢᠯᠪᠤᠷᠢᠲᠠᠢ ᠬᠦᠴᠦᠨ ᠦᠬᠡᠢ ᠪᠤᠯᠭᠠᠵᠤ᠂ ᠳᠤᠮᠳᠠᠳᠤ ᠤᠯᠤᠰ ᠢ ᠬᠡᠳᠦᠨ ᠮᠢᠩᠭᠠᠨ ᠵᠢᠯ ᠤᠨ ᠹᠸᠤᠳᠠᠯ ᠤᠨ ᠡᠵᠡᠷᠬᠡᠭ ᠤᠯᠤᠰ ᠲᠥᠷᠥ ᠠᠴᠠ ᠠᠷᠠᠳ ᠤᠨ ᠠᠷᠠᠳᠴᠢᠯᠠᠯ ᠲᠡᠰᠢ ᠬᠤᠪᠢᠷᠠᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ ᠮᠥᠷᠲᠡᠭᠡᠨ ᠳᠡᠯᠡᠬᠡᠢ ᠶᠢᠨ ᠤᠯᠤᠰ ᠲᠥᠷᠥ ᠶᠢᠨ ᠪᠠᠶᠢᠷᠢᠰᠢᠯ ᠢ ᠲᠦᠢᠯ ᠢᠶᠠᠷ ᠬᠤᠪᠢᠷᠠᠭᠤᠯᠵᠤ᠂ ᠪᠦᠬᠦ ᠳᠡᠯᠡᠬᠡᠢ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠪᠠ ᠳᠠᠷᠣᠯᠠᠬᠳᠠᠵᠤ ᠪᠠᠶᠢᠭ᠎ᠠ ᠠᠷᠠᠳ ᠲᠦᠮᠡᠨ ᠤ ᠴᠢᠯᠦᠭᠡᠯᠡᠯᠲᠡ ᠶᠢᠨ ᠲᠡᠮᠡᠴᠡᠯ ᠢ ᠵᠣᠷᠢᠭᠵᠢᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠰᠢᠷᠭᠠᠭᠤ ᠲᠡᠮᠡᠴᠡᠯ ᠢᠶᠠᠷ ᠢᠶᠠᠨ ᠳᠠᠮᠵᠢᠨ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠬᠤᠶᠢᠰᠢ ᠪᠣᠰᠴᠤ ᠵᠤᠬᠰᠣᠨ᠂ ᠳᠤᠮᠳᠠᠳᠤ ᠶᠢᠨ ᠦᠨᠳᠦᠰᠦᠲᠡᠨ ᠤ ᠬᠥᠮᠥᠨ ᠪᠣᠯᠭᠠᠨ ᠳᠤ ᠳᠠᠷᠤᠯᠠᠭᠳᠠᠨ ᠳᠣᠷᠣᠮᠵᠢᠯᠠᠭᠳᠠᠭᠰᠠᠨ ᠴᠠᠭ ᠦᠶ᠎ᠡ ᠨᠢᠭᠡᠨᠲᠡ ᠪᠤᠴᠠᠯᠲᠠ ᠦᠭᠡᠢ ᠦᠩᠭᠡᠷᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠰᠢᠨ᠎ᠡ ᠡᠷᠡᠨ ᠵᠠᠭᠤᠨ ᠢ ᠨᠡᠭᠡᠭᠡᠭᠰᠡᠨ ᠢ ᠳᠠᠶᠠᠩ ᠳᠡᠯᠡᠬᠡᠢ ᠳᠤ ᠲᠥᠪ ᠴᠢᠩᠭ᠎ᠠ ᠪᠠᠷ ᠲᠤᠩᠬᠠᠭᠯᠠᠭᠰᠠᠨ ᠪᠠᠶᠢᠨ᠎ᠠ ᠭᠡᠵᠡᠢ᠃ ᠬᠤᠷᠠᠯ ᠠᠴᠠ ᠳᠤᠷᠠᠳᠬᠤ ᠳᠠᠭᠠᠨ᠂ ᠨᠡᠶᠢᠭᠡᠮ ᠵᠢᠷᠤᠮ ᠤᠨ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ ᠰᠢᠨ᠎ᠡ ᠠᠷᠠᠳᠴᠢᠯᠠᠭᠰᠠᠨ ᠶᠤᠰᠤᠨ ᠠᠴᠠ ᠨᠡᠶᠢᠭᠡᠮ ᠵᠢᠷᠤᠮ ᠳᠤ ᠰᠢᠯᠵᠢᠬᠦ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯ ᠢ ᠪᠡᠶᠡᠯᠡᠭᠦᠯᠬᠦ ᠳᠤ ᠤᠯᠤᠰ ᠲᠥᠷᠥ ᠶᠢᠨ ᠦᠨᠳᠦᠰᠦᠨ ᠤᠷᠢᠳᠠᠯ ᠪᠣᠯᠣᠨ ᠪᠠᠶᠢᠭᠤᠯᠤᠯ ᠤᠨ ᠰᠠᠭᠤᠷᠢ ᠲᠠᠯᠪᠢᠬᠤ ᠶᠠᠪᠤᠳᠠᠯ ᠪᠣᠯᠣᠨ᠎ᠠ᠃ ᠡᠨᠡ ᠴᠠᠭ ᠦᠶ᠎ᠡ ᠳᠤ᠂ ᠨᠥᠬᠦᠷ ᠮᠠᠤ ᠽᠧ ᠳ᠋ᠦᠩ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠲᠤᠬᠠᠢ ᠠᠯᠢ ᠣᠯᠠᠨ ᠴᠢᠬᠤᠯᠠ ᠦᠵᠡᠯ ᠰᠠᠨᠠᠭ᠎ᠠ ᠶᠢ ᠳᠤᠷᠠᠳᠴᠤ ᠭᠠᠷᠭᠠᠭᠰᠠᠨ ᠶᠤᠮ ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠲᠤ ᠪᠦᠲᠦᠭᠡᠯᠴᠢ ᠪᠠᠷ ᠬᠡᠷᠡᠭᠵᠢᠭᠦᠯᠦᠭᠰᠡᠨ ᠪᠠ ᠬᠥᠭᠵᠢᠭᠦᠯᠦᠭᠰᠡᠨ ᠶᠠᠪᠤᠳᠠᠯ ᠪᠣᠯᠣᠨ᠎ᠠ᠂ ᠦᠢᠯᠡᠳᠦᠯᠭᠡ ᠪᠠᠷ ᠭᠡᠷᠡᠴᠢᠯᠡᠭᠳᠡᠭᠰᠡᠨ ᠳᠤᠮᠳᠠᠳᠤ ᠤᠯᠤᠰ ᠤᠨ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠲᠤᠬᠠᠢ ᠵᠥᠪ ᠣᠨᠣᠪᠴᠢᠲᠠᠢ ᠣᠨᠣᠯ ᠤᠨ ᠵᠠᠷᠴᠢᠮ ᠪᠣᠯᠣᠨ ᠲᠤᠷᠰᠢᠯᠭ᠎ᠠ ᠶᠢᠨ ᠳ᠋ᠦᠩᠨᠡᠯᠲᠡ ᠪᠣᠯᠣᠨ᠎ᠠ᠂ ᠮᠠᠷᠺᠰ ᠤᠨ ᠦᠵᠡᠯ ᠢ ᠳᠤᠮᠳᠠᠳᠤ ᠤᠯᠤᠰ ᠤᠨ ᠪᠣᠯᠭᠠᠭᠰᠠᠨ ᠠᠩᠬᠠᠨ ᠤ ᠲᠡᠦᠬᠡᠲᠦ ᠴᠢᠨᠠᠷ ᠲᠠᠢ ᠦᠰᠦᠷᠦᠯᠲᠡ ᠪᠣᠯᠣᠨ᠎ᠠ᠃ ᠨᠠᠮ ᠠᠷᠠᠳ ᠲᠦᠮᠡᠨ ᠢ ᠤᠳᠤᠷᠢᠳᠤᠨ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠠᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠤᠨ᠂ ᠬᠥᠮᠥᠨ ᠠᠮᠠ ᠣᠯᠠᠨᠲᠠᠢ ᠳᠣᠷᠣᠨᠠᠳᠠᠬᠢᠨ ᠤ ᠲᠣᠮᠣ ᠤᠯᠤᠰ ᠶᠡᠭᠡ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠳᠠᠪᠰᠢᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ ᠶᠤᠮ᠃ ᠮᠠᠨ ᠤ ᠤᠯᠤᠰ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠣᠯᠣᠨ ᠤᠯᠤᠰ ᠠᠷᠠᠳ ᠤᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠳᠤ ᠢᠯᠡᠷᠬᠡᠢ ᠬᠤᠪᠢᠷᠠᠯᠲᠠ ᠲᠠᠢ ᠪᠣᠯᠵᠤ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠨᠡᠯᠢᠶᠡᠳ ᠶᠡᠭᠡ ᠬᠥᠭᠵᠢᠯᠲᠡ ᠲᠠᠢ ᠪᠣᠯᠵᠤ᠂ ᠠᠷᠠᠳ ᠤᠨ ᠴᠢᠯᠦᠭᠡᠯᠡᠬᠦ ᠴᠡᠷᠢᠭ ᠬᠦᠴᠦᠷᠬᠡᠭᠵᠢᠨ ᠪᠤᠵᠠᠭᠠᠶᠢᠷᠠᠵᠤ᠂ ᠬᠠᠭᠤᠴᠢᠨ ᠳᠤᠮᠳᠠᠳᠤ ᠤᠯᠤᠰ ᠤᠨ ᠳᠣᠷᠣᠮᠵᠢᠯᠠᠭᠳᠠᠭᠰᠠᠨ ᠭᠠᠳᠠᠭᠠᠳᠤ ᠬᠠᠷᠢᠯᠴᠠᠭ᠎ᠠ ᠶᠢ ᠪᠦᠷᠢᠮᠦᠰᠦᠨ ᠡᠴᠦᠰᠯᠡᠭᠦᠯᠦᠭᠰᠡᠨ ᠶᠤᠮ᠃ ᠳᠤᠮᠳᠠᠳᠤ ᠤᠯᠤᠰ ᠤᠨ ᠠᠷᠠᠳ ᠲᠦᠮᠡᠨ ᠨᠢᠭᠡᠨ ᠬᠠᠭᠤᠴᠢᠨ ᠶᠢᠷᠲᠢᠨᠴᠦ ᠶᠢ ᠵᠣᠷᠢᠭᠲᠠᠢ ᠪᠠᠷ ᠨᠤᠷᠠᠭᠠᠵᠤ ᠴᠢᠳᠠᠬᠤ ᠮᠥᠷᠲᠡᠭᠡᠨ ᠰᠢᠨ᠎ᠡ ᠳᠡᠯᠡᠬᠡᠢ ᠶᠢᠷᠲᠢᠨᠴᠦ ᠶᠢ ᠵᠣᠷᠢᠭᠲᠠᠢ ᠪᠠᠷ ᠪᠠᠶᠢᠭᠤᠯᠵᠤ ᠳᠡᠶᠢᠯᠦᠨ᠎ᠡ᠂ ᠵᠥᠪᠬᠡᠨ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠬᠤ ᠶᠤᠮ᠂ ᠵᠥᠪᠬᠡᠨ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠲᠡᠮᠡᠴᠡᠯ ᠢᠶᠠᠷ ᠢᠶᠠᠨ ᠳᠡᠯᠡᠬᠡᠢ ᠶᠢᠷᠲᠢᠨᠴᠦ ᠳᠤ ᠲᠥᠪ ᠴᠢᠩᠭ᠎ᠠ ᠪᠠᠷ ᠲᠤᠩᠬᠠᠭᠯᠠᠭᠰᠠᠨ ᠶᠤᠮ ᠭᠡᠵᠡᠢ᠃            ᠬᠤᠷᠠᠯ ᠠᠴᠠ ᠵᠢᠭᠠᠬᠤ ᠳᠠᠭᠠᠨ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮᠲᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ᠂ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ ᠳᠤᠮᠳᠠᠳᠤ ᠤᠯᠤᠰ ᠨᠡᠶᠢᠭᠡᠮ ᠵᠢᠷᠤᠮ ᠢ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦ ᠶᠢ ᠴᠢᠯᠦᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠲᠦᠷᠭᠡᠨ ᠴᠢᠨᠡᠭᠡᠯᠢᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯ ᠢ ᠪᠡᠶᠡᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦ ᠲᠠᠢ ᠪᠠᠶᠢᠭᠤᠯᠤᠯ ᠤᠨ ᠪᠠᠲᠤᠯᠠᠭ᠎ᠠ ᠪᠣᠯᠣᠨ ᠲᠦᠷᠭᠡᠨ ᠬᠥᠭᠵᠢᠬᠦ ᠪᠣᠳᠠᠰ ᠤᠨ ᠨᠥᠬᠦᠴᠡᠯ ᠣᠯᠭᠤᠭᠰᠠᠨ ᠶᠤᠮ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ᠂ ᠨᠥᠬᠦᠷ ᠳ᠋ᠧᠩ ᠰᠢᠶᠣᠣ ᠫᠢᠩ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠪᠠᠨ ᠭᠦᠨᠵᠡᠭᠡᠢ ᠳ᠋ᠦᠩᠨᠡᠵᠦ᠂ ᠨᠡᠶᠢᠭᠡᠮ ᠵᠢᠷᠤᠮ ᠭᠡᠳᠡᠭ ᠶᠠᠭᠤ ᠪᠣᠢ᠂ ᠨᠡᠶᠢᠭᠡᠮ ᠵᠢᠷᠤᠮ ᠢ ᠶᠠᠭᠠᠬᠢᠵᠤ ᠪᠠᠶᠢᠭᠤᠯᠬᠤ ᠪᠣᠢ ᠭᠡᠬᠦ ᠡᠨᠡᠬᠦ ᠦᠨᠳᠦᠰᠦᠨ ᠠᠰᠠᠭᠤᠳᠠᠯ ᠤᠨ ᠲᠣᠭᠤᠷᠢᠨ ᠳᠤ᠂ ᠳᠡᠯᠡᠬᠡᠢ ᠶᠢᠨ ᠨᠡᠶᠢᠭᠡᠮ ᠵᠢᠷᠤᠮ ᠤᠨ ᠲᠡᠦᠬᠡ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠳ᠋ᠧᠩ ᠰᠢᠶᠣᠣ ᠫᠢᠩ ᠤᠨ ᠣᠨᠣᠯ ᠢ ᠪᠣᠢ ᠪᠣᠯᠭᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠥᠪ ᠢ ᠡᠷᠢᠵᠦ᠂ ᠨᠠᠮ ᠪᠣᠯᠣᠨ ᠤᠯᠤᠰ ᠤᠨ ᠠᠵᠢᠯ ᠤᠨ ᠭᠤᠣᠯᠳᠠᠯᠭ᠎ᠠ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠲᠦ ᠴᠢᠨᠠᠷ ᠲᠠᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠨ᠂ ᠨᠡᠶᠢᠭᠡᠮ ᠵᠢᠷᠤᠮ ᠤᠨ ᠮᠥᠨ ᠴᠢᠨᠠᠷ ᠢ ᠭᠦᠨᠵᠡᠭᠡᠢ ᠢᠯᠡᠷᠡᠭᠦᠯᠵᠦ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠪᠠᠶᠢᠭ᠎ᠠ ᠦᠨᠳᠦᠰᠦᠨ ᠱᠤᠭᠤᠮ ᠢ ᠲᠣᠭᠲᠠᠭᠠᠵᠤ᠂ ᠥᠪᠡᠷ ᠤᠨ ᠵᠠᠮ ᠢᠶᠠᠷ ᠪᠠᠨ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠢ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠯᠢ ᠣᠯᠠᠨ ᠦᠨᠳᠦᠰᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠬᠤᠷᠢᠳᠤᠭᠠᠷ ᠵᠠᠭᠤᠨ ᠤ ᠳᠤᠮᠳᠠ ᠦᠶ᠎ᠡ ᠪᠣᠯᠬᠤ ᠳᠤ ᠭᠤᠷᠪᠠᠨ ᠠᠯᠬᠤᠮ ᠬᠤᠪᠢᠶᠠᠨ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠡᠶᠡᠯᠡᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠨᠳᠦᠰᠦᠨ ᠳᠡᠭᠡᠨ ᠲᠤᠬᠲᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠶᠤᠮ ᠭᠡᠵᠡᠢ᠃ ᠪᠥᠬᠦᠳᠡ ᠬᠤᠷᠠᠯ ᠠᠴᠠ ᠲᠤᠷᠠᠳᠬᠤ ᠳᠠᠭᠠᠨ᠂ ᠨᠠᠮ ᠤᠨ 13 ᠳ᠋ᠤᠭᠠᠷ ᠬᠤᠭᠤᠴᠠᠭᠠᠨ ᠤ ᠲᠦᠪ ᠬᠤᠷᠢᠶᠠᠨ ᠤ 4 ᠳ᠋ᠤᠭᠡᠷ ᠪᠥᠬᠦᠳᠡ ᠬᠤᠷᠠᠯ ᠠᠴᠠ ᠨᠠᠭᠠᠰᠢ᠂ ᠨᠥᠬᠦᠷ ᠵᠢᠶᠠᠩ ᠽᠧ ᠮᠢᠨ ᠢᠶᠠᠷ ᠭᠤᠤᠯ ᠲᠦᠯᠦᠭᠡᠯᠡᠭᠴᠢ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤᠴᠤᠳ᠂ ᠪᠥᠬᠦ ᠨᠠᠮ ᠪᠥᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ ᠴᠢᠭᠯᠡᠯᠳᠡ ᠶᠢ ᠪᠠᠷᠢᠮᠳᠠᠯᠠᠵᠦ᠂ ᠨᠡᠶᠢᠭᠡᠮ ᠵᠢᠷᠤᠮ ᠭᠡᠵᠦ ᠶᠠᠭᠤ ᠪᠤᠢ᠂ ᠨᠡᠶᠢᠬᠡᠮ ᠵᠢᠷᠤᠮ ᠢ ᠶᠠᠭᠠᠬᠢᠵᠦ ᠪᠦᠳᠦᠭᠡᠨ ᠪᠠᠶᠢᠭᠤᠯᠬᠤ ᠪᠠ ᠶᠠᠮᠠᠷ ᠨᠠᠮ ᠢ ᠪᠦᠳᠦᠭᠡᠨ ᠪᠠᠶᠢᠭᠤᠯᠬᠤ᠂ ᠨᠠᠮ ᠢᠶᠠᠨ ᠶᠠᠭᠠᠬᠢᠵᠦ ᠪᠦᠳᠦᠭᠡᠨ ᠪᠠᠶᠢᠭᠤᠯᠬᠤ ᠲᠠᠨᠢᠯᠳᠠ ᠶᠢ ᠬᠦᠨᠵᠡᠭᠡᠶᠢᠷᠡᠬᠦᠯᠵᠦ᠂ ︽ᠭᠤᠷᠪᠠ ᠶᠢ ᠲᠦᠯᠦᠭᠡᠯᠡᠬᠦ ᠴᠢᠬᠤᠯᠠ ᠦᠵᠡᠯ ᠰᠠᠨᠠᠭ᠎ᠠ︾᠎ ᠶᠢ ᠪᠦᠷᠢᠯᠳᠦᠬᠦᠯᠵᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠮᠠᠰᠢ ᠲᠦᠪᠡᠭ ᠪᠤᠳᠤᠯᠢᠶᠠᠨᠲᠠᠢ ᠪᠠᠶᠢᠳᠠᠯ ᠪᠠ ᠲᠡᠯᠡᠬᠡᠢ ᠶᠢᠨ ᠨᠡᠶᠢᠬᠡᠮ ᠵᠢᠷᠤᠮᠳᠤ ᠦᠢᠯᠡᠰ ᠬᠦᠨᠳᠤ ᠨᠤᠴᠢᠲᠠᠢ ᠨᠤᠭᠤᠷᠠᠯ ᠪᠦᠳᠦᠷᠢᠯ ᠳᠤ ᠤᠴᠠᠷᠠᠭᠰᠠᠨ ᠬᠠᠳᠠᠭᠤ ᠰᠢᠯᠭᠠᠯᠳᠠ ᠶᠢᠨ ᠡᠮᠦᠨ᠎ᠡ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠬᠠᠮᠠᠭᠠᠯᠠᠵᠦ᠂ ᠨᠡᠶᠢᠬᠡᠮ ᠵᠢᠷᠤᠮᠳᠤ ᠵᠠᠬ᠎ᠠ ᠲᠡᠯᠭᠡᠬᠦᠷ ᠤᠨ ᠠᠵᠦ ᠠᠬᠤᠢ ᠶᠢᠨ ᠰᠢᠰᠲ᠋ᠧᠮ ᠲᠤᠭᠳᠠᠴᠠ ᠶᠢᠨ ᠦᠭᠡᠷᠡᠴᠢᠯᠡᠯᠳᠡ ᠶᠢᠨ ᠬᠠᠷᠠᠯᠳᠠ ᠪᠠ ᠦᠨᠳᠦᠰᠦᠨ ᠪᠠᠶᠢᠷᠢᠰᠢᠯ ᠢ ᠲᠤᠭᠳᠠᠭᠠᠵᠦ᠂ ᠨᠡᠶᠢᠬᠡᠮ ᠵᠢᠷᠤᠮ ᠤᠨ ᠠᠩᠬᠠᠨ ᠤ ᠱᠠᠳᠤᠨ ᠳᠠᠬᠢ ᠨᠡᠶᠢᠳᠡ ᠶᠢᠨ ᠦᠮᠴᠢᠯᠡᠯ ᠢᠶᠠᠷ ᠭᠤᠤᠯ ᠴᠤᠭᠴᠠ ᠪᠤᠯᠭᠠᠭᠰᠠᠨ᠂ ᠤᠯᠠᠨ ᠵᠦᠢᠯ ᠤᠨ ᠦᠮᠴᠢᠯᠡᠯ ᠤᠨ ᠠᠵᠦ ᠠᠬᠤᠢ ᠵᠡᠷᠭᠡᠪᠡᠷ ᠬᠦᠭᠵᠢᠭᠰᠡᠨ ᠠᠵᠦ ᠠᠬᠤᠢ ᠶᠢᠨ ᠦᠨᠳᠦᠰᠦᠨ ᠲᠦᠷᠢᠮ ᠪᠠ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠤᠭᠴᠠ ᠪᠤᠯᠭᠠᠭᠰᠠᠨ ᠂ ᠤᠯᠠᠨ ᠵᠦᠢᠯ ᠤᠨ ᠬᠤᠪᠢᠶᠠᠷᠢᠯᠠᠯᠳᠠ ᠶᠢᠨ ᠬᠡᠯᠪᠡᠷᠢ ᠵᠡᠷᠭᠡᠪᠡᠷ ᠤᠷᠤᠰᠢᠭᠰᠠᠨ ᠬᠤᠪᠢᠶᠠᠷᠢᠯᠠᠯᠳᠠ ᠶᠢᠨ ᠲᠦᠷᠢᠮ ᠢ ᠲᠤᠭᠳᠠᠭᠠᠵᠦ᠂ ᠪᠥᠬᠦ ᠲᠠᠯ᠎ᠠ ᠪᠠᠷ ᠦᠭᠡᠷᠡᠴᠢᠯᠡᠯᠳᠡ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠤᠢ ᠪᠤᠯᠭᠠᠵᠦ᠂ ᠨᠠᠮ ᠤᠨ ᠪᠠᠶᠢᠭᠤᠯᠤᠯᠳᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠠᠬᠢᠭᠤᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠬᠤᠷᠢᠨ ᠨᠢᠭᠡᠳᠦᠭᠡᠷ ᠵᠠᠭᠤᠨ ᠳᠤ ᠠᠮᠵᠢᠯᠳᠠ ᠲᠠᠢ ᠠᠬᠢᠭᠤᠯᠤᠭᠰᠠᠨ ᠶᠤᠮ ᠭᠡᠵᠠᠢ᠃ ᠪᠥᠬᠦᠳᠡ ᠬᠤᠷᠠᠯ ᠠᠴᠠ ᠲᠤᠷᠠᠳᠬᠤ ᠳᠠᠭᠠᠨ᠂ ᠨᠠᠮ ᠤᠨ 16 ᠳ᠋ᠤᠭᠠᠷ ᠶᠡᠭᠡ ᠬᠤᠷᠠᠯ ᠠᠴᠠ ᠨᠠᠭᠠᠰᠢ᠂ ᠨᠥᠬᠦᠷ ᠬᠤ᠋ ᠶᠢᠨ ᠲᠤᠤ ᠪᠠᠷ ᠭᠤᠤᠯ ᠲᠦᠯᠦᠭᠡᠯᠡᠭᠴᠢ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤᠴᠤᠳ᠂ ᠪᠥᠬᠦ ᠨᠠᠮ ᠪᠥᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠦ᠂ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠶᠠᠪᠤᠴᠠ ᠳᠠᠭᠠᠨ ᠦᠢᠯᠡᠳᠦᠯᠭᠡ ᠶᠢᠨ ᠡᠬᠦᠳᠦᠯᠳᠡ ᠰᠢᠨᠡᠴᠢᠯᠡᠯᠳᠡ᠂ ᠤᠨᠤᠯ ᠤᠨ ᠡᠬᠦᠳᠦᠯᠳᠡ ᠰᠢᠨᠡᠴᠢᠯᠡᠯᠳᠡ᠂ ᠲᠦᠷᠢᠮ ᠤᠨ ᠡᠬᠦᠳᠦᠯᠳᠡ ᠰᠢᠨᠡᠴᠢᠯᠡᠯᠳᠡ ᠶᠢ ᠠᠬᠢᠭᠤᠯᠵᠦ᠂ ᠰᠢᠨ᠎ᠡ ᠪᠠᠶᠢᠳᠠᠯ ᠲᠤᠤᠷ᠎ᠠ ᠶᠠᠮᠠᠷ ᠬᠦᠭᠵᠢᠯᠳᠡ ᠶᠢ ᠪᠡᠶᠡᠯᠡᠬᠦᠯᠬᠦ᠂ ᠶᠠᠭᠠᠬᠢᠵᠦ ᠬᠦᠭᠵᠢᠬᠦ ᠵᠡᠷᠭᠡ ᠴᠢᠬᠤᠯᠠ ᠶᠡᠭᠡ ᠠᠰᠠᠭᠤᠳᠠᠯ ᠢ ᠬᠦᠨᠵᠡᠭᠡᠢ ᠲᠠᠨᠢᠬᠤ ᠶᠢᠨ ᠵᠡᠷᠭᠡᠪᠡᠷ ᠬᠠᠷᠢᠭᠤᠯᠳᠠ ᠦᠭᠴᠦ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠪᠦᠷᠢᠯᠳᠦᠬᠦᠯᠵᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠵᠠᠪᠳᠤᠨ᠂ ᠪᠥᠬᠦ ᠬᠦᠴᠤᠨ ᠢᠶᠠᠨ ᠲᠦᠪᠯᠡᠷᠡᠬᠦᠯᠦᠨ ᠪᠦᠳᠦᠭᠡᠨ ᠪᠠᠶᠢᠭᠤᠯᠤᠯᠳᠠ ᠬᠢᠵᠦ᠂ ᠨᠢᠭᠡ ᠰᠡᠳᠬᠢᠯ ᠨᠢᠭᠡ ᠵᠤᠷᠢᠭ ᠢᠶᠠᠷ ᠬᠦᠭᠵᠢᠯᠳᠡ ᠶᠢ ᠡᠷᠢᠯᠬᠢᠯᠡᠨ᠂ ᠬᠦᠮᠦᠨ ᠠᠷᠠᠳ ᠢᠶᠠᠷ ᠦᠨᠳᠦᠰᠦ ᠰᠠᠭᠤᠷᠢ ᠪᠤᠯᠭᠠᠬᠤ᠂ ᠪᠥᠬᠦ ᠲᠠᠯ᠎ᠠ ᠪᠠᠷ ᠵᠤᠬᠢᠴᠠᠭᠤᠯᠤᠨ ᠲᠤᠭᠳᠠᠪᠤᠷᠢᠲᠠᠢ ᠬᠦᠭᠵᠢᠬᠦ᠂ ᠠᠷᠠᠳ ᠤᠨ ᠠᠵᠦ ᠠᠮᠢᠳᠤᠷᠠᠯ ᠢ ᠬᠦᠴᠤ ᠲᠠᠯᠪᠢᠨ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠵᠦ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠵᠦ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠳᠠ ᠪᠠ ᠲᠡᠷᠢᠬᠦᠨ ᠤ ᠴᠢᠨᠠᠷ ᠤᠨ ᠪᠠᠶᠢᠭᠤᠯᠤᠯᠳᠠ ᠶᠢ ᠠᠬᠢᠭᠤᠯᠤᠭᠠᠳ᠂ ᠰᠢᠨ᠎ᠡ ᠪᠠᠶᠢᠳᠠᠯ ᠲᠤᠤᠷ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠠᠮᠵᠢᠯᠳᠠ ᠲᠠᠢ ᠪᠠᠷᠢᠮᠳᠠᠯᠠᠨ ᠬᠦᠭᠵᠢᠬᠦᠯᠦᠭᠰᠡᠨ ᠶᠤᠮ ᠭᠡᠵᠠᠢ᠃ ᠪᠥᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠴᠠᠭ ᠦᠶ᠎ᠡ ᠳᠤ ᠨᠠᠮ ᠠᠴᠠ ᠰᠢᠨ᠎ᠡ ᠦᠢᠯᠡᠳᠦᠯᠭᠡ ᠪᠠ ᠴᠠᠭ ᠦᠶ᠎ᠡ ᠶᠢᠨ ᠤᠨᠴᠠᠯᠢᠭ ᠠᠴᠠ ᠭᠠᠷᠳᠠᠨ ᠮᠠᠷᠺᠰ ᠤᠨ ᠦᠵᠡᠯ ᠢ ᠪᠠᠷᠢᠮᠳᠠᠯᠠᠨ ᠬᠦᠭᠵᠢᠬᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠦᠭᠵᠢᠯᠳᠡ ᠶᠢᠨ ᠵᠠᠮᠨᠠᠯ ᠢ ᠪᠠᠶᠢᠭᠤᠯᠬᠤ᠂ ᠬᠦᠭᠵᠢᠯᠳᠡ ᠶᠢᠨ ᠱᠠᠳᠤ ᠦᠶ᠎ᠡ᠂ ᠦᠨᠳᠦᠰᠦᠨ ᠡᠬᠦᠷᠭᠡ᠂ ᠬᠦᠭᠵᠢᠯᠳᠡ ᠶᠢᠨ ᠬᠦᠳᠡᠯᠭᠡᠭᠴᠢ ᠬᠦᠴᠤᠨ ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠤᠯᠤᠰ ᠲᠦᠷᠦ ᠶᠢᠨ ᠪᠠᠳᠤᠯᠠᠭ᠎ᠠ᠂ ᠡᠬᠡ ᠤᠯᠤᠰ ᠤᠨ ᠨᠢᠭᠡᠳᠤᠯ᠂ ᠭᠠᠳᠠᠭᠠᠳᠤ ᠬᠠᠷᠢᠯᠴᠠᠭ᠎ᠠ ᠪᠠ ᠤᠯᠠᠨ ᠤᠯᠤᠰ ᠤᠨ ᠪᠠᠶᠢᠯᠳᠤᠬᠤ ᠪᠤᠳᠤᠯᠭ᠎ᠠ᠂ ᠤᠳᠤᠷᠢᠳᠬᠤ ᠬᠦᠴᠤᠨ ᠪᠠ ᠲᠦᠰᠢᠭᠯᠡᠬᠦ ᠬᠦᠴᠤᠨ ᠵᠡᠷᠭᠡ ᠠᠯᠢ ᠤᠯᠠᠨ ᠦᠨᠳᠦᠰᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠳᠠ ᠦᠭᠴᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠬᠦᠯᠵᠦ᠂ ᠮᠠᠷᠺᠰ ᠤᠨ ᠦᠵᠡᠯ ᠢ ᠲᠤᠮᠳᠠᠳᠤ ᠤᠯᠤᠰ ᠤᠨ ᠪᠤᠯᠭᠠᠬᠤ ᠰᠢᠨ᠎ᠡ ᠦᠰᠦᠷᠦᠯᠳᠡ ᠶᠢ ᠪᠡᠶᠡᠯᠡᠬᠦᠯᠦᠭᠰᠡᠨ ᠪᠠᠶᠢᠨ᠎ᠠ᠃ ᠨᠠᠮ ᠠᠴᠠ ᠠᠷᠠᠳ ᠲᠦᠮᠡᠨ ᠢ ᠤᠳᠤᠷᠢᠳᠤᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠤᠷᠢᠭᠲᠠᠢ ᠪᠠᠷ ᠤᠷᠤᠭᠰᠢᠯᠠᠨ᠂ ᠦᠭᠡᠷᠡᠴᠢᠯᠡᠯᠳᠡ ᠨᠡᠭᠡᠭᠡᠯᠳᠡ ᠪᠠ ᠨᠡᠶᠢᠬᠡᠮ ᠵᠢᠷᠤᠮᠳᠤ ᠤᠳᠤᠬᠢᠴᠢᠯᠠᠬᠤ ᠪᠠᠶᠢᠭᠤᠯᠤᠯᠳᠠ ᠶᠢᠨ ᠠᠭᠤᠤ ᠶᠡᠭᠡ ᠠᠮᠵᠢᠯᠳᠠ ᠪᠦᠳᠦᠮᠵᠢ ᠶᠢ ᠲᠡᠮᠡᠴᠡᠨ ᠤᠯᠵᠦ᠂ ᠮᠠᠨ ᠤ ᠤᠯᠤᠰ ᠨᠢ ᠲᠡᠭᠡᠳᠤ ᠬᠡᠮᠵᠢᠶᠡᠨ ᠳᠤ ᠲᠦᠪᠯᠡᠷᠡᠭᠰᠡᠨ ᠲᠦᠯᠦᠪᠯᠡᠭᠡᠳᠤ ᠠᠵᠦ ᠠᠬᠤᠢ ᠶᠢᠨ ᠰᠢᠰᠲ᠋ᠧᠮ ᠠᠴᠠ ᠪᠠᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠡᠶᠢᠬᠡᠮ ᠵᠢᠷᠤᠮᠳᠤ ᠵᠠᠬ᠎ᠠ ᠲᠡᠯᠭᠡᠬᠦᠷ ᠤᠨ ᠠᠵᠦ ᠠᠬᠤᠢ ᠶᠢᠨ ᠰᠢᠰᠲ᠋ᠧᠮ ᠤᠷᠤᠭᠤ ᠰᠢᠯᠵᠢᠵᠦ᠂ ᠪᠢᠳᠡᠬᠦᠮᠵᠢᠯᠡᠭᠰᠡᠨ ᠪᠤᠶᠤ ᠬᠠᠭᠠᠰ ᠪᠢᠳᠡᠬᠦᠮᠵᠢᠯᠡᠭᠰᠡᠨ ᠪᠠᠶᠢᠳᠠᠯ ᠠᠴᠠ ᠪᠠᠨ ᠪᠥᠬᠦ ᠲᠠᠯ᠎ᠠ ᠪᠠᠷ ᠨᠡᠭᠡᠭᠡᠯᠳᠡ ᠬᠢᠭᠰᠡᠨ ᠲᠡᠤᠭᠡᠳᠤ ᠴᠢᠨᠠᠷᠲᠠᠢ ᠬᠤᠪᠢᠷᠠᠯᠳᠠ ᠶᠢ ᠪᠡᠶᠡᠯᠡᠬᠦᠯᠵᠦ᠂ ᠦᠢᠯᠡᠳᠪᠤᠷᠢᠯᠡᠯ ᠤᠨ ᠬᠦᠴᠤᠨ ᠬᠠᠷᠢᠴᠠᠩᠭᠤᠢ ᠬᠤᠴᠤᠷᠤᠩᠭᠤᠢ ᠪᠠᠶᠢᠭᠰᠠᠨ ᠠᠴᠠ ᠪᠠᠨ ᠠᠵᠦ ᠠᠬᠤᠢ ᠶᠢᠨ ᠶᠡᠷᠦᠩᠬᠡᠢ ᠬᠡᠮᠵᠢᠶ᠎ᠠ ᠪᠠᠷ ᠢᠶᠠᠨ ᠪᠥᠬᠦ ᠲᠡᠯᠡᠬᠡᠢ ᠳᠤ ᠬᠤᠶᠠᠳᠤᠭᠠᠷ ᠲᠤ ᠤᠷᠤᠭᠰᠠᠨ ᠲᠡᠤᠭᠡᠳᠤ ᠰᠢᠪᠳᠤᠯᠤᠯᠳᠠ ᠶᠢ ᠪᠡᠶᠡᠯᠡᠬᠦᠯᠵᠦ᠂ ᠠᠷᠠᠳ ᠤᠨ ᠠᠵᠦ ᠠᠮᠢᠳᠤᠷᠠᠯ ᠢᠳᠡᠵᠦ ᠡᠮᠦᠰᠬᠦ ᠳᠡᠭᠡᠨ ᠬᠦᠷᠦᠯᠴᠡᠬᠦ ᠦᠬᠡᠢ ᠪᠠᠶᠢᠭᠰᠠᠨ ᠠᠴᠠ ᠶᠡᠷᠦᠩᠬᠡᠢ ᠳᠡᠭᠡᠨ ᠴᠢᠨᠡᠭᠡᠯᠢᠭᠵᠢᠵᠦ᠂ ᠨᠡᠩ ᠴᠢᠨᠠᠭᠰᠢᠯᠠᠨ ᠪᠥᠬᠦ ᠲᠠᠯ᠎ᠠ ᠪᠠᠷ ᠴᠢᠨᠡᠭᠡᠯᠢᠭᠵᠢᠭᠰᠡᠨ ᠲᠡᠤᠭᠡᠳᠤ ᠴᠢᠨᠠᠷᠲᠠᠢ ᠦᠰᠦᠷᠦᠯᠳᠡ ᠶᠢ ᠪᠡᠶᠡᠯᠡᠬᠦᠯᠵᠦ᠂ ᠲᠤᠮᠳᠠᠳᠤ ᠶᠢᠨ ᠦᠨᠳᠦᠰᠦᠳᠡᠨ ᠪᠤᠰᠴᠦ ᠵᠤᠭᠰᠤᠭᠰᠠᠨ ᠠᠴᠠ ᠪᠠᠨ ᠪᠠᠶᠠᠵᠢᠨ ᠴᠢᠨᠡᠭᠡᠯᠢᠭᠵᠢᠭᠰᠡᠨ ᠠᠭᠤᠤ ᠶᠡᠭᠡ ᠦᠰᠦᠷᠦᠯᠳᠡ ᠶᠢ ᠪᠡᠶᠡᠯᠡᠬᠦᠯᠦᠭᠰᠡᠨ ᠶᠤᠮ᠃ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠡᠷᠡᠯᠭᠡᠭ ᠪᠠᠭᠠᠳᠤᠷᠯᠢᠭ ᠲᠡᠮᠡᠴᠡᠯ ᠢᠶᠠᠷ ᠢᠶᠠᠨ ᠦᠭᠡᠷᠡᠴᠢᠯᠡᠯᠳᠡ ᠨᠡᠭᠡᠭᠡᠯᠳᠡ ᠪᠤᠯ ᠤᠳᠤ ᠦᠶ᠎ᠡ ᠶᠢᠨ ᠲᠤᠮᠳᠠᠳᠤ ᠤᠯᠤᠰ ᠤᠨ ᠢᠷᠡᠭᠡᠳᠤᠢ ᠶᠢᠨ ᠬᠤᠪᠢ ᠵᠠᠶᠠᠭ᠎ᠠ ᠶᠢ ᠲᠤᠭᠳᠠᠭᠠᠭᠰᠠᠨ ᠵᠠᠩᠬᠢᠯᠠᠭ᠎ᠠ ᠶᠢᠨ ᠠᠷᠭ᠎ᠠ ᠬᠡᠮᠵᠢᠶ᠎ᠠ ᠮᠦᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮᠨᠠᠯ ᠪᠤᠯ ᠲᠤᠮᠳᠠᠳᠤ ᠤᠯᠤᠰ ᠢ ᠵᠢᠯᠤᠭᠤᠳᠤᠨ ᠬᠦᠭᠵᠢᠬᠦᠯᠦᠨ ᠴᠡᠴᠡᠭᠯᠡᠬᠦᠯᠬᠦ ᠵᠦᠪ ᠤᠨᠤᠪᠴᠢᠲᠠᠢ ᠵᠠᠮᠨᠠᠯ ᠮᠦᠨ᠂ ᠲᠤᠮᠳᠠᠳᠤ ᠤᠯᠤᠰ ᠢᠳᠡᠷᠬᠦᠨ ᠠᠯᠬᠤᠭ᠎ᠠ ᠪᠠᠷ ᠢᠶᠠᠨ ᠴᠠᠭ ᠦᠶ᠎ᠡ ᠲᠠᠢ ᠵᠡᠷᠭᠡᠴᠡᠨ ᠤᠷᠤᠭᠰᠢᠯᠠᠯ᠎ᠠ ᠭᠡᠳᠡᠭ ᠢ ᠲᠡᠯᠡᠬᠡᠢ ᠨᠡᠶᠢᠳᠡ ᠳᠤ ᠲᠦᠪ ᠴᠢᠩᠭ᠎ᠠ ᠪᠠᠷ ᠲᠤᠩᠬᠠᠭᠯᠠᠭᠰᠠᠨ ᠶᠤᠮ ᠭᠡᠵᠠᠢ᠃              ᠪᠦᠬᠦᠳᠡ ᠬᠤᠷᠠᠯ ᠠᠴᠠ ᠲᠤᠷᠠᠳᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠲᠡᠪᠰᠢᠨ ᠤᠷᠤᠯ᠎ᠠ᠃ ᠨᠠᠮ ᠳᠤ ᠲᠤᠯᠭᠠᠷᠠᠵᠤ ᠪᠠᠶᠢᠬᠤ ᠭᠤᠤᠯ ᠡᠬᠦᠷᠭᠡ ᠪᠤᠯ ᠠᠩᠬᠠᠨ ᠤ ᠵᠠᠭᠤᠨ ᠵᠢᠯ ᠤᠨ ᠲᠡᠮᠡᠴᠡᠯ ᠤᠨ ᠬᠠᠷᠠᠯᠳᠡ ᠶᠢ ᠪᠡᠶᠡᠯᠡᠬᠦᠯᠵᠦ᠂ ᠬᠤᠶᠠᠳᠡᠬᠢ ᠵᠠᠭᠤᠨ ᠵᠢᠯ ᠤᠨ ᠲᠡᠮᠡᠴᠡᠯ ᠤᠨ ᠬᠠᠷᠠᠯᠳᠡ ᠶᠢ ᠪᠡᠶᠡᠯᠡᠬᠦᠯᠬᠦ ᠰᠢᠨ᠎ᠡ ᠠᠶᠠᠨ ᠢ ᠡᠬᠢᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠡ ᠶᠢ ᠪᠡᠶᠡᠯᠡᠬᠦᠯᠬᠦ ᠶᠢᠨ ᠲᠦᠯᠦᠬᠡ ᠦᠷᠬᠦᠯᠵᠢᠯᠡᠨ ᠤᠷᠤᠭᠰᠢᠯᠠᠬᠤ ᠶᠠᠪᠤᠳᠠᠯ ᠪᠤᠯᠤᠨ᠎ᠡ᠃ ᠨᠠᠮ ᠠᠴᠠ ᠠᠷᠠᠳ ᠲᠦᠮᠡᠨ ᠢ ᠤᠳᠤᠷᠢᠳᠤᠨ ᠢᠳᠡᠬᠡᠯ ᠵᠤᠷᠢᠭ ᠢᠶᠠᠨ ᠬᠦᠪᠴᠢᠯᠡᠨ ᠪᠡᠶ᠎ᠡ ᠪᠠᠨ ᠲᠠᠭᠠᠭᠠᠵᠤ ᠬᠦᠴᠦᠷᠭᠡᠭᠵᠢᠵᠦ᠂ ᠦᠨᠡᠨ ᠢ ᠪᠠᠷᠢᠮᠳᠠᠯᠠᠨ ᠰᠢᠨ᠎ᠡ ᠶᠢ ᠡᠬᠦᠳᠴᠦ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠠᠮᠵᠢᠯᠳᠡ ᠶᠢ ᠪᠤᠢ ᠪᠤᠯᠭᠠᠭᠰᠠᠨ ᠪᠠᠶᠢᠨ᠎ᠠ ᠬᠡᠵᠠᠢ᠃ ᠪᠦᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠨᠦᠬᠦᠷ ᠰᠢ ᠶᠢᠨ ᠫᠢᠩ ᠢᠶᠠᠷ ᠭᠤᠤᠯ ᠲᠦᠯᠦᠬᠡᠯᠡᠭᠴᠢ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤᠴᠤᠳ ᠮᠠᠷᠺᠰ ᠤᠨ ᠦᠵᠡᠯ ᠤᠨ ᠦᠨᠳᠦᠰᠦᠨ ᠤᠨᠤᠯ ᠢ ᠲᠤᠮᠳᠠᠳᠤ ᠤᠯᠤᠰ ᠤᠨ ᠪᠤᠳᠠᠳᠤ ᠪᠠᠶᠢᠳᠡᠯ ᠲᠠᠢ ᠤᠶᠠᠯᠳᠤᠭᠤᠯᠤᠨ᠂ ᠲᠤᠮᠳᠠᠳᠤ ᠶᠢᠨ ᠰᠢᠯᠢᠳᠡᠭ ᠤᠯᠠᠮᠵᠢᠯᠡᠯᠳᠤ ᠰᠤᠶᠤᠯ ᠲᠠᠢ ᠤᠶᠠᠯᠳᠤᠭᠤᠯᠬᠤ ᠶᠢ ᠪᠠᠷᠢᠮᠳᠠᠯᠠᠵᠤ᠂ ᠮᠠᠦ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠬᠡᠯᠡᠬᠦ︾ ᠴᠢᠬᠤᠯᠡ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠵᠤ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠲᠡᠤᠭᠡᠨ ᠲᠤᠷᠰᠢᠯᠭ᠎ᠠ ᠶᠢ ᠬᠦᠨᠵᠡᠬᠡᠢ ᠳ᠋ᠦᠩᠨᠡᠨ ᠬᠦᠢᠴᠡᠳ ᠠᠰᠢᠭᠯᠠᠵᠤ᠂ ᠰᠢᠨ᠎ᠡ ᠪᠤᠳᠠᠳᠤ ᠪᠠᠶᠢᠳᠡᠯ ᠠᠴᠠ ᠡᠬᠦᠰᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠡᠬᠦᠳᠦᠭᠰᠡᠨ ᠪᠠᠶᠢᠨ᠎ᠠ᠃ ᠨᠦᠬᠦᠷ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠲᠦᠷᠦ ᠶᠢᠨ ᠠᠵᠢᠯ ᠦᠢᠯᠡᠰ ᠤᠨ ᠬᠦᠭᠵᠢᠯᠳᠡ ᠲᠠᠢ ᠬᠤᠯᠪᠤᠭᠳᠠᠭᠰᠠᠨ ᠠᠯᠢ ᠤᠯᠠᠨ ᠴᠢᠬᠤᠯᠡ ᠶᠡᠭᠡ ᠤᠨᠤᠯ ᠪᠤᠯᠤᠨ ᠦᠢᠯᠡᠳᠦᠯᠬᠡ ᠶᠢᠨ ᠠᠰᠠᠭᠤᠳᠡᠯ ᠤᠨ ᠲᠠᠯ᠎ᠠ ᠪᠠᠷ ᠬᠦᠨᠵᠡᠬᠡᠢ ᠰᠡᠳᠬᠢᠨ ᠪᠤᠳᠤᠯᠬᠢᠯᠠᠵᠦ᠂ ᠰᠢᠨᠵᠢᠯᠡᠬᠦ ᠤᠬᠠᠭᠠᠨᠴᠢ ᠮᠠᠭᠠᠳᠯᠠᠯᠳᠠ ᠭᠠᠷᠭᠠᠵᠤ᠂ ᠰᠢᠨ᠎ᠡ ᠴᠠᠭ ᠦᠶ᠎ᠡ ᠳᠤ ᠶᠠᠮᠠᠷ ᠮᠠᠶ᠋ᠢᠭ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠬᠡᠷᠬᠢᠨ ᠪᠠᠷᠢᠮᠳᠠᠯᠠᠨ ᠬᠦᠭᠵᠢᠬᠦᠯᠬᠦ᠂ ᠶᠠᠮᠠᠷ ᠮᠠᠶ᠋ᠢᠭ ᠤᠨ ᠨᠡᠶᠢᠬᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠪᠠᠶᠢᠭᠤᠯᠬᠤ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠬᠡᠷᠬᠢᠨ ᠪᠠᠶᠢᠭᠤᠯᠬᠤ᠂ ᠶᠠᠮᠠᠷ ᠮᠠᠶ᠋ᠢᠭ ᠤᠨ ᠤᠷᠳᠤ ᠬᠤᠭᠤᠴᠠᠭ᠎ᠠ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠳᠤ ᠬᠤᠭᠤᠴᠠᠭ᠎ᠠ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ ᠴᠢᠬᠤᠯᠡ ᠶᠡᠭᠡ ᠴᠠᠭ ᠦᠶ᠎ᠡ ᠶᠢᠨ ᠵᠦᠪᠯᠡᠬᠦ ᠰᠡᠳᠤᠪ ᠤᠳ ᠤᠨ ᠲᠤᠬᠠᠢ ᠠᠯᠢ ᠤᠯᠠᠨ ᠡᠬᠦᠳᠦᠯᠳᠡ ᠶᠢᠨ ᠴᠢᠨᠡᠷᠳᠡᠢ ᠲᠦᠷᠦ ᠤᠯᠤᠰ ᠢᠶᠠᠨ ᠵᠠᠰᠠᠬᠤ ᠰᠢᠨ᠎ᠡ ᠦᠵᠡᠯᠳᠡ᠂ ᠰᠢᠨ᠎ᠡ ᠦᠵᠡᠯ ᠰᠠᠨᠠᠭ᠎ᠠ ᠪᠤᠯᠤᠨ ᠰᠢᠨ᠎ᠡ ᠪᠠᠶᠢᠯᠳᠤᠬᠤ ᠪᠤᠳᠤᠯᠭ᠎ᠠ ᠶᠢ ᠲᠤᠷᠠᠳᠤᠨ ᠭᠠᠷᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠭᠤᠤᠯ ᠡᠬᠦᠳᠦᠭᠴᠢ ᠪᠤᠯᠬᠤ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠤᠳᠤ ᠦᠶ᠎ᠡ ᠶᠢᠨ ᠮᠠᠷᠺᠰ ᠤᠨ ᠦᠵᠡᠯ᠂ ᠬᠤᠷᠢᠨ ᠨᠢᠬᠡᠳᠦᠭᠡᠷ ᠵᠠᠭᠤᠨ ᠤ ᠮᠠᠷᠺᠰ ᠤᠨ ᠦᠵᠡᠯ ᠪᠤᠯᠬᠤ ᠪᠠᠷ ᠪᠠᠷᠠᠬᠤ ᠦᠬᠡᠢ ᠮᠦᠨᠴᠦ ᠲᠤᠮᠳᠠᠳᠤ ᠶᠢᠨ ᠰᠤᠶᠤᠯ ᠪᠤᠯᠤᠨ ᠲᠤᠮᠳᠠᠳᠤ ᠤᠯᠤᠰ ᠤᠨ ᠵᠤᠷᠢᠭ ᠰᠠᠨᠠᠭᠠᠨ ᠤ ᠴᠠᠭ ᠦᠶ᠎ᠡ ᠶᠢᠨ ᠤᠬᠢ ᠰᠢᠮ᠎ᠡ ᠪᠠᠶᠢᠵᠦ᠂ ᠮᠠᠷᠺᠰ ᠤᠨ ᠦᠵᠡᠯ ᠢ ᠲᠤᠮᠳᠠᠳᠤ ᠤᠯᠤᠰ ᠤᠨ ᠪᠤᠯᠭᠠᠬᠤ ᠰᠢᠨ᠎ᠡ ᠦᠰᠦᠷᠦᠯᠳᠡ ᠢ ᠪᠡᠶᠡᠯᠡᠬᠦᠯᠦᠭᠰᠡᠨ ᠶᠤᠮ᠃ ᠨᠠᠮ ᠠᠴᠠ ᠨᠦᠬᠦᠷ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠲᠤᠭᠳᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ ᠪᠠᠶᠢᠷᠢ ᠰᠠᠭᠤᠷᠢ ᠶᠢ ᠲᠤᠭᠳᠠᠭᠠᠭᠰᠠᠨ ᠶᠠᠪᠤᠳᠡᠯ ᠪᠤᠯ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠡᠷᠢᠯ ᠬᠦᠰᠡᠯ ᠮᠦᠨ᠂ ᠡᠨᠡ ᠨᠢ ᠰᠢᠨ᠎ᠡ ᠴᠠᠭ ᠦᠶ᠎ᠡ ᠶᠢᠨ ᠨᠠᠮ ᠲᠦᠷᠦ ᠶᠢᠨ ᠠᠵᠢᠯ ᠦᠢᠯᠡᠰ ᠤᠨ ᠬᠦᠭᠵᠢᠯᠳᠡ ᠪᠤᠯᠤᠨ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠡ ᠶᠢᠨ ᠲᠡᠤᠭᠡᠨ ᠶᠠᠪᠤᠴᠠ ᠶᠢ ᠠᠬᠢᠭᠤᠯᠬᠤ ᠳᠤ ᠰᠢᠢᠳᠪᠤᠷᠢᠯᠡᠬᠦ ᠴᠢᠨᠡᠷᠲᠠᠢ ᠠᠴᠢ ᠬᠤᠯᠪᠤᠭᠳᠠᠯ ᠲᠠᠢ ᠶᠤᠮ ᠬᠡᠵᠠᠢ᠃ ᠪᠦᠭᠦᠳᠡ ᠬᠤᠷᠠᠯ ᠠᠴᠠ ᠵᠢᠭᠠᠬᠤ ᠳᠠᠭᠠᠨ᠂ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠭᠤᠤ ᠶᠡᠭᠡ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠲᠣᠮᠣ ᠤᠯᠤᠰ ᠲᠥᠷᠥ ᠶᠢᠨ ᠰᠥᠰᠥ ᠵᠣᠷᠢᠭ᠂ ᠬᠦᠴᠦᠲᠡᠢ ᠬᠠᠷᠢᠭᠤᠴᠠᠯᠭ᠎ᠠ ᠳᠠᠭᠠᠭᠠᠬᠤ ᠣᠪᠣᠷ ᠢᠶᠠᠷ ᠤᠯᠤᠰ ᠤᠨ ᠳᠣᠲᠣᠭᠠᠳᠤ ᠪᠠ ᠤᠯᠠᠨ ᠣᠯᠣᠰ ᠤᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠴᠢᠭᠯᠡᠯᠲᠡ ᠶᠢ ᠲᠤᠤᠱᠯᠠᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠮᠥᠷᠥᠭᠡᠳᠦᠯ ᠶᠢ ᠨᠢᠭᠡᠳᠬᠡᠨ ᠠᠳᠬᠤᠵᠤ᠂ ᠯᠠᠪᠳᠠᠭᠤᠨ ᠢᠶᠠᠷ ᠠᠬᠢᠭᠤᠯᠬᠤ ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠴᠢᠬᠤᠯᠠ ᠶᠡᠭᠡ ᠴᠢᠭᠯᠡᠯᠲᠡ ᠪᠣᠳᠣᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠴᠢᠬᠤᠯᠠ ᠶᠡᠭᠡ ᠠᠵᠢᠯ ᠤᠳ ᠢ ᠠᠬᠢᠭᠤᠯᠵᠤ᠂ ᠲᠣᠮᠣ ᠴᠢᠬᠤᠯᠠ ᠠᠶᠤᠯ ᠥᠷᠢᠰᠦᠯᠳᠦᠭᠡᠨ ᠨᠦᠭᠦᠳ ᠢ ᠢᠯᠠᠨ ᠳᠠᠪᠠᠵᠤ᠂ ᠤᠷᠲᠤ ᠬᠤᠭᠤᠴᠠᠭ᠎ᠠ ᠰᠢᠢᠳᠪᠦᠷᠢᠯᠡᠬᠦ ᠭᠡᠳ ᠰᠢᠢᠳᠪᠦᠷᠢᠯᠡᠵᠦ ᠳᠡᠶᠢᠯᠦᠭᠡ ᠦᠭᠡᠢ ᠪᠠᠶᠢᠭᠰᠠᠨ ᠬᠦᠴᠢᠷ ᠠᠰᠠᠭᠤᠳᠠᠯ ᠤᠳ ᠢ ᠰᠢᠢᠳᠪᠦᠷᠢᠯᠡᠵᠦ᠂ ᠥᠩᠭᠡᠷᠡᠭᠰᠡᠨ ᠳᠤ ᠬᠢᠬᠦ ᠪᠠᠷ ᠪᠣᠳᠣᠵᠤ ᠪᠠᠶᠢᠭᠰᠠᠨ ᠴᠦ ᠬᠢᠵᠦ ᠳᠡᠶᠢᠯᠦᠭᠡ ᠦᠭᠡᠢ ᠲᠣᠮᠣ ᠠᠵᠢᠯ ᠤᠳ ᠢ ᠪᠦᠲᠦᠭᠡᠵᠦ᠂ ᠨᠠᠮ ᠲᠥᠷᠥ ᠶᠢᠨ ᠠᠵᠢᠯ ᠦᠢᠯᠡᠰ ᠢ ᠠᠬᠢᠭᠤᠯᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠶᠢ ᠪᠡᠶᠡᠯᠡᠭᠦᠯᠦᠭᠰᠡᠨ ᠶᠤᠮ ᠭᠡᠵᠡᠢ᠃ ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠬᠦᠴᠦᠲᠡᠢ ᠪᠠᠲᠤᠯᠠᠭ᠎ᠠ ᠲᠠᠢ ᠪᠣᠯᠵᠤ᠂ ᠨᠠᠮ ᠤᠨ ᠤᠳᠤᠷᠢᠳᠬᠤ ᠰᠢᠰᠲ᠋ᠧᠮ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠤᠨ ᠤᠳᠤᠷᠢᠳᠬᠤ ᠠᠷᠭ᠎ᠠ ᠪᠠᠷᠢᠯ ᠤᠯᠠᠮ ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠨᠡᠩ ᠨᠢᠭᠡᠳᠦᠯᠲᠡᠢ᠂ ᠤᠯᠤᠰ ᠲᠥᠷᠥ ᠶᠢᠨ ᠲᠠᠯ᠎ᠠ ᠪᠠᠷ ᠤᠯᠠᠮ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠡᠩ ᠨᠢᠭᠡᠳᠦᠯᠲᠡᠢ ᠪᠣᠯᠵᠤ᠂ ᠨᠠᠮ ᠤᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠵᠢᠯᠣᠭᠤᠳᠤᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠳᠠᠶᠢᠴᠢᠯᠠᠯᠲᠠ ᠶᠢᠨ ᠬᠦᠴᠦᠨ ᠮᠡᠳᠡᠭᠳᠡᠮ᠎ᠡ ᠴᠢᠩᠭᠠᠷᠠᠭᠰᠠᠨ ᠪᠠᠶᠢᠨ᠎ᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ ᠨᠠᠮ ᠤᠨ ᠥᠪᠡᠷ ᠢ ᠪᠠᠨ ᠠᠷᠢᠭᠤᠨ ᠴᠢᠭᠴᠢ ᠪᠠᠶᠢᠯᠭᠠᠬᠤ᠂ ᠲᠡᠭᠦᠯᠳᠡᠷᠵᠢᠭᠦᠯᠬᠦ᠂ ᠰᠢᠨᠡᠴᠢᠯᠡᠬᠦ᠂ ᠳᠡᠭᠡᠭᠰᠢᠯᠡᠭᠦᠯᠬᠦ ᠴᠢᠳᠠᠪᠤᠷᠢ ᠮᠡᠳᠡᠭᠳᠡᠮ᠎ᠡ ᠴᠢᠩᠭᠠᠷᠠᠵᠤ᠂ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠲᠠᠯ᠎ᠠ ᠪᠠᠷ ᠰᠤᠯᠠ ᠵᠠᠳᠠᠭᠠᠢ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠠᠪᠯᠢᠭᠠᠯ ᠢ ᠡᠰᠡᠷᠭᠦᠴᠡᠬᠦ ᠲᠡᠮᠡᠴᠡᠯ ᠬᠠᠷᠢᠴᠠᠯᠠᠰᠢ ᠦᠭᠡᠢ ᠢᠯᠠᠯᠲᠠ ᠣᠯᠣᠭᠰᠠᠨ ᠤ ᠬᠠᠮᠲᠤ ᠪᠦᠬᠦ ᠲᠠᠯ᠎ᠠ ᠪᠠᠷ ᠪᠠᠬᠢᠵᠢᠵᠦ᠂ ᠨᠠᠮ ᠬᠤᠪᠢᠰᠬᠠᠯᠲᠤ ᠳᠠᠪᠲᠠᠯᠲᠠ ᠶᠢᠨ ᠶᠠᠪᠤᠴᠠ ᠳᠤ ᠤᠯᠠᠮ ᠬᠠᠲᠠᠭᠤᠵᠢᠨ ᠪᠠᠬᠢᠵᠢᠭ᠍ᠰᠡᠨ ᠪᠠᠶᠢᠨ᠎ᠠ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠲᠡᠩᠴᠡᠭᠦᠷᠢ ᠲᠠᠢ ᠪᠠᠶᠢᠬᠤ ᠂ ᠤᠶᠠᠨ ᠬᠠᠲᠠᠨ ᠪᠠᠶᠢᠬᠤ᠂ ᠲᠣᠭᠲᠠᠪᠤᠷᠢᠲᠠᠢ ᠪᠠᠶᠢᠬᠤ ᠴᠢᠨᠠᠷ ᠮᠡᠳᠡᠭᠳᠡᠮ᠎ᠡ ᠴᠢᠩᠭᠠᠷᠠᠵᠤ᠂ ᠤᠯᠤᠰ ᠤᠨ ᠠᠵᠤ ᠠᠬᠤᠢ ᠶᠢᠨ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠰᠢᠨ᠎ᠡ ᠱᠠᠲᠤᠨ ᠳᠤ ᠬᠦᠷᠴᠦ᠂ ᠮᠠᠨ ᠤ ᠤᠯᠤᠰ ᠤᠨ ᠠᠵᠤ ᠠᠬᠤᠢ ᠨᠡᠩ ᠴᠢᠨᠠᠷᠯᠢᠭ᠂ ᠨᠡᠩ ᠪᠦᠲᠦᠮᠵᠢᠲᠡᠢ ᠂ ᠨᠡᠩ ᠲᠥᠪ ᠭᠤᠣᠯᠴᠢ᠂ ᠨᠡᠩ ᠲᠣᠭᠲᠠᠪᠤᠷᠢᠲᠠᠢ᠂ ᠨᠡᠩ ᠠᠮᠤᠷ ᠲᠦᠪᠰᠢᠨ ᠬᠥᠭᠵᠢᠯᠲᠡ ᠶᠢᠨ ᠵᠠᠮ ᠳᠤ ᠣᠷᠣᠭᠰᠠᠨ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ᠂ ᠨᠠᠮ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠲᠠᠰᠤᠷᠠᠯᠲᠠ ᠦᠭᠡᠢ ᠠᠬᠢᠭᠤᠯᠤᠨ ᠤᠯᠠᠮ ᠥᠷᠭᠡᠨ ᠬᠡᠪᠴᠢᠶᠡᠨ ᠳᠤ ᠨᠡᠩ ᠭᠦᠨᠵᠡᠭᠡᠢ ᠥᠷᠨᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠤᠯᠠᠮ ᠪᠣᠯᠪᠠᠰᠤᠷᠠᠩᠭᠤᠢ ᠨᠡᠩ ᠲᠣᠭᠲᠠᠪᠤᠷᠢᠲᠠᠢ ᠪᠣᠯᠵᠤ᠂ ᠤᠯᠤᠰ ᠤᠨ ᠵᠠᠰᠠᠨ ᠴᠡᠭᠴᠡᠯᠡᠬᠦ ᠰᠢᠰᠲ᠋ᠧᠮ ᠪᠣᠯᠣᠨ ᠵᠠᠰᠠᠨ ᠴᠡᠭᠴᠡᠯᠡᠬᠦ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠠᠮ ᠲᠥᠷᠥ ᠶᠢᠨ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠵᠤ ᠪᠠᠶᠢᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠮᠠᠨ ᠤ ᠤᠯᠤᠰ ᠤᠨ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠥᠷᠥ ᠶᠢᠨ ᠳᠦᠷᠢᠮᠵᠢᠭᠦᠯᠦᠯᠲᠡ᠂ ᠰᠢᠰᠲ᠋ᠧᠮᠵᠢᠭᠦᠯᠦᠯᠲᠡ ᠪᠦᠬᠦ ᠲᠠᠯ᠎ᠠ ᠪᠠᠷ ᠠᠬᠢᠭᠰᠠᠨ ᠢᠶᠠᠷ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ ᠴᠢᠨᠠᠷ ᠨᠡᠩ ᠰᠠᠶᠢᠨ ᠲᠣᠳᠣᠷᠠᠵᠤ᠂ ᠥᠷᠨᠢᠭᠦᠨ ᠰᠠᠶᠢᠬᠠᠨ᠂ ᠲᠠᠶᠢᠪᠤᠩ ᠪᠦᠯᠬᠦᠮᠳᠡᠯ ᠲᠠᠢ ᠤᠯᠤᠰ ᠲᠥᠷᠥ ᠶᠢᠨ ᠪᠠᠶᠢᠳᠠᠯ ᠪᠠᠬᠢᠵᠢᠨ ᠬᠥᠭᠵᠢᠭᠰᠡᠨ ᠪᠠᠶᠢᠨ᠎ᠠ᠃ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠲᠠᠯ᠎ᠠ ᠪᠠᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢ ᠪᠠᠷ ᠵᠠᠰᠠᠬᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠬᠠᠤᠯᠢ ᠪᠠᠷ ᠵᠠᠰᠠᠭᠰᠠᠨ ᠳᠤᠮᠳᠠᠳᠤ ᠤᠯᠤᠰ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠤᠯᠤᠰ ᠢ ᠤᠳᠤᠷᠢᠳᠬᠤ ᠪᠠ ᠵᠠᠰᠠᠨ ᠴᠡᠭᠴᠡᠯᠡᠬᠦ ᠴᠢᠳᠠᠪᠤᠷᠢ ᠮᠡᠳᠡᠭᠳᠡᠮ᠎ᠡ ᠴᠢᠩᠭᠠᠷᠠᠭᠰᠠᠨ ᠪᠠᠶᠢᠨ᠎ᠠ ᠭᠡᠵᠡᠢ᠃ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠴᠠᠷ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷ ᠲᠠᠢ ᠬᠤᠪᠢᠷᠠᠯᠲᠠ ᠭᠠᠷᠴᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠤᠨ ᠲᠦᠮᠡᠨ ᠤ ᠰᠣᠶᠣᠯ ᠤᠨ ᠢᠲᠡᠭᠡᠯ ᠢᠯᠡᠷᠬᠡᠢ ᠴᠢᠩᠭᠠᠷᠠᠵᠤ᠂ ᠪᠦᠬᠦ ᠨᠡᠶᠢᠭᠡᠮ ᠤᠨ ᠨᠢᠭᠲᠠᠷᠠᠯ ᠤᠨ ᠬᠦᠴᠦᠨ ᠪᠠ ᠰᠡᠦᠨᠬᠢᠯ ᠨᠢᠭᠡᠦᠨᠬᠦ ᠬᠦᠴᠦᠨ ᠲᠦᠢᠯ ᠢᠶᠠᠷ ᠳᠡᠭᠡᠭᠰᠢᠯᠡᠵᠦ᠂ ᠰᠢᠨ᠎ᠡ ᠴᠠᠭ ᠦᠶ᠎ᠡ ᠶᠢᠨ ᠨᠠᠮ ᠲᠥᠷᠦ ᠶᠢᠨ ᠠᠵᠢᠯ ᠦᠢᠯᠡᠰ ᠤᠨ ᠰᠢᠨ᠎ᠡ ᠪᠠᠶᠢᠳᠠᠯ ᠢ ᠪᠤᠢ ᠪᠣᠯᠭᠠᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠣᠯᠭᠤᠭᠰᠠᠨ ᠪᠠᠶᠢᠨ᠎ᠠ᠃ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠤᠨ ᠤᠨ ᠠᠮᠢᠳᠤᠷᠠᠯ ᠪᠦᠬᠦ ᠲᠠᠯ᠎ᠠ ᠪᠠᠷ ᠰᠠᠶᠢᠵᠢᠷᠠᠵᠤ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢᠵᠢᠭ᠍ᠰᠡᠨ᠂ ᠣᠶᠣᠨᠴᠢᠯᠠᠭᠰᠠᠨ᠂ ᠲᠤᠰᠬᠠᠶᠢᠵᠢᠭᠰᠠᠨ ᠬᠢᠷᠢ ᠲᠥᠪᠰᠢᠨ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠠᠷᠠᠤᠨ ᠲᠦᠮᠡᠨ ᠢ ᠠᠮᠤᠷ ᠠᠮᠤᠭᠤᠯᠠᠩ ᠠᠵᠤ ᠲᠥᠷᠦᠭᠦᠯᠬᠦ᠂ ᠨᠡᠶᠢᠭᠡᠮ ᠢ ᠠᠮᠤᠷ ᠲᠣᠭᠲᠠᠭᠤᠨ ᠡᠮᠬᠢ ᠴᠡᠭᠴᠡ ᠲᠠᠢ ᠰᠠᠶᠢᠨ ᠰᠠᠶᠢᠬᠠᠨ ᠪᠠᠶᠢᠳᠠᠯ ᠲᠠᠢ ᠪᠣᠯᠭᠠᠨ ᠬᠥᠭᠵᠢᠭᠦᠯᠵᠦ᠂ ᠨᠡᠶᠢᠭᠡᠮ ᠤᠨ ᠤᠷᠲᠤ ᠬᠤᠭᠤᠴᠠᠭ᠎ᠠ ᠲᠣᠭᠳᠠᠭᠤᠨ ᠪᠠᠶᠢᠬᠤ ᠭᠠᠶᠢᠬᠠᠮᠰᠢᠭ ᠢ ᠪᠢᠴᠢᠭᠯᠡᠭᠰᠡᠨ ᠪᠠᠶᠢᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠣᠷᠢᠤᠨ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠤᠨᠬᠤᠵᠤ᠂ ᠦᠵᠡᠰᠬᠦᠯᠡᠩ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠳᠤ ᠴᠢᠬᠤᠯᠠ ᠠᠯᠬᠤᠮ ᠢ ᠠᠯᠬᠤᠭᠰᠠᠨ ᠢᠶᠠᠷ᠂ ᠮᠠᠨ ᠤ ᠤᠯᠤᠰ ᠤᠨ ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠳᠤ ᠲᠡᠦᠬᠡᠲᠦ ᠴᠢᠨᠠᠷ ᠲᠠᠢ᠂ ᠡᠷᠭᠢᠯᠲᠡ ᠶᠢᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ ᠬᠤᠪᠢᠷᠠᠯᠲᠠ ᠭᠠᠷᠤᠭᠰᠠᠨ ᠪᠠᠶᠢᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠤᠨ ᠤᠨ ᠴᠡᠷᠢᠭ ᠠᠩᠭᠢ ᠶᠢᠨ ᠬᠢᠨ ᠪᠦᠬᠦᠯᠢ ᠴᠣᠭᠴᠠᠲᠤ ᠴᠢᠨᠠᠷ ᠬᠤᠪᠢᠰᠬᠠᠯᠲᠤ ᠴᠢᠨᠠᠷ ᠢ ᠳᠠᠬᠢᠨ ᠴᠣᠭᠴᠠᠯᠠᠵᠤ᠂ ᠬᠦᠴᠦ ᠣᠶᠣᠨ ᠢᠶᠠᠨ ᠳᠠᠬᠢᠨ ᠴᠡᠭᠴᠡᠯᠡᠨ ᠬᠤᠯᠠ ᠶᠢᠨ ᠠᠶᠠᠨ ᠳᠤ ᠮᠤᠷᠳᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠤᠳᠠᠲᠤ ᠬᠦᠴᠦᠨ ᠪᠠ ᠠᠵᠤ ᠠᠬᠤᠢ ᠶᠢᠨ ᠪᠤᠳᠠᠲᠤ ᠬᠦᠴᠦᠨ ᠵᠡᠷᠭᠡᠪᠡᠷ ᠳᠡᠭᠡᠭᠰᠢᠯᠡᠵᠦ᠂ ᠠᠷᠠᠤᠨ ᠤᠨ ᠴᠡᠷᠢᠭ ᠠᠩᠭᠢ ᠶᠢᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠬᠡᠷᠡᠭᠵᠢᠭᠦᠯᠵᠦ᠂ ᠰᠢᠨᠲᠠᠷᠠᠰᠢ ᠦᠭᠡᠢ ᠲᠡᠮᠡᠴᠡᠯ ᠤᠨ ᠵᠣᠷᠢᠭ ᠰᠠᠨᠠᠭ᠎ᠠ ᠪᠠ ᠪᠤᠳᠠᠳᠤ ᠦᠢᠯᠡ ᠠᠵᠢᠯᠯᠠᠭ᠎ᠠ ᠪᠠᠷ ᠢᠶᠠᠨ ᠤᠯᠤᠰ ᠤᠨ ᠡᠷᠬᠡ ᠮᠡᠳᠡᠯ᠂ ᠠᠮᠤᠷ ᠲᠥᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠭᠰᠠᠨ ᠪᠠᠶᠢᠨ᠎ᠠ᠃ ᠤᠯᠤᠰ ᠤᠨ ᠠᠮᠤᠷ ᠲᠥᠪᠰᠢᠨ ᠤ ᠬᠠᠮᠠᠭᠠᠯᠠᠯᠲᠠ ᠶᠢᠨ ᠲᠠᠯ᠎ᠠ ᠪᠠᠷ᠂ ᠤᠯᠤᠰ ᠤᠨ ᠠᠮᠤᠷ ᠲᠥᠪᠰᠢᠨ ᠢ ᠪᠦᠬᠦ ᠲᠠᠯ᠎ᠠ ᠪᠠᠷ ᠴᠢᠩᠭᠠᠤᠨᠬᠠᠵᠤ᠂ ᠤᠯᠤᠰ ᠲᠥᠷᠦ᠂ ᠠᠵᠤ ᠠᠬᠤᠢ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠵᠡᠷᠭᠡ ᠲᠠᠯ᠎ᠠ ᠶᠢᠨ ᠠᠶᠤᠯ ᠥᠷᠢᠰᠦᠯᠳᠦᠭᠡᠨ ᠤ ᠰᠢᠯᠭᠠᠯᠲᠠ ᠶᠢ ᠲᠤᠭᠤᠯᠵᠤ᠂ ᠨᠠᠮ ᠪᠠ ᠤᠯᠤᠰ ᠤᠨ ᠬᠥᠭᠵᠢᠯ ᠴᠡᠴᠡᠭᠯᠡᠯ᠂ ᠤᠷᠲᠤ ᠬᠤᠭᠤᠴᠠᠭ᠎ᠠ ᠠᠮᠤᠷ ᠠᠮᠤᠭᠤᠯᠠᠩ ᠪᠠᠶᠢᠬᠤ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ︾ ᠬᠡᠷᠡᠭᠵᠢᠭᠦᠯᠬᠦ ᠪᠠ ᠡᠬᠡ ᠤᠯᠤᠰ ᠤᠨ ᠨᠢᠭᠡᠳᠦᠯ ᠢ ᠪᠡᠶᠡᠯᠡᠭᠦᠯᠬᠦ ᠶᠢ ᠪᠠᠷᠢᠮᠲᠠᠯᠠᠬᠤ ᠲᠠᠯ᠎ᠠ ᠪᠠᠷ᠂ ᠨᠠᠮ ᠤᠨ ᠲᠥᠪ ᠬᠤᠷᠢᠶ᠎ᠠ ᠣᠭ ᠦᠨᠳᠦᠰᠦ ᠪᠠ ᠥᠩᠭᠡᠨ ᠲᠠᠯ᠎ᠠ ᠶᠢ ᠨᠢ ᠵᠡᠷᠭᠡᠪᠡᠷ ᠵᠠᠰᠠᠬᠤ ᠠᠯᠢ ᠣᠯᠠᠨ ᠠᠷᠭ᠎ᠠ ᠬᠡᠮᠵᠢᠶ᠎ᠡ ᠨᠦᠭᠦᠳ ᠢ ᠠᠪᠴᠤ᠂ ︽ᠡᠬᠡ ᠣᠷᠤᠨᠴᠢᠤᠨ ᠰᠢᠶᠠᠩᠭᠠᠩ ᠢᠶᠠᠨ ᠵᠠᠰᠠᠬᠤ︾᠂ ︽ᠡᠬᠡ ᠣᠷᠤᠨᠴᠢᠤᠨ ᠣᠣᠮᠧᠨ ᠢᠶᠠᠨ ᠵᠠᠰᠠᠬᠤ︾᠎ ᠶᠢ ᠡᠷᠡᠰ ᠨᠠᠶᠢᠳᠠᠪᠤᠷᠢᠵᠢᠭᠤᠯᠵᠤ᠂ ᠰᠢᠶᠠᠩᠭᠠᠩ ᠤᠨ ᠪᠠᠶᠢᠳᠠᠯ ᠢ ᠰᠠᠮᠠᠭᠤᠷᠠᠯ ᠠᠴᠠ ᠵᠠᠰᠠᠵᠤ ᠠᠪᠤᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠬᠠᠤᠯᠢ ᠶᠤᠰᠤᠭᠠᠷ ᠰᠢᠶᠠᠩᠭᠠᠩ ᠢᠶᠠᠨ ᠵᠠᠰᠠᠬᠤ᠂ ᠣᠣᠮᠧᠨ ᠢᠶᠠᠨ ᠵᠠᠰᠠᠬᠤ ᠶᠢ ᠠᠬᠢᠭᠤᠯᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ︾ ᠬᠡᠷᠡᠭᠵᠢᠭᠦᠯᠬᠦ ᠦᠢᠯᠡᠳᠦᠯᠭᠡ ᠶᠢ ᠲᠣᠭᠲᠠᠭᠤᠨ ᠢᠶᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠨᠢᠭᠡ ᠯᠡ ᠲᠤᠮᠳᠠᠳᠤ ᠤᠯᠤᠰ ᠪᠠᠶᠢᠬᠤ ᠵᠠᠷᠴᠢᠮ ᠪᠠ ︽ᠶᠢᠷᠡᠨ ᠬᠤᠶᠠᠷ ᠣᠨ ᠤ ᠬᠠᠮᠲᠤ ᠶᠢᠨ ᠲᠠᠨᠢᠯᠲᠠ︾᠎ ᠶᠢ ᠪᠠᠷᠢᠮᠲᠠᠯᠠᠵᠤ᠂ ︽ᠲᠠᠶᠢᠸᠠᠨ ᠢ ᠰᠠᠯᠭᠠᠨ ᠲᠤᠰᠠᠭᠠᠷᠯᠠᠭᠤᠯᠬᠤ︾ ᠠᠵᠢᠯᠯᠠᠭ᠎ᠠ ᠶᠢ ᠡᠷᠡᠰ ᠡᠰᠡᠷᠭᠦᠴᠡᠵᠦ᠂ ᠬᠠᠷᠢ ᠶᠢᠨ ᠬᠦᠴᠦᠨ ᠤ ᠭᠠᠷ ᠳᠦᠷᠢᠬᠦ ᠶᠢ ᠡᠷᠡᠰ ᠡᠰᠡᠷᠭᠦᠴᠡᠵᠦ᠂ ᠳᠠᠯᠠᠢ ᠶᠢᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠯᠴᠠᠭᠠᠨ ᠤ ᠭᠤᠣᠯ ᠤᠳᠤᠷᠢᠤᠨᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠯᠠᠪᠳᠠᠭᠤᠨ ᠪᠠᠳᠤᠲᠠᠢ ᠠᠤᠨᠬᠤᠭᠰᠠᠨ ᠪᠠᠶᠢᠨ᠎ᠠ᠃ ᠭᠠᠳᠠᠭᠠᠳᠤ ᠬᠠᠷᠢᠯᠴᠠᠭᠠᠨ ᠤ ᠠᠵᠢᠯ ᠤᠨ ᠲᠠᠯ᠎ᠠ ᠪᠠᠷ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠣᠯᠣᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠦᠮᠦᠨ ᠲᠥᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠤᠢ ᠪᠣᠯᠭᠠᠬᠤ ᠶᠢ ᠴᠠᠭ ᠦᠶ᠎ᠡ ᠶᠢᠨ ᠤᠷᠤᠰᠬᠠᠯ ᠢ ᠵᠢᠯᠣᠭᠤᠣᠨᠬᠤ ᠪᠠ ᠬᠦᠮᠦᠨ ᠲᠥᠷᠦᠯᠬᠢᠲᠡᠨ ᠤ ᠤᠷᠤᠭᠰᠢᠯᠠᠯᠲᠠ ᠶᠢᠨ ᠴᠢᠭᠯᠡᠯ ᠤᠨ ᠲᠤᠭ ᠲᠡᠮᠳᠡᠭ ᠪᠣᠯᠭᠠᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ ᠳᠡᠯᠡᠬᠡᠢ ᠶᠢᠨ ᠶᠡᠭᠡ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠵᠤ᠂ ᠳᠡᠯᠡᠬᠡᠢ ᠶᠢᠨ ᠰᠠᠮᠠᠭᠤᠨ ᠪᠠᠶᠢᠳᠠᠯ ᠤᠨ ᠳᠤᠮᠳᠠ ᠬᠢᠮᠤᠷᠠᠯ ᠢ ᠠᠵᠠ ᠲᠣᠬᠢᠶᠠᠯ ᠪᠣᠯᠭᠠᠵᠤ᠂ ᠮᠠᠨ ᠤ ᠤᠯᠤᠰ ᠤᠨ ᠣᠯᠠᠨ ᠤᠯᠤᠰ ᠳᠠᠬᠢ ᠨᠥᠯᠦᠭᠡᠯᠡᠬᠦ ᠬᠦᠴᠦᠨ᠂ ᠳᠠᠶᠢᠴᠢᠯᠠᠬᠤ ᠬᠦᠴᠦᠨ᠂ ᠡᠭᠦᠳᠦᠯᠲᠡ ᠶᠢᠨ ᠬᠦᠴᠦᠨ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠤᠨ ᠲᠦᠮᠡᠨ ᠡᠷᠡᠯᠬᠡᠭ ᠳᠠᠶᠢᠴᠢᠨ ᠲᠡᠮᠡᠴᠡᠯ ᠢᠶᠠᠷ ᠳᠡᠯᠡᠬᠡᠢ ᠳ᠋ᠠᠬᠢᠨ ᠳᠤ ᠳᠤᠮᠳᠠᠳᠤ ᠶᠢᠨ ᠦᠨᠳᠦᠰᠦᠳᠡᠨ ᠪᠣᠰᠴᠤ ᠵᠣᠭᠰᠤᠭᠰᠠᠨ ᠠᠴᠠ ᠪᠠᠨ ᠪᠠᠶᠠᠵᠢᠨ ᠴᠢᠨᠡᠭᠡᠯᠢᠭᠵᠢᠵᠦ᠂ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠭᠰᠠᠨ ᠢ ᠲᠥᠪ ᠴᠢᠩᠭ᠎ᠠ ᠪᠠᠷ ᠲᠤᠩᠬᠠᠭᠯᠠᠭᠰᠠᠨ ᠪᠠᠶᠢᠨ᠎ᠠ᠃ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠤᠨ ᠲᠤᠬᠠᠢ ᠵᠢᠭᠠᠬᠤ ᠳᠠᠭᠠᠨ᠂ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠶᠢᠨ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠣᠷᠣᠮᠵᠢᠯᠠᠭᠳᠠᠬᠤ᠂ ᠳᠠᠷᠤᠯᠠᠭᠳᠠᠬᠤ ᠪᠠ ᠪᠣᠭᠤᠯᠴᠢᠯᠠᠭᠳᠠᠬᠤ ᠬᠤᠪᠢ ᠵᠠᠶᠠᠭ᠎ᠠ ᠠᠴᠠ ᠲᠦᠢᠯᠪᠤᠷᠢᠲᠠᠢ ᠰᠠᠯᠭᠠᠵᠤ᠂ ᠤᠯᠤᠰ ᠣᠷᠣᠨ᠂ ᠨᠡᠶᠢᠭᠡᠮ ᠪᠣᠯᠣᠨ ᠥᠪᠡᠷ ᠤᠨ ᠬᠤᠪᠢ ᠵᠠᠶᠠᠭᠠᠨ ᠳᠠᠭᠠᠨ ᠡᠵᠡᠨ ᠪᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡᠨ ᠤ ᠬᠦᠰᠡᠯ ᠮᠥᠷᠥᠭᠡᠳᠦᠯ ᠢ ᠲᠠᠰᠤᠷᠠᠯᠲᠠ ᠦᠭᠡᠢ ᠪᠡᠶᠡᠯᠡᠭᠦᠯᠦᠭᠰᠡᠨ ᠪᠠᠶᠢᠨ᠎ᠠ︔ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠵᠦ᠂ ᠳᠤᠮᠳᠠᠳᠤ ᠤᠯᠤᠰ ᠵᠥᠪᠬᠡᠨ ᠬᠡᠳᠦᠨ ᠠᠷᠪᠠᠨ ᠵᠢᠯ ᠤᠨ ᠳᠣᠲᠣᠷ᠎ᠠ ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠵᠠᠷᠤᠴᠠᠭᠤᠯᠵᠤ ᠲᠤᠭᠤᠯᠤᠭᠰᠠᠨ ᠠᠵᠤ ᠦᠢᠯᠠᠳᠪᠤᠷᠢᠵᠢᠯᠠᠯᠳᠠ ᠶᠢᠨ ᠵᠠᠮᠨᠠᠯ ᠢ ᠲᠤᠭᠤᠯᠵᠤ᠂ ᠠᠵᠤ ᠠᠬᠤᠢ ᠲᠦᠷᠭᠡᠨ ᠬᠥᠭᠵᠢᠭᠰᠡᠨ ᠪᠠ ᠨᠡᠶᠢᠭᠡᠮ ᠨᠡᠶᠢᠲᠡ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠦᠭᠰᠡᠨ ᠶᠤᠮ︔ ᠨᠠᠮ ᠤᠨ ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠠᠷᠠᠭᠤᠯᠵᠤ᠂ ᠮᠠᠷᠺᠰ ᠤᠨ ᠦᠵᠡᠯ ᠤᠨ ᠰᠢᠨᠵᠢᠯᠡᠬᠦ ᠤᠬᠠᠭᠠᠴᠢ ᠴᠢᠨᠠᠷ ᠪᠣᠯᠣᠨ ᠦᠨᠡᠨ ᠶᠣᠰᠣᠨ ᠤ ᠴᠢᠨᠠᠷ ᠢ ᠳᠤᠮᠳᠠᠳᠤ ᠤᠯᠤᠰ ᠲᠤ ᠭᠦᠢᠴᠡᠳ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠤᠨ ᠣᠯᠠᠨ ᠲᠦᠮᠠᠠᠴᠢ ᠴᠢᠨᠠᠷ ᠪᠣᠯᠣᠨ ᠦᠢᠯᠡᠳᠦᠯᠭᠡ ᠶᠢᠨ ᠴᠢᠨᠠᠷ ᠢ ᠳᠤᠮᠳᠠᠳᠤ ᠤᠯᠤᠰ ᠲᠤ ᠭᠦᠢᠴᠡᠳ ᠲᠤᠤᠱᠯᠠᠭᠤᠯᠵᠤ᠂ ᠮᠠᠷᠺᠰ ᠤᠨ ᠦᠵᠡᠯ ᠤᠨ ᠨᠡᠭᠡᠭᠡᠯᠲᠡ ᠲᠠᠢ ᠴᠢᠨᠠᠷ ᠪᠣᠯᠣᠨ ᠴᠠᠭ ᠦᠶ᠎ᠡ ᠶᠢᠨ ᠴᠢᠨᠠᠷ ᠢ ᠳᠤᠮᠳᠠᠳᠤ ᠤᠯᠤᠰ ᠲᠤ ᠭᠦᠢᠴᠡᠳ ᠢᠯᠡᠷᠡᠭᠦᠯᠦᠭᠰᠡᠨ ᠪᠠᠶᠢᠨ᠎ᠠ︔ ᠨᠠᠮ ᠤᠨ ᠵᠠᠭᠤᠨ ᠵᠢᠯ ᠤᠨ ᠲᠡᠮᠡᠴᠡᠯ ᠨᠢ ᠳᠡᠯᠡᠬᠡᠢ ᠶᠢᠨ ᠲᠡᠦᠬᠡ ᠶᠢᠨ ᠠᠬᠢᠴᠠ ᠶᠢ ᠭᠦᠨᠵᠡᠭᠡᠢ ᠨᠥᠯᠥᠭᠡᠯᠡᠵᠦ᠂ ᠨᠠᠮ ᠠᠴᠠ ᠠᠷᠠᠳ ᠲᠦᠮᠡᠨ ᠢ ᠠᠮᠵᠢᠯᠲᠠ ᠲᠠᠢ ᠤᠳᠤᠷᠢᠳᠤᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠮ ᠢᠶᠠᠷ ᠠᠮᠵᠢᠯᠲᠠ ᠲᠠᠢ ᠵᠠᠮᠨᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠪᠠᠶᠢᠳᠠᠯ ᠢ ᠪᠣᠢ ᠪᠣᠯᠭᠠᠵᠤ᠂ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠭᠰᠠᠨ ᠵᠠᠮ ᠢᠶᠠᠷ ᠵᠠᠮᠨᠠᠬᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ︔ ᠨᠠᠮ ᠤᠨ ᠵᠠᠭᠤᠨ ᠵᠢᠯ ᠤᠨ ᠲᠡᠮᠡᠴᠡᠯ ᠨᠢ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠣᠯᠪᠠᠰᠤᠷᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠦᠨᠳᠦᠰᠦ ᠪᠣᠯᠭᠠᠭᠰᠠᠨ ᠣᠶᠣᠨ ᠰᠠᠨᠠᠭᠠᠨ ᠤ ᠰᠢᠰᠲ᠋ᠧᠮ ᠢ ᠪᠦᠷᠢᠯᠳᠦᠭᠦᠯᠵᠦ᠂ ᠨᠠᠮ ᠤᠨ ᠲᠡᠷᠢᠭᠦᠨ ᠴᠢᠨᠠᠷ ᠪᠣᠯᠣᠨ ᠠᠷᠢᠭᠤᠨ ᠴᠢᠨᠠᠷ ᠢ ᠪᠠᠲᠤᠯᠠᠵᠤ᠂ ᠨᠠᠮ ᠤᠨ ᠲᠥᠷᠥ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠭᠤᠤ ᠶᠡᠭᠡ᠂ ᠢᠷᠠᠭᠤ ᠠᠯᠳᠠᠷᠲᠠᠢ ᠪᠥᠭᠡᠳ ᠵᠥᠪ ᠣᠨᠣᠪᠴᠢᠲᠠᠢ ᠨᠠᠮ ᠮᠥᠨ ᠭᠡᠳᠡᠭ ᠢ ᠭᠦᠢᠴᠡᠳ ᠭᠡᠷᠡᠴᠢᠯᠡᠭᠰᠡᠨ ᠪᠠᠶᠢᠨ᠎ᠠ ᠭᠡᠵᠡᠢ᠃ ᠪᠦᠭᠦᠳᠡ ᠬᠤᠷᠠᠯ ᠠᠴᠠ ᠳᠤᠷᠠᠳᠬᠤ ᠳᠠᠭᠠᠨ᠂ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠳᠠᠭᠠᠭᠤᠯᠵᠤ ᠠᠭᠤᠤ ᠶᠡᠭᠡ ᠲᠡᠮᠡᠴᠡᠯ ᠥᠷᠨᠢᠭᠦᠯᠵᠦ᠂ ᠲᠡᠦᠬᠡ ᠶᠢᠨ ᠬᠤᠪᠣᠷ ᠨᠠᠨᠳᠢᠨ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠂ ᠡᠨᠡ ᠪᠣᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠣᠨᠣᠯ ᠤᠨ ᠡᠭᠦᠳᠦᠯᠲᠡ ᠰᠢᠨᠡᠴᠢᠯᠡᠯᠲᠡ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠮ ᠢ ᠪᠠᠷᠢᠮᠲᠠᠯᠠᠵᠤ᠂ ᠠᠶᠤᠤᠯᠢᠬᠠᠢ ᠵᠢᠷᠦᠬᠡᠨ ᠳᠡᠭᠡᠨ ᠲᠠᠶᠠᠩ ᠳᠡᠯᠡᠬᠡᠢ ᠶᠢ ᠪᠠᠭᠲᠠᠭᠠᠬᠤ ᠶᠢ ᠪᠠᠷᠢᠮᠲᠠᠯᠠᠵᠤ᠂ ᠨᠡᠭᠡᠭᠡᠯᠲᠡ ᠬᠢᠵᠦ ᠡᠭᠦᠳᠦᠯᠲᠡ ᠰᠢᠨᠡᠴᠢᠯᠡᠯᠲᠡ ᠬᠢᠬᠦ ᠶᠢ ᠪᠠᠷᠢᠮᠲᠠᠯᠠᠵᠤ᠂ ᠵᠣᠷᠢᠭᠲᠠᠢ ᠪᠠᠷ ᠲᠡᠮᠡᠴᠡᠬᠦ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠬᠰᠠᠨ ᠪᠠᠶᠢᠨ᠎ᠠ᠃ ᠡᠳᠡᠭᠡᠷ ᠠᠷᠪᠠᠨ ᠵᠦᠢᠯ ᠪᠣᠯ ᠤᠷᠲᠤ ᠬᠤᠭᠤᠴᠠᠭᠠᠨ ᠤ ᠦᠢᠯᠡᠳᠦᠯᠭᠡ ᠶᠢᠨ ᠳᠤᠮᠳᠠ ᠬᠤᠷᠠᠮᠳᠤᠭᠤᠯᠤᠭᠰᠠᠨ ᠬᠤᠪᠣᠷ ᠨᠠᠨᠳᠢᠨ ᠲᠤᠷᠰᠢᠯᠭ᠎ᠠ ᠪᠣᠯᠣᠨ᠎ᠠ᠂ ᠨᠠᠮ ᠪᠣᠯᠣᠨ ᠠᠷᠠᠳ ᠲᠦᠮᠡᠨ ᠤ ᠬᠠᠮᠲᠤ ᠪᠠᠷ ᠡᠭᠦᠳᠦᠭᠰᠡᠨ ᠣᠶᠣᠨ ᠰᠠᠨᠠᠭᠠᠨ ᠤ ᠥᠪ ᠬᠥᠷᠥᠩᠭᠡ ᠪᠣᠯᠬᠤᠷ ᠲᠡᠭᠦᠨ ᠢ ᠵᠠᠪᠠᠯ ᠡᠷᠬᠢᠮᠯᠡᠨ ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠡᠢ᠃ ᠪᠦᠭᠦᠳᠡ ᠬᠤᠷᠠᠯ ᠠᠴᠠ ᠳᠤᠷᠠᠳᠬᠤ ᠳᠠᠭᠠᠨ᠂ ᠲᠤᠯᠭᠤᠷ ᠵᠣᠷᠢᠯᠲᠠ ᠪᠠᠨ ᠮᠠᠷᠲᠠᠬᠤ ᠦᠭᠡᠢ ᠪᠣᠯ ᠬᠡᠵᠢᠶᠡᠳᠡ ᠠᠮᠵᠢᠯᠲᠠ ᠪᠦᠲᠦᠮᠵᠢ ᠲᠠᠢ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠭᠤᠤ ᠶᠡᠭᠡ ᠦᠢᠯᠡᠰ ᠲᠤ ᠰᠠᠭᠤᠷᠢᠯᠠᠵᠤ᠂ ᠵᠠᠭᠤᠨ ᠵᠢᠯ ᠤᠨ ᠴᠤᠭ ᠵᠣᠷᠢᠭ ᠪᠠᠳᠠᠷᠠᠩᠭᠤᠢ ᠴᠠᠭ ᠦᠶ᠎ᠡ ᠶᠢ ᠡᠭᠦᠳᠦᠭᠰᠡᠨ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ ᠨᠠᠮ ᠠᠴᠠ ᠠᠷᠠᠳ ᠲᠦᠮᠡᠨ ᠪᠣᠯᠣᠨ ᠲᠡᠦᠬᠡ ᠳᠤ ᠰᠢᠯᠢᠳᠡᠭ ᠬᠠᠷᠢᠭᠤᠯᠲᠠ ᠥᠭᠭᠦᠭᠰᠡᠨ ᠶᠤᠮ᠃ ᠣᠳᠣ ᠨᠠᠮ ᠠᠴᠠ ᠲᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠠᠭᠢ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠢᠶᠠᠨ ᠡᠬᠢᠯᠡᠭᠦᠯᠦᠯ᠎ᠡ᠃ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠭᠡᠵᠤ ᠶᠠᠮᠠᠷ ᠨᠠᠮ ᠪᠣᠢ︖ ᠶᠠᠭᠤ ᠬᠢᠳᠡᠭ ᠨᠠᠮ ᠪᠣᠢ︖ ᠭᠡᠳᠡᠭ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ ᠬᠥᠭᠵᠢᠯᠲᠡ ᠶᠢᠨ ᠬᠠᠨᠳᠤᠰᠢ ᠶᠢ ᠪᠠᠲᠤ ᠡᠵᠡᠮᠳᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠤᠯᠭᠤᠷ ᠵᠣᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠳᠠᠷᠤᠤ ᠬᠢᠴᠢᠶᠡᠩᠭᠦᠢ ᠪᠠᠶᠢᠵᠤ᠂ ᠪᠠᠴᠢᠮᠳᠠᠵᠤ ᠪᠠᠷᠳᠠᠮᠨᠠᠬᠤ ᠦᠭᠡᠢ ᠪᠠᠶᠢᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠶᠠᠮᠠᠷᠪᠠ ᠠᠶᠤᠯ ᠲᠦᠭᠰᠢᠭᠦᠷᠢ ᠠᠴᠠ ᠠᠶᠤᠵᠤ ᠰᠦᠷᠳᠡᠬᠦ ᠦᠭᠡᠢ ᠪᠠᠶᠢᠵᠤ᠂ ᠶᠠᠮᠠᠷᠪᠠ ᠬᠠᠷᠰᠢ ᠰᠠᠭᠠᠳ ᠨᠦᠯᠦᠭᠡᠯᠡᠭᠳᠡᠬᠦ ᠦᠭᠡᠢ ᠪᠠᠶᠢᠵᠦ᠂ ᠦᠨᠳᠦᠰᠦᠨ ᠴᠢᠨᠠᠷ ᠤᠨ ᠠᠰᠠᠭᠤᠳᠠᠯ ᠳᠡᠭᠡᠷ᠎ᠡ ᠨᠤᠭᠤᠷᠠᠯᠲᠠ ᠶᠢᠨ ᠴᠢᠨᠠᠷ ᠲᠠᠢ ᠠᠯᠳᠠᠭ᠎ᠠ ᠭᠠᠷᠭᠠᠬᠤ ᠶᠢ ᠡᠷᠡᠰ ᠴᠡᠭᠡᠷᠯᠡᠵᠦ᠂ ᠨᠢᠴᠤᠵᠤ ᠨᠤᠭᠤᠷᠠᠰᠢ ᠦᠭᠡᠢ ᠵᠣᠷᠢᠭ ᠰᠠᠨᠠᠭ᠎ᠠ ᠪᠠᠷ ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠤᠤᠱᠲᠠᠢ ᠠᠬᠢᠭᠤᠯᠬᠤ ᠬᠡᠷᠡᠭᠲᠡᠢ ᠭᠡᠵᠡᠢ᠃ ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠨᠠᠮ ᠢᠶᠠᠷ ᠢᠶᠠᠨ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠡᠷᠬᠡᠪᠰᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠨ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠤᠳᠤᠷᠢᠳᠤᠨ ᠳᠠᠭᠠᠭᠤᠯᠵᠤ᠂ ᠡᠪ ᠬᠠᠮᠲᠤ ᠨᠠᠮ ᠤᠨ ᠲᠥᠷᠥ ᠪᠠᠷᠢᠬᠤ ᠵᠢᠮ᠎ᠡ ᠬᠠᠤᠯᠢ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠬᠠᠤᠯᠢ ᠪᠠ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠬᠠᠤᠯᠢ ᠶᠢᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠴᠢᠭᠯᠡᠯᠲᠡ ᠶᠢ ᠡᠷᠬᠡᠪᠰᠢ ᠪᠠᠷᠢᠮᠲᠠᠯᠠᠵᠤ᠂ ︽ᠳᠥᠷᠪᠡᠨ ᠵᠦᠢᠯ ᠤᠨ ᠤᠬᠠᠮᠰᠠᠷ︾᠎ ᠢᠶᠠᠨ ᠡᠷᠴᠢᠮᠵᠢᠭᠦᠯᠵᠦ᠂ ︽ᠳᠥᠷᠪᠡᠨ ᠵᠦᠢᠯ ᠤᠨ ᠢᠲᠡᠭᠡᠯ︾᠎ ᠪᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠰᠠᠶᠢᠨ ᠬᠢᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠥᠭᠵᠢᠯᠲᠡ ᠶᠢᠨ ᠰᠢᠨ᠎ᠡ ᠱᠠᠲᠤ ᠦᠶ᠎ᠡ ᠳᠤ ᠰᠠᠭᠤᠷᠢᠯᠠᠨ᠂ ᠬᠥᠭᠵᠢᠯᠲᠡ ᠶᠢᠨ ᠰᠢᠨ᠎ᠡ ᠦᠵᠡᠯᠲᠡ ᠶᠢ ᠲᠤᠤᠱᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠢ ᠪᠣᠯᠭᠠᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠵᠦ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯ ᠥᠷᠲᠡᠭ ᠤᠨ ᠦᠵᠡᠯᠲᠡ ᠶᠢᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠲᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠯ ᠲᠠᠢ ᠵᠡᠷᠭᠡᠴᠡᠨ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠠᠷᠠᠳ ᠲᠦᠮᠡᠨ ᠢ ᠴᠢᠨᠡᠭᠡᠯᠢᠭᠵᠢᠭᠦᠯᠬᠦ᠂ ᠤᠯᠤᠰ ᠣᠷᠣᠨ ᠢᠶᠠᠨ ᠬᠦᠴᠦᠷᠬᠡᠭᠵᠢᠭᠦᠯᠬᠦ᠂ ᠳᠤᠮᠳᠠᠳᠤ ᠤᠯᠤᠰ ᠢ ᠦᠵᠡᠰᠬᠦᠯᠡᠩ ᠰᠠᠶᠢᠬᠠᠨ ᠪᠣᠯᠭᠠᠬᠤ ᠶᠢ ᠵᠣᠬᠢᠴᠠᠩᠭᠤᠢ ᠪᠠᠷ ᠠᠬᠢᠭᠤᠯᠬᠤ ᠬᠡᠷᠡᠭᠲᠡᠢ ᠭᠡᠵᠡᠢ᠃ ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠨᠠᠮ ᠢᠶᠠᠷ ᠢᠶᠠᠨ ᠠᠷᠠᠳ ᠲᠦᠮᠡᠨ ᠲᠠᠢ ᠪᠠᠶᠢᠭ᠎ᠠ ᠴᠢᠰᠤ ᠮᠢᠬᠠᠨ ᠤ ᠬᠠᠷᠢᠴᠠᠭ᠎ᠠ ᠪᠠᠨ ᠡᠷᠬᠡᠪᠰᠢ ᠥᠨᠢᠳᠡ ᠪᠠᠲᠤᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠥᠷᠭᠡᠨ ᠣᠯᠠᠨ ᠲᠦᠮᠡᠨ ᠤ ᠦᠨᠳᠦᠰᠦᠨ ᠡᠷᠬᠡ ᠠᠰᠢᠭ ᠢ ᠲᠠᠰᠤᠷᠠᠯᠲᠠ ᠦᠭᠡᠢ ᠪᠡᠶᠡᠯᠡᠭᠦᠯᠵᠦ᠂ ᠰᠠᠶᠢᠨ ᠬᠠᠮᠠᠭᠠᠯᠠᠵᠤ᠂ ᠰᠠᠶᠢᠨ ᠬᠥᠭᠵᠢᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠳᠡᠨ ᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠮᠡᠷᠡᠶᠢᠨ ᠲᠡᠮᠡᠴᠡᠬᠦ ᠬᠡᠷᠡᠭᠲᠡᠢ᠃ ᠪᠦᠬᠦ ᠨᠠᠮ ᠢᠶᠠᠷ ᠢᠶᠠᠨ ᠡᠷᠬᠡᠪᠰᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠠᠵᠢᠯᠯᠠᠵᠤ᠂ ᠲᠡᠳᠡᠨ ᠳᠤ ᠪᠤᠶᠠᠨ ᠵᠢᠷᠭᠠᠯ ᠡᠳ᠋ᠯᠡᠭᠦᠯᠬᠦ ᠳᠤ ᠠᠯᠢᠪᠠ ᠪᠠᠨ ᠵᠣᠷᠢᠭᠤᠯᠵᠤ᠂ ᠠᠷᠠᠳ ᠲᠦᠮᠡᠨ ᠤ ᠲᠥᠯᠥᠭᠡ ᠠᠯᠤᠰ ᠬᠡᠲᠦ ᠶᠢ ᠪᠣᠳᠣᠯᠬᠢᠯᠠᠨ᠂ ᠪᠠᠶᠢᠩᠭᠤ ᠰᠠᠨᠠᠭᠠᠰᠢᠷᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠠᠷᠢᠭᠤᠨ ᠴᠢᠬᠡᠴᠢ ᠪᠠᠷ ᠲᠥᠷᠥ ᠪᠠᠷᠢᠬᠤ ᠪᠠᠶᠢᠭᠤᠯᠤᠯᠲᠠ ᠪᠣᠯᠣᠨ ᠠᠪᠯᠢᠭᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠷᠰᠢᠯᠠᠭᠳᠠᠰᠢ ᠦᠭᠡᠢ ᠪᠠᠶᠢᠬᠤ᠂ ᠳᠠᠷᠤᠭᠳᠠᠰᠢ ᠦᠭᠡᠢ ᠪᠠᠶᠢᠬᠤ ᠶᠢ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠤᠨ᠂ ᠬᠦᠴᠢᠷ ᠪᠡᠷᠬᠡ ᠶᠢ ᠢᠯᠠᠨ ᠳᠠᠪᠠᠵᠤ᠂ ᠥᠨᠢᠳᠡ ᠤᠷᠤᠭᠰᠢᠯᠠᠬᠤ ᠬᠡᠷᠡᠭᠲᠡᠢ ᠭᠡᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ ᠳᠣᠣᠷ᠎ᠠ ᠬᠠᠭᠠᠰ ᠵᠢᠯ ᠳᠤ ᠪᠡᠭᠡᠵᠢᠩ ᠳᠤ ᠬᠤᠷᠠᠯᠳᠤᠭᠤᠯᠬᠤ ᠪᠠᠷ ᠪᠦᠭᠦᠳᠡ ᠬᠤᠷᠠᠯ ᠠᠴᠠ ᠲᠣᠭᠲᠠᠭᠰᠠᠨ ᠪᠠᠶᠢᠨ᠎ᠠ᠃ ᠪᠦᠭᠦᠳᠡ ᠬᠤᠷᠠᠯ ᠠᠴᠠ ᠦᠵᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠮᠠᠨ ᠤ ᠨᠠᠮ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠱᠠᠲᠤᠨ ᠳᠤ ᠣᠷᠣᠭᠰᠠᠨ᠂ ᠬᠤᠶᠠᠳᠠᠭᠢ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠷ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠦᠭᠰᠡᠨ ᠴᠢᠬᠤᠯᠠ ᠴᠠᠭ ᠦᠶ᠎ᠡ ᠳᠤ ᠬᠤᠷᠠᠯᠳᠤᠭᠤᠯᠬᠤ ᠪᠠᠷ ᠪᠠᠶᠢᠭ᠎ᠠ ᠮᠠᠰᠢ ᠴᠢᠬᠤᠯᠠ ᠶᠡᠭᠡ ᠬᠤᠷᠠᠯ ᠪᠣᠯᠣᠨ᠎ᠠ᠂ ᠨᠠᠮ ᠲᠥᠷᠥ ᠶᠢᠨ ᠤᠯᠤᠰ ᠲᠥᠷᠥ ᠶᠢᠨ ᠠᠮᠢᠳᠤᠷᠠᠯ ᠳᠠᠬᠢ ᠲᠣᠮᠣ ᠴᠢᠬᠤᠯᠠ ᠶᠠᠪᠤᠳᠠᠯ ᠪᠣᠯᠣᠨ᠎ᠠ᠃ ᠪᠦᠬᠦ ᠨᠠᠮ ᠢᠶᠠᠷ ᠢᠶᠠᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠪᠠᠷ ᠨᠡᠭᠡᠭᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠬᠠᠷᠠᠭᠤᠯᠤᠭᠰᠠᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠬᠡᠷᠡᠭᠲᠡᠢ ᠭᠡᠵᠡᠢ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠨᠦᠬᠦᠷ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠪᠠᠶᠢᠭᠤᠯᠤᠬᠰᠠᠨ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠩᠬᠡᠷᠡᠭᠰᠡᠨ ᠤ ᠠᠮᠰᠠᠭᠰᠠᠨ ᠬᠠᠯᠠ ᠵᠤᠪᠠᠯᠠᠩ ᠪᠠ ᠤᠯᠤᠭᠰᠠᠨ ᠬᠢᠯᠠᠯᠵᠠᠭᠰᠠᠨ ᠠᠮᠵᠢᠯᠳᠡ ᠪᠦᠳᠦᠬᠡᠯ ᠢᠶᠠᠨ ᠪᠠᠳᠤ ᠴᠡᠭᠡᠵᠢᠯᠡᠵᠦ᠂ ᠦᠨᠦᠳᠦᠷ ᠲᠤᠯᠭᠠᠷᠠᠵᠤ ᠪᠠᠶᠢᠬᠤ ᠡᠬᠦᠷᠭᠡ ᠬᠠᠷᠢᠭᠤᠴᠠᠯᠭ᠎ᠠ ᠳᠠᠭᠠᠨ ᠤᠰᠤᠯᠳᠤᠬᠤ ᠦᠬᠡᠢ᠂ ᠢᠷᠡᠬᠦ ᠮᠠᠷᠭᠠᠰᠢ ᠶᠢᠨ ᠠᠭᠤᠤ ᠶᠡᠭᠡ ᠬᠦᠰᠡᠯᠡᠩ ᠢᠶᠠᠨ ᠬᠦᠰᠡᠷᠳᠡᠬᠦᠯᠬᠦ ᠦᠬᠡᠢ ᠪᠠᠶᠢᠵᠦ᠂ ᠲᠡᠤᠭᠡ ᠪᠠᠷ ᠯᠠᠪᠯᠠᠯᠳᠠ ᠪᠤᠯᠭᠠᠨ ᠢᠷᠡᠬᠡᠳᠦᠢ ᠶᠢ ᠨᠡᠭᠡᠭᠡᠵᠦ᠂ ᠰᠢᠷᠭᠠᠭᠤ ᠬᠠᠳᠠᠭᠤᠵᠢᠯᠳᠡᠢ ᠠᠵᠢᠯᠯᠠᠵᠤ᠂ ᠵᠤᠷᠢᠭᠲᠠᠢ ᠪᠠᠷ ᠮᠡᠷᠡᠶᠢᠨ ᠴᠢᠷᠮᠠᠶᠢᠵᠦ᠂ ᠬᠤᠶᠠᠳᠡᠬᠢ ᠵᠠᠭᠤᠨ ᠵᠢᠯ ᠤᠨ ᠲᠡᠮᠡᠴᠡᠯ ᠤᠨ ᠬᠠᠷᠠᠯᠳᠡ ᠶᠢ ᠪᠡᠶᠡᠯᠡᠬᠦᠯᠦᠨ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠬᠠᠷᠠᠭᠤᠯᠤᠭᠰᠠᠨ ᠲᠤᠮᠳᠠᠳᠤ ᠤᠯᠤᠰ ᠤᠨ ᠬᠦᠰᠡᠯ ᠢ ᠪᠡᠶᠡᠯᠡᠬᠦᠯᠬᠦ ᠶᠢᠨ ᠲᠦᠯᠦᠬᠡ ᠴᠦᠬᠦᠷᠡᠰᠢ ᠦᠬᠡᠢ ᠲᠡᠮᠡᠴᠡᠵᠡᠬᠡᠶ᠎ᠡ᠃ ᠦᠩᠬᠡᠷᠡᠭᠰᠡᠨ ᠵᠠᠭᠤᠨ ᠵᠢᠯ ᠳᠤ ᠠᠭᠤᠤ ᠶᠡᠭᠡ ᠢᠯᠠᠯᠳᠠ ᠪᠤᠯᠤᠨ ᠢᠷᠠᠭᠤ ᠠᠯᠳᠡᠷ ᠢ ᠲᠡᠮᠡᠴᠡᠨ ᠤᠯᠤᠭᠰᠠᠨ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠠᠷᠠᠳ ᠲᠦᠮᠡᠨ ᠰᠢᠨ᠎ᠡ ᠴᠠᠭ ᠦᠶ᠎ᠡ ᠶᠢᠨ ᠰᠢᠨ᠎ᠡ ᠵᠠᠮᠨᠡᠯ ᠲᠡᠭᠡᠷ᠎ᠡ ᠪᠠᠨ ᠨᠡᠩ ᠠᠭᠤᠤ ᠶᠡᠭᠡ ᠢᠯᠠᠯᠳᠠ ᠪᠤᠯᠤᠨ ᠢᠷᠠᠭᠤ ᠠᠯᠳᠡᠷ ᠢ ᠲᠡᠮᠡᠴᠡᠨ ᠤᠯᠬᠤ ᠴᠢᠳᠡᠨ᠎ᠡ ᠭᠡᠳᠡᠭ ᠲᠤ ᠪᠢᠳᠡ ᠪᠦᠷᠢᠨ ᠢᠳᠡᠬᠡᠯ ᠲᠠᠢ ᠪᠠᠶᠢᠨ᠎ᠠ ᠬᠡᠵᠦ ᠨᠠᠮ ᠤᠨ ᠲᠦᠪ ᠬᠤᠷᠢᠶᠠᠨ ᠠᠴᠠ ᠤᠷᠢᠶᠠᠯᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号