︽ᠤᠯᠠᠭᠠᠨᠬᠠᠳᠠ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠲᠤ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥ ᠶᠢᠨ ᠪᠣᠳᠣᠯᠭ᠎ᠠ ᠶᠢ ᠬᠡᠷᠡᠭᠯᠡᠬᠦ ᠲᠤᠬᠠᠶ ᠰᠠᠨᠠᠯ ᠤᠳ ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/16
          ᠨᠢᠭᠡ᠂ ᠲᠤᠰᠬᠠᠶ ᠵᠠᠬ᠎ᠠ ᠳᠡᠯᠭᠡᠭᠦᠷ ᠲᠤ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠶᠢᠨ ᠵᠣᠷᠢᠯᠭ᠎ᠠ ᠨᠢ ᠶᠠᠭᠤ ᠪᠤᠶ︖           ᠲᠥᠪ ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠂ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠢ ᠬᠦᠷᠢᠶᠡᠯᠡᠩ ᠲᠣᠭᠤᠷᠢᠭ ᠳᠠᠰᠢ ᠲᠥᠪᠯᠡᠷᠡᠭᠦᠯᠬᠦ ᠶᠢ ᠪᠡᠶᠡᠯᠡᠭᠦᠯᠦᠨ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠤᠰᠠᠳᠠ ︽ᠤᠯᠠᠭᠠᠨᠬᠠᠳᠠ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠠᠵᠤ ᠠᠬᠤᠶᠢᠯᠠᠯ ᠤᠨ ︿ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ﹀ ᠠᠵᠢᠯ ᠤᠨ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠤᠯᠠᠭᠠᠨᠬᠠᠳᠠ ᠵᠠᠰᠠᠭ ᠲᠠᠷᠬᠠᠭᠠᠭᠰᠠᠨ ﹇2020﹈ 175 ᠳ᠋ᠤᠭᠠᠷ ᠲᠣᠭᠠᠲᠤ︶ ᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ︽ᠤᠯᠠᠭᠠᠨᠬᠠᠳᠠ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠲᠤ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥ ᠶᠢᠨ ᠪᠣᠳᠣᠯᠭ᠎ᠠ ᠶᠢ ᠬᠡᠷᠡᠭᠯᠡᠬᠦ ᠰᠠᠨᠠᠯ ᠤᠳ︾ ᠢ ᠨᠡᠶᠢᠲᠡᠯᠡᠪᠡ᠃         ᠬᠤᠶᠠᠷ᠂ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥ ᠶᠢᠨ ᠪᠣᠳᠣᠯᠭ᠎ᠠ ᠶᠢᠨ ᠬᠡᠷᠡᠭᠯᠡᠭᠳᠡᠬᠦ ᠬᠡᠪᠴᠢᠶ᠎ᠡ ᠨᠢ ᠬᠠᠮᠢᠭ᠎ᠠ ᠪᠣᠶ︖ ᠬᠡᠷᠡᠭᠯᠡᠬᠦ ᠬᠡᠪᠴᠢᠶ᠎ᠡ ᠨᠢ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠪᠣᠯᠤᠨ᠎ᠠ᠃         ᠭᠤᠷᠪᠠ᠂ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠪᠣᠶ︖         ︵ᠨᠢᠭᠡ︶ ᠪᠡᠯᠡᠨ ᠵᠣᠭᠤᠰ ᠰᠣᠯᠢᠬᠤ ᠲᠠᠰ ᠳᠠᠷᠠᠭᠠᠯᠠᠯ᠃ ᠲᠤᠰᠬᠠᠶ ᠵᠠᠬ᠎ᠠ ᠳᠡᠯᠭᠡᠭᠦᠷ ᠢ ᠬᠢᠨᠠᠨ ᠬᠠᠷᠭᠤᠭᠤᠯᠵᠤ ᠵᠥᠪᠰᠢᠶᠡᠷᠡᠭᠦᠯᠦᠭᠡᠳ ᠬᠤᠲᠠ ᠠᠴᠠ ᠭᠠᠷᠴᠤ ᠴᠡᠴᠡᠷᠯᠢᠭ ᠲᠤ ᠣᠷᠣᠬᠤ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ ᠵᠠᠬ᠎ᠠ ᠳᠡᠯᠭᠡᠭᠦᠷ ᠤᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠬᠤᠳᠠᠯᠳᠤᠭᠠᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ᠂ ᠭᠠᠵᠠᠷ ᠰᠢᠷᠣᠶ ᠶᠢ ᠮᠥᠨ ᠬᠦ ᠲᠤᠰᠬᠠᠶ ᠵᠠᠬ᠎ᠠ ᠳᠡᠯᠭᠡᠭᠦᠷ ᠤᠨ ᠤᠤᠯ ᠤᠨ ᠥᠮᠴᠢᠲᠡᠨ ᠳᠤ ᠬᠡᠷᠡᠭᠯᠡᠭᠦᠯᠦᠨ᠎ᠡ᠂ ᠤᠤᠯ ᠤᠨ ᠥᠮᠴᠢᠲᠡᠨ ᠨᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠪᠡᠶ᠎ᠡ ᠪᠠᠨ ᠳᠠᠭᠠᠭᠠᠵᠤ ᠨᠡᠭᠡᠭᠡᠨ ᠬᠥᠭᠵᠢᠭᠦᠯᠬᠦ ᠪᠤᠶᠤ ᠬᠤᠷᠰᠢᠨ ᠨᠡᠭᠡᠭᠡᠨ ᠬᠥᠭᠵᠢᠭᠦᠯᠵᠦ᠂ ᠤᠤᠯ ᠤᠨ ᠵᠠᠬ᠎ᠠ ᠳᠡᠯᠭᠡᠭᠦᠷ ᠢ ᠨᠡᠭᠡᠭᠡᠨ ᠠᠰᠢᠭᠯᠠᠬᠤ ᠠᠴᠠ ᠡᠮᠦᠨ᠎ᠡ ᠡᠷᠬᠡᠪᠰᠢ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠮᠥᠩᠭᠦ ᠶᠢ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃ ᠲᠤᠰᠬᠠᠶ ᠵᠠᠬ᠎ᠠ ᠳᠡᠯᠭᠡᠭᠦᠷ ᠤᠨ ᠴᠡᠴᠡᠷᠯᠢᠭ ᠲᠤ ᠣᠷᠣᠭᠤᠯᠬᠤ ᠲᠥᠷᠥᠯ ᠵᠦᠢᠯ ᠨᠢ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠬᠦᠷᠴᠦ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠲᠤᠰᠢᠶᠠᠭᠰᠠᠨ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠨᠢ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠠᠴᠠ ᠲᠤᠰᠬᠠᠶ ᠵᠣᠭᠤᠰ ᠤᠨ ᠬᠤᠪᠢ ᠪᠠᠷ ᠲᠤᠰᠬᠠᠶ ᠵᠠᠬ᠎ᠠ ᠳᠡᠯᠭᠡᠭᠦᠷ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠳᠤ ᠰᠢᠯᠵᠢᠭᠦᠯᠦᠨ ᠥᠭᠴᠦ᠂ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠬᠤᠲᠠ ᠠᠴᠠ ᠭᠠᠷᠤᠭᠰᠠᠨ ᠢ ᠱᠠᠩᠨᠠᠬᠤ ᠳᠤ ᠬᠡᠷᠡᠭᠯᠡᠨ᠎ᠡ᠃         ︵ᠬᠤᠶᠠᠷ︶ ᠰᠦᠢᠳᠬᠡᠯ ᠬᠤᠷᠢᠶᠠᠬᠤ ᠪᠠᠷᠢᠮᠵᠢᠶ᠎ᠠ᠃ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠤᠰᠬᠠᠶ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠤᠯᠪᠣᠭᠳᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ᠂ ᠡᠵᠡᠩᠨᠡᠯᠲᠡ ᠶᠢᠨ ᠴᠢᠨᠠᠷᠲᠠᠶ᠂ ᠦᠢᠯᠡᠴᠢᠯᠡᠭᠡᠨ ᠤ ᠴᠢᠨᠠᠷᠲᠠᠶ ᠰᠦᠢᠳᠬᠡᠯ ᠶᠢ ᠲᠣᠭᠲᠠᠭᠠᠭᠰᠠᠨ ᠬᠠᠮᠤᠭ ᠤᠨ ᠳᠣᠤᠷ᠎ᠠ ᠪᠠᠷᠢᠮᠵᠢᠶ᠎ᠠ ᠪᠠᠷ ᠬᠤᠷᠢᠶᠠᠨ᠎ᠠ᠃         ︵ᠭᠤᠷᠪᠠ︶ ᠭᠠᠶᠢᠯᠢ ᠲᠠᠲᠠᠪᠤᠷᠢ ᠶᠢᠨ ᠠᠰᠢᠭᠯᠠᠯᠲᠠ᠃ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠴᠡᠴᠡᠷᠯᠢᠭ ᠲᠤ ᠣᠷᠣᠬᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠬᠦᠷᠦᠭᠰᠡᠨ ᠤ ᠳᠠᠷᠠᠭ᠎ᠠ᠂ ᠤᠤᠯ ᠤᠨ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠠᠴᠠ ᠪᠣᠶ ᠪᠣᠯᠤᠭᠰᠠᠨ ᠭᠠᠶᠢᠯᠢ ᠲᠠᠲᠠᠪᠤᠷᠢ ︵ᠬᠤᠲᠠ ᠶᠢᠨ ᠱᠠᠲᠤᠨ ᠤ ᠬᠤᠪᠢᠳᠠᠨ ᠦᠯᠡᠳᠡᠭᠡᠬᠦ ᠬᠡᠰᠡᠭ︶ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠭᠰᠠᠨ ᠤ ᠳᠠᠷᠠᠭ᠎ᠠ ᠬᠤᠲᠠ ᠶᠢᠨ ᠡᠳ᠋ ᠤᠨ ᠵᠠᠰᠠᠭ ᠠᠴᠠ ᠲᠤᠰᠬᠠᠶ ᠵᠣᠭᠤᠰ ᠤᠨ ᠬᠤᠪᠢ ᠪᠠᠷ ᠲᠤᠰᠬᠠᠶ ᠵᠠᠬ᠎ᠠ ᠳᠡᠯᠭᠡᠭᠦᠷ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠳᠤ ᠰᠢᠯᠵᠢᠭᠦᠯᠦᠨ ᠥᠭᠴᠦ᠂ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠬᠤᠲᠠ ᠠᠴᠠ ᠭᠠᠷᠤᠭᠰᠠᠨ ᠱᠠᠩᠨᠠᠯ ᠳᠤ ᠬᠡᠷᠡᠭᠯᠡᠨ᠎ᠡ᠃       ᠳᠥᠷᠪᠡ᠂ ᠲᠤᠰᠬᠠᠶ ᠵᠠᠬ᠎ᠠ ᠳᠡᠯᠭᠡᠭᠦᠷ ᠲᠤ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥ ᠶᠢᠨ ᠪᠣᠳᠣᠯᠭ᠎ᠠ ᠶᠢ ᠬᠡᠷᠡᠭᠯᠡᠬᠦ ᠪᠠᠷ ᠮᠡᠳᠡᠭᠦᠯᠬᠦ ᠨᠥᠬᠦᠴᠡᠯ ᠶᠠᠭᠤ ᠶᠠᠭᠤ ᠪᠠᠶᠢᠬᠤ ᠪᠣᠶ︖ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠳᠤ ᠡᠷᠬᠡᠪᠰᠢ ᠳᠣᠤᠷᠠᠬᠢ ᠨᠥᠬᠦᠴᠡᠯ ᠳᠤ ᠵᠡᠷᠭᠡᠪᠡᠷ ᠨᠡᠶᠢᠴᠡᠭᠰᠡᠨ ᠪᠠᠶᠢᠬᠤ ᠬᠡᠷᠡᠭᠲᠡᠶ᠄      ︵ᠨᠢᠭᠡ︶ ᠪᠠᠶᠢᠭᠤᠯᠤᠭᠰᠠᠨ ᠣᠷᠣᠨ ᠤ ᠳᠣᠲᠣᠷᠠᠬᠢ ᠤᠤᠯ ᠤᠨ ᠵᠠᠬ᠎ᠠ ᠳᠡᠯᠭᠡᠭᠦᠷ ᠲᠤ ᠬᠤᠲᠠ ᠶᠢᠨ ᠲᠥᠯᠥᠪᠵᠢᠭᠦᠯᠭᠡ ᠶᠢᠨ ᠶᠣᠰᠣᠭᠠᠷ ᠬᠤᠳᠠᠯᠳᠤᠭᠠᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠢᠶᠠᠷ ᠨᠢᠭᠡᠨᠲᠡ ᠲᠣᠭᠲᠠᠭᠠᠭᠰᠠᠨ ᠪᠠᠶᠢᠵᠤ᠂ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠵᠠᠬ᠎ᠠ ᠳᠡᠯᠭᠡᠭᠦᠷ ᠨᠢ ᠬᠤᠲᠠ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃        ︵ᠬᠤᠶᠠᠷ︶ ᠤᠤᠯ ᠤᠨ ᠵᠠᠬ᠎ᠠ ᠳᠡᠯᠭᠡᠭᠦᠷ ᠲᠤ ᠬᠡᠷᠡᠭᠯᠡᠵᠦ ᠪᠠᠶᠢᠭᠰᠠᠨ ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠬᠤ ᠠᠴᠠ ᠡᠮᠦᠨ᠎ᠡ᠂ ᠱᠠᠭᠠᠷᠳᠠᠯᠭ᠎ᠠ ᠶᠣᠰᠣᠭᠠᠷ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠪᠠᠶᠢᠴᠠᠭᠠᠯᠲᠠ ᠶᠢ ᠬᠢᠵᠦ᠂ ᠬᠥᠷᠥᠰᠥ ᠰᠢᠷᠣᠶ ᠶᠢ ᠠᠮᠤᠷ ᠲᠦᠪᠰᠢᠨ ᠢᠶᠠᠷ ᠠᠰᠢᠭᠯᠠᠬᠤ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ᠃        ︵ᠭᠤᠷᠪᠠ︶ ᠤᠤᠯ ᠤᠨ ᠵᠠᠬ᠎ᠠ ᠳᠡᠯᠭᠡᠭᠦᠷ ᠨᠢ ᠤᠯᠤᠰ ᠤᠨ ᠥᠮᠴᠢᠯᠡᠯ ᠤᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠵᠤ᠂ ᠭᠠᠵᠠᠷ ᠰᠢᠷᠣᠶ ᠶᠢ ᠭᠠᠷᠭᠠᠵᠤ ᠥᠭᠬᠦ ᠵᠢᠷᠤᠮ ᠢᠶᠠᠷ ᠳᠠᠮᠵᠢᠭᠤᠯᠤᠨ ᠭᠠᠵᠠᠷ ᠰᠢᠷᠣᠶ ᠬᠡᠷᠡᠭᠯᠡᠬᠦ ᠡᠷᠬᠡ ᠶᠢ ᠣᠯᠤᠭᠰᠠᠨ ᠪᠠᠶᠢᠬᠤ ᠬᠡᠷᠡᠭᠲᠡᠶ᠃        ︵ᠳᠥᠷᠪᠡ︶ ᠰᠢᠨ᠎ᠡ ᠪᠠᠷ ᠪᠠᠶᠢᠭᠤᠯᠬᠤ ᠵᠠᠬ᠎ᠠ ᠳᠡᠯᠭᠡᠭᠦᠷ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ︵ᠭᠠᠵᠠᠷ ᠰᠢᠷᠣᠶ ᠪᠠᠭᠲᠠᠨ᠎ᠠ᠂ ᠭᠡᠪᠡᠴᠦ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢ ᠪᠠᠭᠲᠠᠭᠠᠬᠤ ᠥᠬᠡᠶ︶ ᠨᠢ 2.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠶ᠃ ︵ᠲᠠᠪᠤ︶ ᠬᠤᠳᠠ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠬᠠᠷᠠᠭᠠᠰᠤ ᠳᠤ ᠰᠠᠭᠤᠷᠢᠯᠠᠨ᠂ ᠤᠤᠯ ᠤᠨ ᠵᠠᠬ᠎ᠠ ᠳᠡᠯᠭᠡᠭᠦᠷ ᠨᠢ ᠬᠤᠳᠠ ᠶᠢᠨ ᠡᠵᠡᠩᠨᠡᠯᠲᠡ ᠪᠠ ᠬᠤᠳᠠ ᠶᠢᠨ ᠳᠦᠷᠰᠦ ᠪᠠᠶᠢᠳᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶᠢᠬᠤ ᠬᠡᠷᠡᠭᠲᠡᠶ᠃      ᠲᠠᠪᠤ᠂ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠠᠵᠢᠯ ᠤᠨ ᠲᠠᠰ ᠳᠠᠷᠠᠭᠠᠯᠠᠯ ᠨᠢ ᠶᠠᠮᠠᠷ ᠪᠣᠶ︖       ︵ᠨᠢᠭᠡ︶ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠭᠤᠶᠤᠴᠢᠯᠠᠯ ᠤᠨ ᠲᠤᠰᠬᠠᠶ ᠵᠠᠬ᠎ᠠ ᠳᠡᠯᠭᠡᠭᠦᠷ ᠢ ᠠᠵᠤ ᠠᠬᠤᠶᠢᠯᠠᠯ ᠥᠪᠡᠷ ᠢᠶᠠᠨ ᠮᠡᠳᠡᠭᠦᠯᠵᠦ᠂ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠢᠶᠠᠷ ᠠᠩᠬ᠎ᠠ ᠬᠢᠨᠠᠭᠤᠯᠤᠭᠰᠠᠨ ᠤ ᠳᠠᠷᠠᠭ᠎ᠠ᠂ ᠬᠤᠲᠠ ᠶᠢᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠴᠤᠬᠤᠯᠠᠪᠤᠷᠢᠯᠠᠭᠤᠯᠤᠭᠰᠠᠨ ᠤ ᠳᠠᠷᠠᠭ᠎ᠠ ᠡᠬᠢᠯᠡᠨ ᠬᠡᠷᠡᠭᠵᠢᠭᠦᠯᠦᠨ᠎ᠡ᠃       ︵ᠬᠤᠶᠠᠷ︶ ᠭᠤᠤᠯ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠠᠵᠢᠯ ᠤᠨ ᠤᠳᠤᠷᠢᠳᠬᠤ ᠳᠤᠭᠤᠶᠢᠯᠠᠩ ᠨᠢ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠲᠤᠰᠬᠠᠶ ᠵᠠᠬ᠎ᠠ ᠳᠡᠯᠭᠡᠭᠦᠷ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠵᠥᠪᠯᠡᠯᠴᠡᠭᠡᠷ ᠲᠣᠭᠲᠠᠵᠤ᠂ ᠲᠤᠰᠬᠠᠶ ᠵᠠᠬ᠎ᠠ ᠳᠡᠯᠭᠡᠭᠦᠷ ᠢ ᠨᠡᠭᠦᠯᠭᠡᠬᠦ ᠴᠠᠭ᠂ ᠰᠢᠨ᠎ᠡ ᠵᠠᠬ᠎ᠠ ᠳᠡᠯᠭᠡᠭᠦᠷ ᠤᠨ ᠢᠨᠵᠧᠨᠧᠷᠢᠩ ᠤᠨ ᠠᠬᠢᠴᠠ᠂ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠪᠠ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠴᠠᠭ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠬᠤ ᠬᠡᠷᠡᠭᠲᠡᠶ᠃       ︵ᠭᠤᠷᠪᠠ︶ ᠰᠢᠯᠭᠠᠨ ᠠᠪᠬᠤ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥᠯ ᠵᠦᠶ᠋ᠯ ᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠰᠢᠯᠭᠠᠨ ᠠᠪᠬᠤ ᠶᠢᠨ ᠬᠠᠮᠲᠤ᠂ ᠰᠢᠯᠭᠠᠨ ᠠᠪᠤᠭᠰᠠᠨ ᠮᠡᠳᠡᠭᠦᠯᠦᠯᠲᠡ ᠪᠠᠨ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ᠂ ᠬᠠᠮᠤᠭ ᠡᠴᠦᠰ ᠲᠤ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠪᠣᠶ ᠪᠣᠯᠭᠠᠨ᠎ᠠ᠃ ︵ᠳᠥᠷᠪᠡ︶ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠢᠨᠠᠨ ᠬᠠᠷᠭᠤᠭᠤᠯᠬᠤ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠭᠰᠡᠨ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥᠯ ᠵᠦᠢᠯ ᠳᠤ᠂ ᠤᠯᠠᠭᠠᠨ ᠵᠠᠰᠠᠭ ᠲᠠᠷᠬᠠᠭᠠᠭᠰᠠᠨ ﹇2020﹈ 175 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠨᠢᠭᠡᠨᠲᠡ ᠪᠠᠶᠢᠭ᠎ᠠ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠡᠷᠡᠭᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠠᠴᠠ ᠲᠣᠭᠲᠠᠮᠠᠯ ᠬᠤᠷᠠᠯ ᠬᠢᠵᠦ ᠰᠤᠳᠤᠯᠬᠤ ᠥᠬᠡᠶ᠃       ᠵᠢᠷᠭᠤᠭ᠎ᠠ᠂ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠶᠠᠮᠠᠷ ᠶᠠᠮᠠᠷ ᠵᠦᠢᠯᠡᠰ ᠢ ᠠᠩᠬᠠᠷᠬᠤ ᠴᠢᠬᠤᠯᠠᠲᠠᠶ ᠪᠣᠶ︖      ︵ᠨᠢᠭᠡ︶ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠳ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠬᠤ ᠶᠢᠨ ᠬᠠᠮᠲᠤ᠂ ᠠᠵᠢᠯ ᠪᠠ ᠣᠷᠣᠨ ᠰᠠᠭᠤᠴᠠ ᠶᠢ ᠲᠡᠩᠴᠡᠭᠦᠷᠢᠲᠡᠶ ᠪᠠᠶᠢᠯᠭᠠᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠪᠠ ᠲᠤᠰᠬᠠᠶ ᠵᠠᠬ᠎ᠠ ᠳᠡᠯᠭᠡᠭᠦᠷ ᠢ ᠨᠡᠭᠦᠯᠭᠡᠬᠦ ᠶᠢ ᠨᠢᠭᠡ ᠯᠡ ᠠᠳᠠᠯᠢ ᠪᠠᠶᠢᠯᠭᠠᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠨᠡᠭᠦᠯᠭᠡᠬᠦ ᠴᠢᠬᠤᠯᠠᠲᠠᠶ ᠶᠢ ᠨᠢ ᠨᠡᠭᠦᠯᠭᠡᠵᠦ᠂ ᠦᠯᠡᠳᠡᠭᠡᠪᠡᠯ ᠵᠣᠬᠢᠬᠤ ᠶᠢ ᠨᠢ ᠦᠯᠡᠳᠡᠭᠡᠬᠦ ᠵᠠᠷᠴᠢᠮ ᠶᠣᠰᠣᠭᠠᠷ᠂ ᠦᠢᠯᠡᠴᠢᠯᠡᠭᠡ ᠪᠠᠷ ᠠᠷᠠᠳ ᠲᠤ ᠲᠥᠬᠦᠮ ᠦᠵᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠨᠥᠬᠦᠴᠡᠯ ᠳᠤ ᠨᠡᠶᠢᠴᠡᠬᠦ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ᠶᠢ ᠪᠡᠶᠡᠯᠡᠭᠦᠯᠦᠭᠰᠡᠨ ᠲᠤᠰᠬᠠᠶ ᠵᠠᠬ᠎ᠠ ᠳᠡᠯᠭᠡᠭᠦᠷ ᠲᠤ ᠡᠷᠬᠡᠪᠰᠢ ᠲᠤᠰᠬᠠᠶ ᠵᠠᠬ᠎ᠠ ᠳᠡᠯᠭᠡᠭᠦᠷ ᠤᠨ ᠤᠷᠢᠳᠤᠪᠠᠷ ᠬᠦᠷᠢᠶᠡᠯᠡᠩ ᠳᠤ ᠣᠷᠤᠬᠤ ᠶᠢ ᠪᠡᠶᠡᠯᠡᠭᠦᠯᠵᠦ᠂ ᠳᠠᠷᠠᠭ᠎ᠠ ᠨᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠦᠨᠳᠦᠰᠦᠨ ᠵᠠᠷᠴᠢᠮ ᠢ ᠪᠠᠷᠢᠮᠲᠠᠯᠠᠨ᠂ ᠬᠠᠤᠯᠢ ᠲᠣᠭᠲᠠᠭᠠᠯ ᠶᠣᠰᠣᠭᠠᠷ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠰᠢᠯᠭᠠᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠬᠤ ᠶᠢ ᠬᠢᠨᠠᠮᠠᠭᠠᠶ ᠬᠠᠷᠢᠭᠤᠴᠠᠬᠤ ᠶᠢᠨ ᠬᠠᠮᠲᠤ᠂ ᠬᠢᠨᠠᠨ ᠪᠤᠳᠤᠬᠤ ᠰᠠᠯᠠᠭ᠎ᠠ ᠮᠥᠴᠢᠷ ᠠᠴᠠ ᠣᠷᠣᠯᠴᠠᠨ ᠬᠢᠨᠠᠨ ᠰᠢᠯᠭᠠᠬᠤ ᠬᠡᠷᠡᠭᠲᠡᠶ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号