| | | | | | ᠨᠢᠭᠡ᠂ ︽ᠨᠠᠷᠢᠨ ᠲᠠᠩᠰᠠ︾ ᠶᠢ ᠶᠠᠮᠠᠷ ᠠᠬᠤᠶ ᠪᠠᠶᠢᠳᠠᠯ ᠤᠨ ᠳᠣᠤᠷ᠎ᠠ ᠨᠡᠶᠢᠲᠡᠯᠡᠭᠰᠡᠨ ᠪᠣᠶ︖ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠰᠢ ᠶᠢᠨ ᠫᠢᠩ ᠶᠡᠷᠦᠩᠬᠡᠶ | ᠱᠦᠵᠢ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠦᠷᠭᠦᠯᠵᠢᠯᠡᠨ | ᠶᠡᠭᠡ ᠪᠠᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ︽ᠦᠨᠡᠮᠯᠡᠯ ᠢ ᠪᠠᠭᠠᠰᠬᠠᠨ ᠠᠷᠠᠳ ᠲᠤ | ᠳᠥᠭᠦᠮ ᠦᠵᠡᠭᠦᠯᠬᠦ︾ ᠠᠵᠢᠯᠯᠠᠭ᠎ᠠ ᠶᠢ ᠥᠷᠨᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠶᠡᠷᠦᠩᠬᠡᠶ ᠰᠠᠶᠢᠳ ᠯᠢ | ᠺᠧ ᠴᠢᠶᠠᠩ᠂ ᠡᠯ᠎ᠡ ᠵᠦᠢᠯ ᠤᠨ ᠬᠡᠷᠡᠭ ᠦᠭᠡᠶ ᠭᠡᠷᠡᠴᠢᠯᠡᠯ ᠪᠠ ᠶᠠᠷᠰᠢᠭ ᠲᠦᠪᠡᠭᠲᠡᠶ ᠭᠠᠷ ᠭᠦᠢᠴᠡᠳᠬᠡᠯ ᠢ ᠬᠦᠴᠦᠨ | ᠦᠭᠡᠶ ᠪᠣᠯᠭᠠᠵᠤ᠂ ᠦᠢᠯᠡᠳᠪᠦᠷᠢᠯᠡᠯ ᠤᠨ ᠵᠥᠪᠰᠢᠶᠡᠷᠡᠯ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠡᠯᠡ | ᠣᠷᠣᠭᠤᠯᠤᠯᠲᠠ ᠶᠢ ᠬᠢᠨᠠᠨ ᠵᠥᠪᠰᠢᠶᠡᠷᠡᠬᠦ᠂ ᠭᠡᠷᠡᠴᠢᠯᠡᠬᠦ ᠵᠦᠢᠯᠡᠰ ᠵᠡᠷᠭᠡ ᠬᠦᠷᠢᠶᠡᠨ ᠳᠤ ᠮᠡᠳᠡᠭᠳᠡᠬᠦ ᠠᠮᠠᠯᠠᠯᠲᠠ ᠶᠢᠨ | ᠲᠦᠷᠢᠮ ᠢ ᠥᠷᠭᠡᠨ ᠢᠶᠠᠷ ᠬᠡᠷᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ | ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2020﹈ 42 ᠳ᠋ᠤᠭᠠᠷ ᠲᠣᠭᠠᠲᠤ︶ ︽ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2020﹈ 51 ᠳ᠋ᠦᠭᠡᠷ ᠲᠣᠭᠠᠲᠤ︶ ︽ᠭᠡᠷᠡᠴᠢᠯᠡᠬᠦ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠮᠡᠳᠡᠭᠳᠡᠯ ᠲᠠᠷᠬᠠᠭᠠᠭᠰᠠᠨ ﹇2021﹈ 7 ᠳ᠋ᠤᠭᠠᠷ ᠲᠣᠭᠠᠲᠤ ᠱᠠᠭᠠᠷᠳᠠᠯᠭ᠎ᠠ ︽ | ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠵᠤ᠂ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠤᠳᠠᠭᠠᠨ ᠤ ᠮᠡᠳᠡᠭᠳᠡᠬᠦ | ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠤᠨ ᠲᠣᠳᠣᠷᠬᠠᠶ ᠬᠠᠭᠤᠳᠠᠰᠤ︾ | ᠪᠠ ︽ᠤᠯᠠᠭᠠᠨᠬᠠᠳᠠ ᠬᠤᠲᠠ ᠶᠢᠨ ᠦᠯᠡᠳᠡᠭᠡᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠤᠨ ᠲᠣᠳᠣᠷᠬᠠᠶ ᠬᠠᠭᠤᠳᠠᠰᠤ︾ | ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ | ᠬᠤᠶᠠᠷ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠶᠢᠨ | ᠬᠠᠷᠠᠯᠲᠠ ᠨᠢ ᠶᠠᠭᠤ ᠪᠤᠢ︖ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠣᠳᠣᠷᠬᠠᠶ ᠬᠡᠯᠡᠵᠦ ᠥᠭᠬᠦ᠂ ᠠᠵᠤ ᠠᠬᠤᠶᠢᠯᠠᠯ ᠪᠠ ᠣᠯᠠᠨ | ᠲᠦᠮᠡᠨ ᠤ ᠦᠨᠡᠨᠴᠢ ᠢᠲᠡᠭᠡᠮᠵᠢᠲᠡᠶ ᠪᠠᠷ ᠠᠮᠠᠯᠠᠯᠲᠠ ᠪᠠᠨ ᠰᠠᠬᠢᠬᠤ ᠪᠠᠷ ᠭᠤᠤᠯᠳᠠᠯᠭ᠎ᠠ ᠪᠣᠯᠭᠠᠵᠤ᠂ ᠪᠠᠷᠢᠮᠵᠢᠶ᠎ᠠ ᠶᠢ | ᠢᠯᠡ ᠪᠣᠯᠭᠠᠬᠤ᠂ ᠲᠦᠷᠢᠮ ᠢ ᠲᠥᠪ ᠭᠤᠤᠯᠴᠢ ᠪᠠᠶᠢᠯᠭᠠᠬᠤ᠂ ᠵᠢᠱᠢᠯᠲᠡ ᠶᠢ ᠲᠣᠳᠣᠷᠬᠠᠶ ᠪᠠᠶᠢᠯᠭᠠᠬᠤ᠂ ᠲᠣᠰ | ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠢᠲᠡᠭᠡᠮᠵᠢ ᠶᠢ ᠬᠢᠨᠠᠨ ᠬᠠᠮᠢᠶᠠᠷᠬᠤ ᠵᠠᠰᠠᠯᠲᠠ ᠶᠢᠨ ᠵᠠᠭᠪᠤᠷ ᠢ ᠪᠣᠶ | ᠪᠣᠯᠭᠠᠬᠤ ᠶᠢ ᠠᠬᠢᠭᠤᠯᠤᠨ᠎ᠠ᠃ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠤ ᠦᠨᠡᠮᠯᠡᠯ ᠭᠦᠢᠴᠡᠳᠬᠡᠬᠦ ᠨᠢ ᠣᠯᠠᠨ᠂ ᠦᠨᠡᠮᠯᠡᠯ ᠭᠦᠶ᠋ᠴᠡᠳᠬᠡᠬᠦ ᠳᠤ ᠬᠦᠴᠢᠷᠲᠡᠶ ᠵᠡᠷᠭᠡ ᠠᠰᠠᠭᠤᠳᠠᠯ ᠢ | ᠰᠢᠢᠳᠪᠦᠷᠢᠯᠡᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠮᠠᠨ ᠤ ᠬᠤᠲᠠ ᠶᠢᠨ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | ᠭᠤᠷᠪᠠ᠂ ᠶᠠᠮᠠᠷ ᠶᠠᠮᠠᠷ ᠭᠡᠷᠡᠴᠢᠯᠡᠬᠦ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ | ᠪᠤᠢ︖ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠯᠡᠬᠦ ᠭᠡᠷᠡᠴᠢᠯᠡᠬᠦ ᠵᠦᠢᠯᠡᠰ ᠤᠨ ᠬᠡᠪᠴᠢᠶ᠎ᠡ ᠳᠤ ᠬᠠᠮᠤᠭ ᠤᠨ | ᠶᠡᠭᠡ ᠬᠡᠮᠵᠢᠶ᠎ᠡ ᠪᠠᠷ ᠠᠷᠠᠳ ᠲᠤ ᠠᠰᠢᠭᠲᠠᠶ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠠᠵᠤ | ᠠᠬᠤᠶᠢᠯᠠᠯ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠬᠡᠷᠡᠭᠯᠡᠬᠦ | ᠤᠳᠠᠭ᠎ᠠ ᠪᠠᠷ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠤᠨ | ᠳᠣᠲᠣᠷ᠎ᠠ ᠠᠴᠠ ᠲᠣᠭᠲᠠᠭᠠᠨ᠎ᠠ᠂ ᠢᠯᠠᠩᠭᠤᠶ᠎ᠠ ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ | ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ | ᠦᠢᠯᠡᠴᠢᠯᠡᠭᠡ ᠵᠡᠷᠭᠡ ᠲᠠᠯ᠎ᠠ ᠪᠠᠷ ᠱᠠᠯᠠᠪᠳᠠᠨ ᠬᠡᠷᠡᠭᠵᠢᠭᠦᠯᠵᠦ᠂ ᠲᠦᠷᠭᠡᠬᠡᠨ ᠨᠠᠶᠢᠳᠠᠪᠤᠷᠢᠵᠢᠭᠤᠯᠤᠨ᠎ᠠ᠃ ᠤᠯᠤᠰ ᠤᠨ | ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ | ᠦᠢᠯᠡᠰ ᠤᠨ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ | ᠰᠢᠭᠤᠳ ᠬᠤᠯᠪᠣᠭᠳᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠰᠢᠭᠤᠳ ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ ᠲᠦᠭᠰᠢᠭᠦᠷᠢ ᠪᠠᠷ | ᠨᠡᠯᠢᠶᠡᠳ ᠶᠡᠭᠡ᠂ ᠵᠠᠯᠠᠷᠠᠭᠤᠯᠬᠤ ᠥᠪᠡᠷ ᠤᠨ ᠥᠷᠲᠡᠭ ᠨᠢ ᠨᠡᠯᠢᠶᠡᠳ ᠥᠨᠳᠥᠷ᠂ ᠬᠤᠬᠢᠷᠠᠯ ᠢ ᠡᠭᠡᠭᠦᠯᠵᠦ | ᠠᠪᠴᠢᠷᠠᠬᠤᠶ᠎ᠠ ᠪᠡᠷᠬᠡ ᠭᠡᠷᠡᠴᠢᠯᠡᠬᠦ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ᠃ | ᠲᠦᠷᠪᠡ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠦᠢᠴᠡᠳᠬᠡᠬᠦ ᠶᠠᠪᠤᠴᠠ ᠨᠢ | ᠶᠠᠮᠠᠷ ᠪᠠᠶᠢᠳᠠᠭ ᠪᠤᠢ︖ | ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ | ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠵᠠᠰᠠᠭ | ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ︵ᠴᠠᠬᠢᠮ ᠬᠡᠯᠪᠡᠷᠢ ᠶᠢ ᠪᠠᠭᠲᠠᠭᠠᠨ᠎ᠠ︶ ᠪᠠᠷ ᠭᠡᠷᠡᠴᠢᠯᠡᠬᠦ ᠡᠭᠦᠷᠭᠡ᠂ | ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠪᠦᠬᠦᠨ ᠢ ᠮᠡᠳᠡᠭᠳᠡᠨ᠎ᠡ᠃ ᠭᠤᠶᠤᠴᠢᠯᠠᠭᠴᠢ ᠶᠢᠨ ᠪᠢᠴᠢᠭ ᠤᠨ | ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ ᠪᠣᠳᠠᠲᠠᠶ | ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠭᠡᠪᠡᠯ᠂ ᠵᠠᠰᠠᠭ ᠵᠠᠬᠢᠷᠭᠠᠨ ᠤ | ᠪᠠᠶᠢᠭᠤᠯᠭ᠎ᠠ ᠬᠤᠯᠪᠣᠭᠳᠠᠯ ᠪᠦᠬᠦᠢ ᠭᠡᠷᠡᠴᠢ ᠶᠢ ᠳᠠᠬᠢᠵᠤ ᠠᠪᠬᠤ ᠦᠭᠡᠢ ᠪᠥᠭᠡᠳ ᠪᠢᠴᠢᠭ ᠤᠨ ᠠᠮᠠᠯᠠᠯᠲᠠ ᠶᠢ | ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠦᠢᠯᠡᠰ ᠢ ᠭᠦᠢᠴᠡᠳᠬᠡᠨ᠎ᠡ᠃ ᠠᠮᠠᠯᠠᠯᠲᠠ ᠶᠢᠨ | ᠲᠦᠷᠢᠮ ᠤᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ | ᠲᠣᠪᠬᠢᠮᠠᠯ ᠢ ᠬᠠᠮᠢᠶ᠎ᠠ ᠪᠥᠬᠦᠶ ᠦᠢᠯᠡᠴᠢᠯᠡᠭᠡᠨ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ | ᠪᠠᠶᠢᠴᠠᠭᠠᠨ ᠦᠵᠡᠬᠦ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ ᠮᠡᠳᠡᠭᠳᠡᠬᠦ ᠠᠮᠠᠯᠠᠯᠲᠠ ᠶᠢᠨ | ᠲᠦᠷᠢᠮ ᠤᠨ ᠲᠣᠳᠣᠷᠬᠠᠶ ᠬᠠᠭᠤᠳᠠᠰᠤ ᠶᠢ ᠬᠡᠷᠡᠭᠵᠢᠭᠦᠯᠬᠦ ᠳᠤ ᠣᠷᠣᠭᠤᠯᠤᠭᠰᠠᠨ ᠭᠡᠷᠡᠴᠢᠯᠡᠬᠦ ᠵᠦᠢᠯᠡᠰ ᠢ | ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠶᠢ ᠡᠵᠡᠨ ᠮᠡᠳᠡᠵᠦ | ᠰᠣᠩᠭᠤᠵᠤ ᠪᠣᠯᠤᠨ᠎ᠠ᠃ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠪᠠᠷ ᠭᠡᠷᠡᠴᠢᠯᠡᠬᠦ ᠮᠠᠲ᠋ᠧᠷᠢᠶᠠᠯ ᠲᠤᠰᠢᠶᠠᠬᠤ ᠶᠢ | ᠣᠷᠣᠯᠠᠭᠤᠯᠬᠤ ᠶᠢ ᠰᠣᠩᠭᠤᠭᠰᠠᠨ ᠪᠠᠶᠢᠪᠠᠯ᠂ ᠪᠢᠴᠢᠭ ᠤᠨ ᠠᠮᠠᠯᠠᠯᠲᠠ ᠬᠢᠬᠦ ᠶᠢᠨ ᠬᠠᠮᠲᠤ ᠭᠠᠷ ᠤᠨ ᠦᠰᠦᠭ ᠵᠢᠷᠤᠬᠤ | ᠪᠤᠶᠤ ᠲᠠᠮᠠᠭ᠎ᠠ ᠳᠠᠷᠤᠵᠤ ᠨᠤᠲᠠᠯᠠᠭᠰᠠᠨ ᠤ ᠲᠠᠷᠠᠭ᠎ᠠ᠂ ᠭᠤᠶᠤᠴᠢᠯᠠᠭᠴᠢ ᠠᠴᠠ ᠨᠢᠭᠡᠨᠲᠡ ᠵᠠᠰᠠᠭ ᠵᠠᠬᠢᠷᠭᠠᠨ ᠤ | ᠪᠠᠶᠢᠭᠤᠯᠭ᠎ᠠ ᠳᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠢᠶᠠᠷ ᠦᠵᠡᠨ᠎ᠡ᠃ ᠭᠤᠶᠤᠴᠢᠯᠠᠭᠴᠢ | ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ᠂ ᠬᠠᠤᠯᠢ ᠲᠣᠭᠲᠠᠭᠠᠯ | ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ | ᠲᠠᠪᠤ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠠᠴᠠ ᠪᠣᠯᠤᠭᠰᠠᠨ ᠬᠢᠨᠠᠯᠲᠠ | ᠬᠠᠮᠢᠶᠠᠷᠤᠯᠲᠠ ᠶᠢᠨ ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠬᠦ ᠪᠤᠢ︖ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ | ᠲᠦᠷᠢᠮ ᠢ ᠪᠠᠶᠢᠭᠤᠯᠵᠤ᠂ ᠭᠡᠷᠡᠴᠢᠯᠡᠬᠦ ᠵᠦᠢᠯᠡᠰ ᠤᠨ ᠣᠨᠴᠠᠯᠢᠭ᠂ ᠲᠦᠭᠰᠢᠭᠦᠷᠢ ᠶᠢᠨ ᠲᠠᠰ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠬᠦᠴᠦᠨ ᠵᠦᠢᠯ ᠳᠤ ᠴᠢᠭᠯᠡᠭᠦᠯᠦᠨ ᠬᠠᠷᠭᠤᠭᠤᠯᠤᠨ | ᠪᠠᠶᠢᠴᠠᠭᠠᠬᠤ ᠠᠷᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠠᠮᠠᠯᠠᠭᠴᠢ ᠶᠢᠨ ᠢᠲᠡᠭᠡᠮᠵᠢ ᠶᠢᠨ ᠪᠠᠶᠢᠳᠠᠯ ᠢ | ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠬᠤ ᠴᠢᠬᠤᠯᠠ ᠬᠦᠴᠦᠨ ᠵᠦᠢᠯ ᠪᠣᠯᠭᠠᠵᠤ᠂ ᠬᠠᠷᠭᠤᠭᠤᠯᠤᠨ | ᠪᠠᠶᠢᠴᠠᠭᠠᠬᠤ ᠴᠠᠭ᠂ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ | ᠡᠰᠡᠬᠦ ᠶᠢ ᠲᠣᠳᠣᠷᠬᠠᠶᠢᠯᠠᠨ᠎ᠠ᠃ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ ᠪᠠᠷ ᠭᠤᠤᠯ ᠪᠣᠯᠭᠠᠵᠤ᠂ ᠪᠠᠶᠢᠴᠠᠭᠠᠬᠤ᠂ | ᠬᠠᠶᠢᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠯᠲᠠ | ᠬᠢᠭᠰᠡᠨ ᠴᠦ ᠪᠣᠯᠤᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ | ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠬᠡᠷᠡᠭᠯᠡᠭᠴᠢ ᠶᠢᠨ ᠦᠵᠦᠭᠦᠷ᠂ ᠣᠷᠣᠨ | ᠬᠡᠰᠡᠭ ᠤᠨ ᠬᠡᠯᠬᠢᠶᠡᠰᠦ ᠶᠢᠨ ᠮᠡᠷᠭᠡᠵᠢᠯ ᠵᠡᠷᠭᠡ ᠶᠢ ᠭᠦᠢᠴᠡᠳ ᠠᠰᠢᠭᠯᠠᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ | ᠴᠤᠭᠯᠠᠭᠤᠯᠵᠤ᠂ ᠬᠠᠷᠢᠴᠠᠭᠤᠯᠤᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ | ᠬᠡᠷᠡᠭᠵᠢᠭᠦᠯᠬᠦ ᠬᠡᠷᠡᠭᠲᠡᠶ᠃ ᠬᠠᠷᠭᠤᠭᠤᠯᠤᠨ ᠪᠠᠶᠢᠴᠠᠭᠠᠬᠤ ᠠᠴᠠ ᠬᠡᠯᠲᠦᠷᠢᠭᠦᠯᠬᠦ ᠵᠦᠢᠯᠡᠰ ᠲᠤ᠂ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ | ᠂ ︽ᠰᠦᠯᠵᠢᠶ᠎ᠡ + ᠬᠢᠨᠠᠯᠲᠠ ᠬᠠᠮᠢᠶᠠᠷᠤᠯᠲᠠ︾᠂ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢ | ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠂ | ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢᠶᠠᠷ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ | ᠭᠠᠳᠠᠭᠤᠷᠴᠢᠯᠠᠯ ᠤᠨ ᠴᠢᠨᠠᠷᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠪᠣᠯᠬᠤ ᠥᠬᠡᠶ᠃ | ᠵᠢᠷᠭᠤᠭ᠎ᠠ᠂ ᠭᠤᠶᠤᠴᠢᠯᠠᠭᠴᠢ ᠦᠨᠡᠨ ᠪᠣᠳᠠᠲᠠᠢ ᠪᠤᠰᠤ ᠠᠮᠠᠯᠠᠯᠲᠠ ᠬᠢᠪᠡᠯ ᠶᠠᠮᠠᠷ ᠬᠠᠷᠢᠭᠤᠴᠠᠯᠭ᠎ᠠ | ᠡᠭᠦᠷᠭᠡᠯᠡᠬᠦ ᠪᠤᠢ︖ | ᠬᠢᠨᠠᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ | ᠭᠤᠶᠤᠴᠢᠯᠠᠭᠴᠢ ᠶᠢᠨ ᠵᠣᠷᠢᠭᠤᠳᠠ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠠᠮᠠᠯᠠᠯᠲᠠ | ᠬᠠᠩᠭᠠᠭᠰᠠᠨ ᠢ ᠣᠯᠵᠤ ᠮᠡᠳᠡᠪᠡᠯ᠂ ᠬᠠᠤᠯᠢ ᠶᠣᠰᠣᠭᠠᠷ ᠭᠦᠢᠴᠡᠳᠬᠡᠬᠦ ᠪᠠᠨ ᠵᠣᠭᠰᠣᠭᠠᠵᠤ᠂ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠥᠬᠡᠶ | ᠪᠣᠯᠭᠠᠬᠤ ᠪᠤᠶᠤ ᠵᠠᠰᠠᠭ ᠵᠠᠬᠢᠷᠭᠠᠨ ᠤ ᠰᠢᠳᠬᠡᠯ ᠥᠭᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ | ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠶ᠃ | | | | |