| | | | | | | | ︵2021 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ | ᠪᠠᠲᠤᠯᠠᠪᠠ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ 2021 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ ᠠᠴᠠ 11 ᠤ | ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠡᠨᠡ ᠤᠳᠠᠭᠠᠨ ᠤ ᠪᠦᠭᠦᠳᠡ ᠬᠤᠷᠠᠯ ᠳᠤ ᠲᠥᠪ ᠬᠤᠷᠢᠶᠠᠨ ᠤ | 197 ᠭᠡᠰᠢᠭᠦᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 151 ᠬᠥᠮᠥᠨ ᠣᠷᠣᠯᠴᠠᠪᠠ᠃ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠪᠠ ᠬᠠᠮᠢᠶᠠᠲᠠᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠭᠰᠠᠨ ᠪᠠᠶᠢᠨ᠎ᠠ᠃ ᠨᠠᠮ ᠤᠨ ᠠᠷᠪᠠᠨ ᠶᠢᠰᠦᠳᠦᠭᠡᠷ ᠶᠡᠭᠡ | ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠦᠨᠳᠦᠰᠦᠨ ᠱᠠᠲᠤᠨ ᠤ ᠬᠡᠰᠡᠭ ᠨᠥᠬᠦᠳ ᠪᠠ ᠲᠤᠰᠬᠠᠢ | ᠮᠡᠷᠭᠡᠵᠢᠯᠲᠡᠨ ᠡᠷᠳᠡᠮᠲᠡᠳ ᠪᠠᠰᠠ ᠬᠤᠷᠠᠯ ᠳᠤ ᠰᠤᠯᠠ ᠣᠷᠣᠯᠴᠠᠵᠠᠢ᠃ ᠪᠦᠭᠦᠳᠡ ᠬᠤᠷᠠᠯ ᠢ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ ᠡᠷᠬᠢᠯᠡᠭᠰᠡᠨ ᠪᠠᠶᠢᠨ᠎ᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠵᠠᠢ᠃ ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠤ ᠬᠠᠮᠲᠤ | ᠶᠠᠷᠢᠯᠴᠠᠵᠤ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠦᠬᠡᠨ ᠲᠤᠷᠰᠢᠯᠭ᠎ᠠ ᠶᠢᠨ | ᠲᠤᠬᠠᠢ ᠳᠣᠮᠳᠠᠳᠣ ᠣᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢ ᠬᠢᠨᠠᠨ ᠵᠥᠪᠯᠡᠵᠦ | ᠪᠠᠲᠤᠯᠠᠭᠰᠠᠨ ᠪᠥᠭᠡᠳ ︽ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠢ ᠬᠤᠷᠠᠯᠳᠤᠭᠤᠯᠬᠤ ᠲᠤᠬᠠᠢ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠭᠰᠠᠨ ᠪᠠᠶᠢᠨ᠎ᠠ᠃ ᠰᠢ ᠶᠢᠨ | ᠫᠢᠩ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠦᠬᠡᠨ ᠲᠤᠷᠰᠢᠯᠭ᠎ᠠ ᠶᠢᠨ | ᠲᠤᠬᠠᠢ ᠳᠣᠮᠳᠠᠳᠣ ᠣᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ᠶᠢᠨ ᠶᠠᠷᠢᠯᠴᠠᠬᠤ ᠨᠣᠣᠷᠠᠭ︾ | ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠭᠰᠡᠨ ᠪᠠᠶᠢᠨ᠎ᠠ᠃ ᠬᠤᠷᠠᠯ ᠠᠴᠠ ᠨᠠᠮ ᠤᠨ 19 | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠰᠠᠨᠠᠯ | ᠨᠢᠭᠡᠲᠡᠢ ᠦᠵᠡᠬᠦ ᠳᠡᠭᠡᠨ᠄ ᠨᠢᠭᠡ ᠵᠢᠯ ᠤᠨ ᠲᠤᠷᠰᠢ ᠳᠡᠯᠡᠬᠡᠢ ᠳ᠋ᠠᠬᠢᠨ ᠵᠠᠭᠤᠨ ᠵᠢᠯ ᠪᠠᠶᠢᠭ᠎ᠠ ᠦᠭᠡᠢ ᠶᠡᠭᠡ | ᠬᠤᠪᠢᠰᠤᠯᠲᠠ ᠪᠠ ᠰᠢᠨ᠎ᠡ ᠺᠤᠷᠤᠨᠠ ᠸᠢᠷᠦ᠋ᠰ ᠤᠨ ᠬᠢᠵᠢᠭ ᠪᠦᠬᠦ ᠳᠡᠯᠡᠬᠡᠢ ᠳᠤ ᠦᠷᠪᠢᠰᠦᠨ ᠳᠡᠯᠭᠡᠷᠡᠵᠦ ᠳᠠᠪᠬᠤᠴᠠᠨ | ᠨᠥᠯᠥᠭᠡᠯᠡᠵᠦ᠂ ᠭᠠᠳᠠᠭᠠᠳᠤ ᠣᠷᠴᠢᠨ ᠨᠥᠬᠦᠴᠡᠯ ᠨᠡᠩ ᠪᠡᠷᠬᠡ ᠪᠤᠳᠤᠯᠢᠶᠠᠨᠲᠠᠢ ᠪᠣᠯᠣᠭᠰᠠᠨ ᠢᠶᠠᠷ ᠤᠯᠤᠰ ᠤᠨ | ᠳᠣᠲᠣᠭᠠᠳᠤ ᠶᠢᠨ ᠰᠢᠨ᠎ᠡ ᠺᠤᠷᠤᠨᠠ ᠸᠢᠷᠦ᠋ᠰ ᠤᠨ ᠬᠢᠵᠢᠭ ᠢ ᠰᠡᠷᠭᠡᠶᠢᠯᠡᠨ ᠳᠠᠷᠤᠬᠤ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠭᠦᠷᠭᠡ ᠨᠦᠭᠦᠳ ᠮᠠᠰᠢ ᠪᠡᠷᠬᠡ ᠬᠦᠨᠳᠦ ᠪᠣᠯᠣᠭᠰᠠᠨ ᠶᠤᠮ᠃ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ 19 ᠳ᠋ᠦ᠋ᠭᠡᠷ ᠶᠡᠭᠡ ᠬᠤᠷᠠᠯ ᠪᠠ | ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂ ᠳᠥᠷᠪᠡ ᠲᠠᠪᠤᠳᠤᠭᠠᠷ | ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ | ᠳᠣᠲᠣᠭᠠᠳᠤ ᠪᠠ ᠣᠯᠠᠨ ᠤᠯᠤᠰ ᠤᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠦᠨ᠂ ᠬᠢᠵᠢᠭ ᠢ | ᠰᠡᠷᠭᠡᠶᠢᠯᠡᠨ ᠳᠠᠷᠤᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ | ᠬᠥᠭᠵᠢᠯᠲᠡ ᠪᠠ ᠠᠶᠤᠯ ᠦᠭᠡᠢ ᠪᠠᠶᠢᠬᠤ ᠶᠢ ᠨᠢᠭᠡᠳᠦᠯᠲᠡᠢ ᠲᠥᠯᠥᠪᠵᠢᠭᠦᠯᠦᠨ᠂ ᠯᠠᠪᠳᠠᠭᠤᠨ ᠢᠶᠠᠷ ᠠᠬᠢᠭᠤᠯᠬᠤ | ᠠᠵᠢᠯ ᠤᠨ ᠶᠡᠷᠦᠩᠬᠡᠢ ᠬᠥᠭ ᠠᠶᠢᠵᠠᠮ ᠢ ᠪᠠᠷᠢᠮᠲᠠᠯᠠᠨ᠂ ᠬᠥᠭᠵᠢᠯᠲᠡ ᠶᠢᠨ ᠰᠢᠨ᠎ᠡ ᠦᠵᠡᠯᠲᠡ ᠶᠢ ᠪᠦᠬᠦ ᠲᠠᠯ᠎ᠠ ᠪᠠᠷ | ᠲᠣᠣᠱᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠨ ᠪᠣᠢ ᠪᠣᠯᠭᠠᠵᠤ᠂ ᠠᠵᠤ ᠠᠬᠤᠢ ᠨᠡᠯᠢᠶᠡᠳ | ᠰᠠᠶᠢᠨ ᠬᠥᠭᠵᠢᠬᠦ ᠬᠠᠨᠳᠤᠰᠢ ᠪᠠᠨ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠢᠳᠡᠪᠬᠢᠲᠡᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ | ᠶᠠᠳᠠᠭᠤ ᠠᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ᠢ ᠲᠣᠭᠲᠠᠭᠰᠠᠨ ᠬᠤᠭᠤᠴᠠᠭᠠᠨ ᠳᠤ ᠨᠢ ᠢᠯᠠᠯᠲᠠ ᠲᠠᠢ | ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠦᠲᠦᠮᠵᠢᠲᠡᠢ ᠰᠠᠶᠢᠵᠢᠷᠠᠨ᠂ ᠨᠡᠶᠢᠭᠡᠮ ᠤᠨ ᠶᠡᠭᠡ ᠲᠠᠯ᠎ᠠ | ᠲᠣᠭᠲᠠᠭᠤᠨ ᠪᠣᠯᠵᠤ᠂ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠯᠠᠪᠳᠠᠭᠤᠨ ᠢᠶᠠᠷ | ᠠᠬᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠪᠦᠬᠦ ᠲᠠᠯ᠎ᠠ ᠪᠠᠷ | ᠠᠬᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠯᠠᠪᠳᠠᠭᠤᠨ ᠪᠦᠲᠦᠮᠵᠢᠲᠡᠢ ᠶᠠᠪᠤᠭᠳᠠᠵᠤ᠂ ᠬᠦᠨᠳᠦ | ᠬᠡᠴᠡᠭᠦᠦ ᠪᠠᠶᠢᠭᠠᠯᠢ ᠶᠢᠨ ᠭᠠᠢ ᠭᠠᠮᠰᠢᠭ ᠤᠳ ᠢ ᠢᠯᠠᠨ ᠳᠠᠪᠠᠵᠤ᠂ ᠨᠠᠮ ᠲᠥᠷᠥ ᠶᠢᠨ ᠡᠯ᠎ᠡ ᠵᠦᠢᠯ ᠤᠨ ᠠᠵᠢᠯ | ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠣᠯᠣᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠤ 100 ᠵᠢᠯ ᠤᠨ ᠣᠢ ᠶᠢ ᠪᠠᠶᠠᠷᠯᠠᠨ ᠲᠡᠮᠳᠡᠭᠯᠡᠬᠦ ᠠᠵᠢᠯᠯᠠᠭ᠎ᠠ ᠨᠤᠭᠤᠳ ᠢ ᠠᠮᠵᠢᠯᠲᠠ ᠲᠠᠢ | ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠲᠤᠤᠱᠲᠠᠢ ᠪᠠᠶᠢᠭᠤᠯᠤᠭᠰᠠᠨ ᠢ ᠠᠯᠪᠠᠨ | ᠶᠣᠰᠣᠭᠠᠷ ᠨᠡᠶᠢᠲᠡᠯᠡᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠤᠷᠮᠠᠰᠢᠭᠤᠯᠤᠨ ᠬᠥᠭᠵᠢᠭᠡᠵᠦ᠂ ᠬᠤᠶᠠᠳᠠᠭᠢ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ | ᠵᠠᠮᠨᠠᠯ ᠢᠶᠠᠷ ᠴᠤᠭ ᠪᠠᠳᠠᠷᠠᠩᠭᠤᠢ ᠵᠠᠮᠨᠠᠭᠰᠠᠨ ᠪᠠᠶᠢᠨ᠎ᠠ ᠭᠡᠵᠡᠢ᠃ ᠪᠦᠭᠦᠳᠡ ᠬᠤᠷᠠᠯ ᠠᠴᠠ ᠦᠵᠡᠬᠦ ᠳᠡᠭᠡᠨ᠂ ᠨᠠᠮ ᠤᠨ | ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠦᠬᠡ ᠶᠢᠨ ᠲᠤᠷᠰᠢᠯᠭ᠎ᠠ ᠶᠢ ᠳ᠋ᠦᠩᠨᠡᠭᠰᠡᠨ ᠶᠠᠪᠤᠳᠠᠯ | ᠪᠣᠯ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠦᠬᠡᠨ ᠨᠥᠬᠦᠴᠡᠯ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ᠰᠢᠨ᠎ᠡ ᠴᠠᠭ ᠦᠶ᠎ᠡ ᠳᠤ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠱᠠᠭᠠᠷᠳᠠᠯᠭ᠎ᠠ ᠪᠣᠯᠣᠨ᠎ᠠ᠃ ᠤᠯᠤᠰ | ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠭᠴᠢ ᠶᠢᠨ ᠤᠬᠠᠮᠰᠠᠷ᠂ ᠨᠠᠮ ᠤᠨ ᠲᠥᠪ | ᠬᠤᠷᠢᠶ᠎ᠠ ᠲᠠᠢ ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠩᠭᠠᠷᠠᠭᠤᠯᠵᠤ᠂ ᠵᠠᠮᠨᠠᠯ ᠤᠨ ᠢᠲᠡᠭᠡᠯ᠂ ᠣᠨᠣᠯ ᠤᠨ ᠢᠲᠡᠭᠡᠯ | ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠪᠠᠷᠢᠮᠲᠠᠯᠠᠨ᠂ ᠨᠦᠬᠦᠷ ᠰᠢ ᠶᠢᠨ ᠫᠢᠩ ᠤᠨ ᠨᠠᠮ ᠤᠨ ᠲᠥᠪ | ᠬᠤᠷᠢᠶ᠎ᠠ ᠶᠢᠨ ᠭᠤᠤᠯᠯᠠᠬᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ | ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ | ᠪᠦᠬᠦ ᠨᠠᠮ ᠤᠨ ᠠᠯᠬᠤᠭ᠎ᠠ ᠨᠢᠬᠡᠲᠡᠢ ᠤᠷᠤᠭᠰᠢᠯᠠᠬᠤ ᠶᠢ ᠪᠠᠲᠤᠯᠠᠬᠤ ᠶᠢᠨ ᠱᠠᠭᠠᠷᠳᠠᠯᠭ᠎ᠠ ᠪᠣᠯᠣᠨ᠎ᠠ᠃ ᠨᠠᠮ ᠤᠨ | ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠤᠨ ᠴᠢᠳᠠᠪᠤᠷᠢ ᠪᠠ ᠠᠶᠤᠯ | ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ | ᠬᠦᠴᠦᠨ ᠢ ᠥᠨᠢᠳᠡ ᠪᠠᠲᠤᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠶᠢᠴᠢᠯᠠᠵᠤ ᠳᠤᠮᠳᠠᠳᠤ ᠶᠢᠨ ᠦᠨᠳᠦᠰᠦᠲᠡᠨ ᠤ ᠠᠤᠭ᠎ᠠ ᠶᠡᠭᠡ ᠰᠡᠷᠭᠦᠨ ᠮᠠᠨᠳᠤᠯᠲᠠ ᠶᠢ | ᠬᠠᠷᠠᠭᠤᠯᠤᠬᠰᠠᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢᠨ | ᠱᠠᠭᠠᠷᠳᠠᠯᠭ᠎ᠠ ᠪᠣᠯᠣᠨ᠎ᠠ᠃ ᠪᠦᠬᠦ ᠨᠠᠮ ᠪᠠᠷ ᠢᠶᠠᠨ ᠪᠤᠰᠤᠳᠴᠢ ᠲᠡᠦᠬᠡ ᠶᠢᠨ ᠦᠵᠡᠯᠲᠡ ᠪᠠ ᠵᠥᠪ ᠣᠨᠣᠪᠴᠢᠲᠠᠢ | ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ | ᠥᠩᠭᠡᠷᠡᠭᠰᠡᠨ ᠳᠤ ᠪᠢᠳᠠ ᠶᠠᠭᠠᠬᠢᠭᠠᠳ ᠠᠮᠵᠢᠯᠲᠠ ᠣᠯᠣᠭᠰᠠᠨ᠂ ᠢᠷᠡᠭᠡᠳᠦᠢ ᠳᠤ ᠪᠢᠳᠠ ᠶᠠᠭᠠᠬᠢᠪᠠᠯ ᠰᠠᠶ᠋ᠢ | ᠦᠷᠭᠦᠯᠵᠢᠯᠡᠨ ᠠᠮᠵᠢᠯᠲᠠ ᠳᠤ ᠬᠦᠷᠴᠦ ᠴᠢᠳᠠᠬᠤ ᠪᠤᠢ ᠭᠡᠰᠡᠨ ᠢᠶᠠᠨ ᠲᠣᠳᠣᠷᠬᠠᠢ ᠮᠡᠳᠡᠵᠦ᠂ ᠡᠭᠦᠨ ᠤ ᠤᠯᠠᠮ ᠢᠶᠠᠷ | ᠲᠤᠯᠭᠤᠷ ᠵᠣᠷᠢᠯᠲᠠ ᠡᠭᠦᠷᠭᠡ ᠪᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠰᠢᠨ᠎ᠡ | ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠥᠭᠵᠢᠭᠦᠯᠬᠦ | ᠬᠡᠷᠡᠭᠲᠡᠢ ᠭᠡᠵᠡᠢ᠃ ᠪᠦᠭᠦᠳᠡ ᠬᠤᠷᠠᠯ ᠠᠴᠠ ᠳᠤᠷᠠᠳᠬᠤ ᠳᠠᠭᠠᠨ᠂ ᠳᠤᠮᠳᠠᠳᠤ ᠤᠯᠤᠰ ᠤᠨ ᠡᠪ ᠬᠠᠮᠲᠤ ᠨᠠᠮ | 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤ ᠠᠵᠠ | ᠵᠢᠷᠭᠠᠯ ᠢ ᠡᠳ᠋ᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯ ᠢ ᠡᠷᠢᠯᠬᠢᠯᠡᠬᠦ ᠶᠠᠪᠤᠳᠠᠯ ᠢ ᠢᠮᠠᠭᠲᠠ | ᠥᠪᠡᠷ ᠤᠨ ᠲᠤᠯᠭᠤᠷ ᠵᠣᠷᠢᠯᠲᠠ ᠡᠭᠦᠷᠭᠡ ᠪᠠᠨ ᠪᠣᠯᠭᠠᠵᠤ᠂ ᠡᠪ ᠬᠠᠮᠲᠤ ᠶᠢᠨ ᠬᠦᠰᠡᠯᠡᠩ ᠪᠠ ᠨᠡᠶᠢᠭᠡᠮ ᠵᠢᠷᠤᠮ ᠤᠨ | ᠢᠲᠡᠭᠡᠯ ᠪᠢᠰᠢᠷᠡᠯ ᠢ ᠢᠮᠠᠭᠲᠠ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠶᠢᠴᠢᠯᠠᠵᠤ ᠦᠨᠳᠦᠰᠦᠲᠡᠨ ᠤ ᠲᠤᠰᠠᠭᠠᠷ ᠲᠣᠭᠲᠠᠨᠢᠯ ᠢ ᠲᠡᠮᠡᠴᠡᠨ ᠣᠯᠬᠤ᠂ ᠠᠷᠠᠳ ᠲᠦᠮᠡᠨ ᠤ | ᠴᠢᠯᠦᠭᠡᠯᠡᠯᠲᠡ ᠪᠠ ᠤᠯᠤᠰ ᠣᠷᠣᠨ ᠢᠶᠠᠨ ᠴᠢᠨᠡᠭᠡᠯᠢᠭᠵᠢᠭᠦᠯᠦᠨ ᠬᠦᠴᠦᠷᠬᠡᠭᠵᠢᠭᠦᠯᠬᠦ᠂ ᠠᠷᠠᠳ ᠲᠦᠮᠡᠨ ᠳᠤ ᠠᠵᠠ | ᠵᠢᠷᠭᠠᠯ ᠡᠳ᠋ᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠨᠢᠭᠡᠨᠲᠡ ᠵᠠᠭᠤᠨ ᠵᠢᠯ ᠤᠨ ᠭᠡᠷᠡᠯ | ᠰᠠᠴᠤᠷᠠᠩᠭᠤᠢ ᠲᠡᠦᠬᠡᠨ ᠵᠠᠮᠨᠠᠯ ᠢ ᠲᠤᠭᠤᠯᠤᠭᠰᠠᠨ ᠪᠠᠶᠢᠨ᠎ᠠ᠃ ᠨᠠᠮ ᠪᠣᠯᠣᠨ ᠠᠷᠠᠳ ᠲᠦᠮᠡᠨ ᠵᠠᠭᠤᠨ ᠵᠢᠯ ᠤᠨ | ᠲᠡᠮᠡᠴᠡᠯ ᠳᠡᠭᠡᠨ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠠᠬᠢ ᠬᠠᠮᠤᠭ ᠤᠨ ᠠᠤᠭ᠎ᠠ | ᠶᠡᠭᠡ ᠲᠡᠦᠬᠡᠨ ᠲᠤᠤᠯᠢᠰ ᠢ ᠪᠢᠴᠢᠭᠯᠡᠭᠰᠡᠨ ᠪᠠᠶᠢᠨ᠎ᠠ ᠭᠡᠵᠡᠢ᠃ ᠪᠦᠭᠦᠳᠡ ᠬᠤᠷᠠᠯ ᠠᠴᠠ ᠳᠤᠷᠠᠳᠬᠤ ᠳᠠᠭᠠᠨ᠂ ᠰᠢᠨ᠎ᠡ | ᠠᠷᠠᠳᠴᠢᠯᠠᠭᠰᠠᠨ ᠶᠤᠰᠤᠨ ᠤ ᠬᠤᠪᠢᠰᠬᠠᠯ ᠤᠨ ᠦᠶ᠎ᠡ ᠳᠤ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠡᠵᠡᠷᠬᠡᠭ | ᠲᠦᠷᠢᠮᠡᠬᠡᠢ ᠶᠤᠰᠣ᠂ ᠹᠸᠤᠳᠠᠯ ᠶᠤᠰᠣ᠂ ᠨᠣᠶᠠᠨᠴᠢ ᠬᠦᠷᠦᠩᠭᠡᠲᠦ ᠶᠤᠰᠤ ᠶᠢ ᠡᠰᠡᠷᠭᠦᠴᠡᠵᠦ᠂ ᠦᠨᠳᠦᠰᠦᠲᠡᠨ ᠤ | ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ | ᠠᠤᠭ᠎ᠠ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠦᠨᠳᠦᠰᠦᠨ ᠨᠦᠭᠦᠴᠡᠯ ᠢ ᠪᠤᠢ | ᠪᠤᠯᠭᠠᠬᠤ ᠶᠠᠪᠤᠳᠠᠯ ᠪᠤᠯᠤᠨ᠎ᠠ᠃ ᠬᠤᠪᠢᠰᠬᠠᠯ ᠤᠨ ᠲᠡᠮᠡᠴᠡᠯ ᠤᠨ ᠶᠠᠪᠤᠴᠠ ᠳᠤ ᠨᠥᠬᠦᠷ ᠮᠠᠤ ᠽᠧ ᠳ᠋ᠦᠩ ᠢᠶᠠᠷ ᠭᠤᠣᠯ | ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠮᠠᠷᠺᠰ ᠯᠧᠨᠢᠨ ᠤ ᠦᠵᠡᠯ ᠤᠨ | ᠦᠨᠳᠦᠰᠦᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠲᠠᠭᠤᠵᠢᠯᠲᠠᠢ ᠬᠠᠶᠢᠨ | ᠰᠦᠪᠡᠭᠴᠢᠯᠡᠵᠦ᠂ ᠠᠰᠤᠷᠤ ᠶᠡᠭᠡ ᠦᠷᠡᠭᠳᠡᠯ ᠰᠦᠢᠳᠦᠯ ᠭᠠᠷᠭᠠᠬᠤ ᠪᠠᠷ ᠳᠠᠮᠵᠢᠨ ᠬᠤᠷᠠᠮᠳᠤᠭᠤᠯᠤᠭᠰᠠᠨ ᠪᠡᠶ᠎ᠡ ᠪᠠᠨ | ᠳᠠᠭᠠᠭᠠᠭᠰᠠᠨ ᠲᠤᠷᠰᠢᠯᠭ᠎ᠠ ᠨᠤᠭᠤᠳ ᠢᠶᠠᠨ ᠣᠨᠣᠯ ᠤᠨ ᠲᠠᠯ᠎ᠠ ᠪᠠᠷ ᠬᠤᠷᠢᠶᠠᠩᠭᠤᠶᠢᠯᠠᠵᠤ᠂ ᠬᠥᠳᠡᠭᠡ ᠲᠣᠰᠬᠤᠨ ᠢᠶᠠᠷ | ᠬᠤᠲᠠ ᠶᠢ ᠪᠦᠰᠡᠯᠡᠬᠦ᠂ ᠵᠡᠪᠰᠡᠭ ᠢᠶᠠᠷ ᠵᠠᠰᠠᠭ ᠤᠨ ᠡᠷᠬᠡ ᠶᠢ ᠪᠤᠯᠢᠶᠠᠨ ᠠᠪᠬᠤ ᠵᠥᠪ ᠣᠨᠣᠪᠴᠢᠲᠠᠢ ᠬᠤᠪᠢᠰᠬᠠᠯ ᠤᠨ | ᠵᠠᠮ ᠢ ᠨᠡᠭᠡᠭᠡᠵᠦ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠡᠭᠦᠳᠴᠦ᠂ ᠰᠢᠨ᠎ᠡ ᠠᠷᠠᠳᠴᠢᠯᠠᠭᠰᠠᠨ ᠶᠤᠰᠣᠨ ᠤ | ᠬᠤᠪᠢᠰᠬᠠᠯ ᠤᠨ ᠢᠯᠠᠯᠲᠠ ᠶᠢ ᠲᠡᠮᠡᠴᠡᠨ ᠣᠯᠬᠤ ᠳᠤ ᠵᠥᠪ ᠴᠢᠭᠯᠡᠯ ᠢ ᠵᠢᠭᠠᠭᠰᠠᠨ ᠪᠠᠶᠢᠨ᠎ᠠ᠃ ᠨᠠᠮ ᠠᠴᠠ ᠠᠷᠠᠳ | ᠲᠦᠮᠡᠨ ᠢ ᠤᠳᠤᠷᠢᠳᠤᠨ ᠴᠢᠰᠦ ᠤᠷᠤᠰᠬᠠᠨ ᠲᠡᠮᠡᠴᠡᠵᠦ ᠨᠤᠭᠤᠷᠠᠯ ᠪᠦᠳᠦᠷᠢᠯ ᠢ ᠬᠠᠶᠢᠬᠤᠷᠬᠤ ᠦᠭᠡᠢ ᠪᠠᠷ | ᠡᠷᠡᠯᠬᠡᠭᠯᠡᠨ ᠲᠡᠮᠡᠴᠡᠵᠦ᠂ ᠰᠢᠨ᠎ᠡ ᠠᠷᠠᠳᠴᠢᠯᠠᠭᠰᠠᠨ ᠶᠤᠰᠤᠨ ᠤ ᠬᠤᠪᠢᠰᠬᠠᠯ ᠤᠨ ᠠᠭᠤᠤ ᠶᠡᠭᠡ ᠠᠮᠵᠢᠯᠲᠠ ᠶᠢ | ᠡᠭᠦᠳᠴᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠤᠨ᠂ ᠦᠨᠳᠦᠰᠦᠲᠡᠨ ᠤ ᠲᠤᠰᠠᠭᠠᠷ | ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠬᠠᠭᠠᠰ | ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠢ ᠡᠴᠦᠰᠯᠡᠭᠦᠯᠦᠨ᠂ ᠴᠥᠭᠡᠨ ᠲᠣᠭᠠᠨ ᠤ | ᠮᠦᠯᠵᠢᠭᠴᠢᠳ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠢ | ᠡᠴᠦᠰᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠰᠠᠯᠵᠦ ᠪᠤᠲᠠᠷᠠᠬᠰᠠᠨ ᠪᠠᠶᠢᠳᠠᠯ ᠢ ᠲᠦᠢᠯᠪᠤᠷᠢᠲᠠᠢ | ᠡᠴᠦᠰᠯᠡᠭᠦᠯᠦᠨ᠂ ᠬᠦᠴᠦᠷᠬᠡᠭ ᠤᠯᠤᠰ ᠤᠳ ᠤᠨ ᠳᠤᠮᠳᠠᠳᠤ ᠤᠯᠤᠰ ᠲᠤ ᠠᠯᠪᠠᠳᠠᠯᠭ᠎ᠠ ᠪᠠᠷ ᠲᠤᠯᠭᠠᠬᠰᠠᠨ ᠡᠷᠬᠡ | ᠲᠡᠭᠰᠢ ᠪᠤᠰᠤ ᠭᠡᠷ᠎ᠡ ᠪᠠ ᠡᠵᠡᠷᠬᠡᠭ ᠲᠦᠷᠢᠮᠡᠬᠡᠶᠢᠲᠡᠨ ᠤ ᠳᠤᠮᠳᠠᠳᠤ ᠤᠯᠤᠰ ᠳᠠᠬᠢ ᠠᠯᠢᠪᠠ ᠣᠨᠴᠠᠭᠠᠢ ᠡᠷᠬᠡ ᠶᠢ | ᠲᠦᠢᠯᠪᠤᠷᠢᠲᠠᠢ ᠬᠦᠴᠦᠨ ᠦᠬᠡᠢ ᠪᠤᠯᠭᠠᠵᠤ᠂ ᠳᠤᠮᠳᠠᠳᠤ ᠤᠯᠤᠰ ᠢ ᠬᠡᠳᠦᠨ ᠮᠢᠩᠭᠠᠨ ᠵᠢᠯ ᠤᠨ ᠹᠸᠤᠳᠠᠯ ᠤᠨ | ᠡᠵᠡᠷᠬᠡᠭ ᠤᠯᠤᠰ ᠲᠥᠷᠥ ᠠᠴᠠ ᠠᠷᠠᠳ ᠤᠨ ᠠᠷᠠᠳᠴᠢᠯᠠᠯ ᠲᠡᠰᠢ ᠬᠤᠪᠢᠷᠠᠭᠤᠯᠤᠭᠰᠠᠨ ᠠᠭᠤᠤ ᠶᠡᠭᠡ | ᠦᠰᠦᠷᠦᠯᠲᠡ ᠶᠢ ᠪᠡᠶᠡᠯᠡᠭᠦᠯᠦᠭᠰᠡᠨ ᠮᠥᠷᠲᠡᠭᠡᠨ ᠳᠡᠯᠡᠬᠡᠢ ᠶᠢᠨ ᠤᠯᠤᠰ ᠲᠥᠷᠥ ᠶᠢᠨ ᠪᠠᠶᠢᠷᠢᠰᠢᠯ ᠢ ᠲᠦᠢᠯ ᠢᠶᠠᠷ | ᠬᠤᠪᠢᠷᠠᠭᠤᠯᠵᠤ᠂ ᠪᠦᠬᠦ ᠳᠡᠯᠡᠬᠡᠢ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠪᠠ ᠳᠠᠷᠣᠯᠠᠬᠳᠠᠵᠤ ᠪᠠᠶᠢᠭ᠎ᠠ ᠠᠷᠠᠳ | ᠲᠦᠮᠡᠨ ᠤ ᠴᠢᠯᠦᠭᠡᠯᠡᠯᠲᠡ ᠶᠢᠨ ᠲᠡᠮᠡᠴᠡᠯ ᠢ ᠵᠣᠷᠢᠭᠵᠢᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠰᠢᠷᠭᠠᠭᠤ ᠲᠡᠮᠡᠴᠡᠯ ᠢᠶᠠᠷ ᠢᠶᠠᠨ ᠳᠠᠮᠵᠢᠨ ᠳᠤᠮᠳᠠᠳᠤ | ᠤᠯᠤᠰ ᠤᠨ ᠠᠷᠠᠳ ᠲᠦᠮᠡᠨ ᠡᠭᠦᠨ ᠠᠴᠠ ᠬᠤᠶᠢᠰᠢ ᠪᠣᠰᠴᠤ ᠵᠤᠬᠰᠣᠨ᠂ ᠳᠤᠮᠳᠠᠳᠤ ᠶᠢᠨ ᠦᠨᠳᠦᠰᠦᠲᠡᠨ ᠤ | ᠬᠥᠮᠥᠨ ᠪᠣᠯᠭᠠᠨ ᠳᠤ ᠳᠠᠷᠤᠯᠠᠭᠳᠠᠨ ᠳᠣᠷᠣᠮᠵᠢᠯᠠᠭᠳᠠᠭᠰᠠᠨ ᠴᠠᠭ ᠦᠶ᠎ᠡ ᠨᠢᠭᠡᠨᠲᠡ ᠪᠤᠴᠠᠯᠲᠠ ᠦᠭᠡᠢ ᠦᠩᠭᠡᠷᠡᠵᠦ᠂ | ᠳᠤᠮᠳᠠᠳᠤ ᠤᠯᠤᠰ ᠤᠨ ᠬᠥᠭᠵᠢᠯᠲᠡ ᠶᠢᠨ ᠰᠢᠨ᠎ᠡ ᠡᠷᠡᠨ ᠵᠠᠭᠤᠨ ᠢ ᠨᠡᠭᠡᠭᠡᠭᠰᠡᠨ ᠢ ᠳᠠᠶᠠᠩ ᠳᠡᠯᠡᠬᠡᠢ ᠳᠤ ᠲᠥᠪ | ᠴᠢᠩᠭ᠎ᠠ ᠪᠠᠷ ᠲᠤᠩᠬᠠᠭᠯᠠᠭᠰᠠᠨ ᠪᠠᠶᠢᠨ᠎ᠠ ᠭᠡᠵᠡᠢ᠃ ᠬᠤᠷᠠᠯ ᠠᠴᠠ ᠳᠤᠷᠠᠳᠬᠤ ᠳᠠᠭᠠᠨ᠂ ᠨᠡᠶᠢᠭᠡᠮ ᠵᠢᠷᠤᠮ ᠤᠨ | ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠨᠠᠮ ᠳᠤ ᠲᠤᠯᠭᠠᠷᠠᠭᠰᠠᠨ ᠭᠤᠣᠯ ᠡᠭᠦᠷᠭᠡ | ᠪᠣᠯ ᠰᠢᠨ᠎ᠡ ᠠᠷᠠᠳᠴᠢᠯᠠᠭᠰᠠᠨ ᠶᠤᠰᠤᠨ ᠠᠴᠠ ᠨᠡᠶᠢᠭᠡᠮ ᠵᠢᠷᠤᠮ ᠳᠤ ᠰᠢᠯᠵᠢᠬᠦ ᠶᠢ ᠪᠡᠶᠡᠯᠡᠭᠦᠯᠦᠨ᠂ ᠨᠡᠶᠢᠭᠡᠮ ᠵᠢᠷᠤᠮᠲᠤ | ᠬᠤᠪᠢᠰᠬᠠᠯ ᠬᠢᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯ ᠢ ᠪᠡᠶᠡᠯᠡᠭᠦᠯᠬᠦ ᠳᠤ ᠤᠯᠤᠰ ᠲᠥᠷᠥ ᠶᠢᠨ ᠦᠨᠳᠦᠰᠦᠨ ᠤᠷᠢᠳᠠᠯ | ᠪᠣᠯᠣᠨ ᠪᠠᠶᠢᠭᠤᠯᠤᠯ ᠤᠨ ᠰᠠᠭᠤᠷᠢ ᠲᠠᠯᠪᠢᠬᠤ ᠶᠠᠪᠤᠳᠠᠯ ᠪᠣᠯᠣᠨ᠎ᠠ᠃ ᠡᠨᠡ ᠴᠠᠭ ᠦᠶ᠎ᠡ ᠳᠤ᠂ ᠨᠥᠬᠦᠷ ᠮᠠᠤ ᠽᠧ | ᠳ᠋ᠦᠩ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠨᠡᠶᠢᠭᠡᠮ ᠵᠢᠷᠤᠮᠲᠤ | ᠪᠦᠲᠦᠭᠡᠨ ᠪᠠᠶᠢᠭᠤᠯᠤᠯᠲᠠ ᠶᠢᠨ ᠲᠤᠬᠠᠢ ᠠᠯᠢ ᠣᠯᠠᠨ ᠴᠢᠬᠤᠯᠠ ᠦᠵᠡᠯ ᠰᠠᠨᠠᠭ᠎ᠠ ᠶᠢ ᠳᠤᠷᠠᠳᠴᠤ ᠭᠠᠷᠭᠠᠭᠰᠠᠨ ᠶᠤᠮ | ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠲᠤ | ᠪᠦᠲᠦᠭᠡᠯᠴᠢ ᠪᠠᠷ ᠬᠡᠷᠡᠭᠵᠢᠭᠦᠯᠦᠭᠰᠡᠨ ᠪᠠ ᠬᠥᠭᠵᠢᠭᠦᠯᠦᠭᠰᠡᠨ ᠶᠠᠪᠤᠳᠠᠯ ᠪᠣᠯᠣᠨ᠎ᠠ᠂ ᠦᠢᠯᠡᠳᠦᠯᠭᠡ ᠪᠠᠷ | ᠭᠡᠷᠡᠴᠢᠯᠡᠭᠳᠡᠭᠰᠡᠨ ᠳᠤᠮᠳᠠᠳᠤ ᠤᠯᠤᠰ ᠤᠨ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠲᠤᠬᠠᠢ ᠵᠥᠪ | ᠣᠨᠣᠪᠴᠢᠲᠠᠢ ᠣᠨᠣᠯ ᠤᠨ ᠵᠠᠷᠴᠢᠮ ᠪᠣᠯᠣᠨ ᠲᠤᠷᠰᠢᠯᠭ᠎ᠠ ᠶᠢᠨ ᠳ᠋ᠦᠩᠨᠡᠯᠲᠡ ᠪᠣᠯᠣᠨ᠎ᠠ᠂ ᠮᠠᠷᠺᠰ ᠤᠨ ᠦᠵᠡᠯ ᠢ | ᠳᠤᠮᠳᠠᠳᠤ ᠤᠯᠤᠰ ᠤᠨ ᠪᠣᠯᠭᠠᠭᠰᠠᠨ ᠠᠩᠬᠠᠨ ᠤ ᠲᠡᠦᠬᠡᠲᠦ ᠴᠢᠨᠠᠷ ᠲᠠᠢ ᠦᠰᠦᠷᠦᠯᠲᠡ ᠪᠣᠯᠣᠨ᠎ᠠ᠃ ᠨᠠᠮ ᠠᠷᠠᠳ | ᠲᠦᠮᠡᠨ ᠢ ᠤᠳᠤᠷᠢᠳᠤᠨ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠴᠢᠷᠮᠠᠶᠢᠵᠤ᠂ ᠨᠡᠶᠢᠭᠡᠮ | ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠴᠣᠭᠴᠠᠯᠠᠨ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠠᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ | ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠤᠨ᠂ ᠬᠥᠮᠥᠨ ᠠᠮᠠ ᠣᠯᠠᠨᠲᠠᠢ | ᠳᠣᠷᠣᠨᠠᠳᠠᠬᠢᠨ ᠤ ᠲᠣᠮᠣ ᠤᠯᠤᠰ ᠶᠡᠭᠡ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠳᠠᠪᠰᠢᠭᠰᠠᠨ ᠠᠭᠤᠤ ᠶᠡᠭᠡ | ᠦᠰᠦᠷᠦᠯᠲᠡ ᠶᠢ ᠪᠡᠶᠡᠯᠡᠭᠦᠯᠦᠭᠰᠡᠨ ᠶᠤᠮ᠃ ᠮᠠᠨ ᠤ ᠤᠯᠤᠰ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ | ᠠᠵᠤ ᠦᠢᠯᠡᠳᠪᠦᠷᠢ ᠶᠢᠨ ᠰᠢᠰᠲ᠋ᠧᠮ ᠪᠣᠯᠣᠨ ᠤᠯᠤᠰ ᠠᠷᠠᠳ ᠤᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ | ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠳᠤ ᠢᠯᠡᠷᠬᠡᠢ ᠬᠤᠪᠢᠷᠠᠯᠲᠠ ᠲᠠᠢ ᠪᠣᠯᠵᠤ᠂ ᠰᠤᠷᠭᠠᠨ | ᠬᠥᠮᠥᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠨᠡᠯᠢᠶᠡᠳ | ᠶᠡᠭᠡ ᠬᠥᠭᠵᠢᠯᠲᠡ ᠲᠠᠢ ᠪᠣᠯᠵᠤ᠂ ᠠᠷᠠᠳ ᠤᠨ ᠴᠢᠯᠦᠭᠡᠯᠡᠬᠦ ᠴᠡᠷᠢᠭ ᠬᠦᠴᠦᠷᠬᠡᠭᠵᠢᠨ ᠪᠤᠵᠠᠭᠠᠶᠢᠷᠠᠵᠤ᠂ ᠬᠠᠭᠤᠴᠢᠨ | ᠳᠤᠮᠳᠠᠳᠤ ᠤᠯᠤᠰ ᠤᠨ ᠳᠣᠷᠣᠮᠵᠢᠯᠠᠭᠳᠠᠭᠰᠠᠨ ᠭᠠᠳᠠᠭᠠᠳᠤ ᠬᠠᠷᠢᠯᠴᠠᠭ᠎ᠠ ᠶᠢ ᠪᠦᠷᠢᠮᠦᠰᠦᠨ ᠡᠴᠦᠰᠯᠡᠭᠦᠯᠦᠭᠰᠡᠨ ᠶᠤᠮ᠃ | ᠳᠤᠮᠳᠠᠳᠤ ᠤᠯᠤᠰ ᠤᠨ ᠠᠷᠠᠳ ᠲᠦᠮᠡᠨ ᠨᠢᠭᠡᠨ ᠬᠠᠭᠤᠴᠢᠨ ᠶᠢᠷᠲᠢᠨᠴᠦ ᠶᠢ ᠵᠣᠷᠢᠭᠲᠠᠢ ᠪᠠᠷ ᠨᠤᠷᠠᠭᠠᠵᠤ ᠴᠢᠳᠠᠬᠤ | ᠮᠥᠷᠲᠡᠭᠡᠨ ᠰᠢᠨ᠎ᠡ ᠳᠡᠯᠡᠬᠡᠢ ᠶᠢᠷᠲᠢᠨᠴᠦ ᠶᠢ ᠵᠣᠷᠢᠭᠲᠠᠢ ᠪᠠᠷ ᠪᠠᠶᠢᠭᠤᠯᠵᠤ ᠳᠡᠶᠢᠯᠦᠨ᠎ᠡ᠂ ᠵᠥᠪᠬᠡᠨ ᠨᠡᠶᠢᠭᠡᠮ ᠵᠢᠷᠤᠮ | ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠬᠤ ᠶᠤᠮ᠂ ᠵᠥᠪᠬᠡᠨ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ | ᠬᠥᠭᠵᠢᠭᠦᠯᠵᠦ ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠡᠷᠡᠯᠬᠡᠭ ᠪᠠᠭᠠᠲᠤᠷᠯᠢᠭ ᠲᠡᠮᠡᠴᠡᠯ ᠢᠶᠠᠷ ᠢᠶᠠᠨ ᠳᠡᠯᠡᠬᠡᠢ ᠶᠢᠷᠲᠢᠨᠴᠦ ᠳᠤ ᠲᠥᠪ ᠴᠢᠩᠭ᠎ᠠ ᠪᠠᠷ ᠲᠤᠩᠬᠠᠭᠯᠠᠭᠰᠠᠨ | ᠶᠤᠮ ᠭᠡᠵᠡᠢ᠃ | ᠬᠤᠷᠠᠯ ᠠᠴᠠ ᠵᠢᠭᠠᠬᠤ ᠳᠠᠭᠠᠨ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮᠲᠤ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ᠂ ᠨᠠᠮ ᠳᠤ ᠲᠤᠯᠭᠠᠷᠠᠭᠰᠠᠨ ᠭᠤᠣᠯ | ᠡᠭᠦᠷᠭᠡ ᠪᠣᠯ ᠳᠤᠮᠳᠠᠳᠤ ᠤᠯᠤᠰ ᠨᠡᠶᠢᠭᠡᠮ ᠵᠢᠷᠤᠮ ᠢ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦ ᠶᠢ ᠴᠢᠯᠦᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ | ᠠᠩᠭᠢᠵᠢᠷᠠᠭᠤᠯᠤᠨ ᠲᠦᠷᠭᠡᠨ ᠴᠢᠨᠡᠭᠡᠯᠢᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯ ᠢ ᠪᠡᠶᠡᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦ ᠲᠠᠢ ᠪᠠᠶᠢᠭᠤᠯᠤᠯ ᠤᠨ ᠪᠠᠲᠤᠯᠠᠭ᠎ᠠ ᠪᠣᠯᠣᠨ ᠲᠦᠷᠭᠡᠨ | ᠬᠥᠭᠵᠢᠬᠦ ᠪᠣᠳᠠᠰ ᠤᠨ ᠨᠥᠬᠦᠴᠡᠯ ᠣᠯᠭᠤᠭᠰᠠᠨ ᠶᠤᠮ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ᠂ ᠨᠥᠬᠦᠷ ᠳ᠋ᠧᠩ ᠰᠢᠶᠣᠣ ᠫᠢᠩ ᠢᠶᠠᠷ ᠭᠤᠣᠯ | ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠪᠠᠨ ᠭᠦᠨᠵᠡᠭᠡᠢ ᠳ᠋ᠦᠩᠨᠡᠵᠦ᠂ | ᠨᠡᠶᠢᠭᠡᠮ ᠵᠢᠷᠤᠮ ᠭᠡᠳᠡᠭ ᠶᠠᠭᠤ ᠪᠣᠢ᠂ ᠨᠡᠶᠢᠭᠡᠮ ᠵᠢᠷᠤᠮ ᠢ ᠶᠠᠭᠠᠬᠢᠵᠤ ᠪᠠᠶᠢᠭᠤᠯᠬᠤ ᠪᠣᠢ ᠭᠡᠬᠦ ᠡᠨᠡᠬᠦ ᠦᠨᠳᠦᠰᠦᠨ | ᠠᠰᠠᠭᠤᠳᠠᠯ ᠤᠨ ᠲᠣᠭᠤᠷᠢᠨ ᠳᠤ᠂ ᠳᠡᠯᠡᠬᠡᠢ ᠶᠢᠨ ᠨᠡᠶᠢᠭᠡᠮ ᠵᠢᠷᠤᠮ ᠤᠨ ᠲᠡᠦᠬᠡ ᠶᠢᠨ ᠲᠤᠷᠰᠢᠯᠭ᠎ᠠ ᠪᠠᠷ ᠯᠠᠪᠯᠠᠯᠲᠠ | ᠪᠣᠯᠭᠠᠵᠤ᠂ ᠳ᠋ᠧᠩ ᠰᠢᠶᠣᠣ ᠫᠢᠩ ᠤᠨ ᠣᠨᠣᠯ ᠢ ᠪᠣᠢ ᠪᠣᠯᠭᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ | ᠵᠥᠪ ᠢ ᠡᠷᠢᠵᠦ᠂ ᠨᠠᠮ ᠪᠣᠯᠣᠨ ᠤᠯᠤᠰ ᠤᠨ ᠠᠵᠢᠯ ᠤᠨ ᠭᠤᠣᠯᠳᠠᠯᠭ᠎ᠠ ᠶᠢ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠲᠦ ᠴᠢᠨᠠᠷ ᠲᠠᠢ ᠰᠢᠢᠳᠪᠦᠷᠢᠲᠦ | ᠪᠣᠳᠣᠯᠭ᠎ᠠ ᠶᠢ ᠬᠡᠷᠡᠭᠵᠢᠭᠦᠯᠦᠨ᠂ ᠨᠡᠶᠢᠭᠡᠮ ᠵᠢᠷᠤᠮ ᠤᠨ ᠮᠥᠨ ᠴᠢᠨᠠᠷ ᠢ ᠭᠦᠨᠵᠡᠭᠡᠢ ᠢᠯᠡᠷᠡᠭᠦᠯᠵᠦ᠂ ᠨᠡᠶᠢᠭᠡᠮ | ᠵᠢᠷᠤᠮ ᠤᠨ ᠠᠩᠬᠠᠨ ᠤ ᠱᠠᠲᠤᠨ ᠳᠤ ᠪᠠᠶᠢᠭ᠎ᠠ ᠦᠨᠳᠦᠰᠦᠨ ᠱᠤᠭᠤᠮ ᠢ ᠲᠣᠭᠲᠠᠭᠠᠵᠤ᠂ ᠥᠪᠡᠷ ᠤᠨ ᠵᠠᠮ ᠢᠶᠠᠷ ᠪᠠᠨ | ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠢ ᠳᠤᠷᠠᠳᠤᠨ | ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠯᠢ ᠣᠯᠠᠨ | ᠦᠨᠳᠦᠰᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠬᠤᠷᠢᠳᠤᠭᠠᠷ ᠵᠠᠭᠤᠨ ᠤ ᠳᠤᠮᠳᠠ | ᠦᠶ᠎ᠡ ᠪᠣᠯᠬᠤ ᠳᠤ ᠭᠤᠷᠪᠠᠨ ᠠᠯᠬᠤᠮ ᠬᠤᠪᠢᠶᠠᠨ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠡᠶᠡᠯᠡᠭᠦᠯᠬᠦ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠨᠳᠦᠰᠦᠨ ᠳᠡᠭᠡᠨ ᠲᠤᠬᠲᠠᠭᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠶᠤᠮ ᠭᠡᠵᠡᠢ᠃ ᠪᠥᠬᠦᠳᠡ | ᠬᠤᠷᠠᠯ ᠠᠴᠠ ᠲᠤᠷᠠᠳᠬᠤ ᠳᠠᠭᠠᠨ᠂ ᠨᠠᠮ ᠤᠨ 13 ᠳ᠋ᠤᠭᠠᠷ ᠬᠤᠭᠤᠴᠠᠭᠠᠨ ᠤ ᠲᠦᠪ ᠬᠤᠷᠢᠶᠠᠨ ᠤ 4 ᠳ᠋ᠤᠭᠡᠷ | ᠪᠥᠬᠦᠳᠡ ᠬᠤᠷᠠᠯ ᠠᠴᠠ ᠨᠠᠭᠠᠰᠢ᠂ ᠨᠥᠬᠦᠷ ᠵᠢᠶᠠᠩ ᠽᠧ ᠮᠢᠨ ᠢᠶᠠᠷ ᠭᠤᠤᠯ ᠲᠦᠯᠦᠭᠡᠯᠡᠭᠴᠢ ᠪᠤᠯᠭᠠᠭᠰᠠᠨ ᠲᠤᠮᠳᠠᠳᠤ | ᠤᠯᠤᠰ ᠤᠨ ᠡᠪ ᠬᠠᠮᠳᠤᠴᠤᠳ᠂ ᠪᠥᠬᠦ ᠨᠠᠮ ᠪᠥᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠬᠦᠯᠦᠨ ᠲᠠᠭᠠᠭᠤᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ ᠴᠢᠭᠯᠡᠯᠳᠡ ᠶᠢ | ᠪᠠᠷᠢᠮᠳᠠᠯᠠᠵᠦ᠂ ᠨᠡᠶᠢᠭᠡᠮ ᠵᠢᠷᠤᠮ ᠭᠡᠵᠦ ᠶᠠᠭᠤ ᠪᠤᠢ᠂ ᠨᠡᠶᠢᠬᠡᠮ ᠵᠢᠷᠤᠮ ᠢ ᠶᠠᠭᠠᠬᠢᠵᠦ ᠪᠦᠳᠦᠭᠡᠨ ᠪᠠᠶᠢᠭᠤᠯᠬᠤ ᠪᠠ | ᠶᠠᠮᠠᠷ ᠨᠠᠮ ᠢ ᠪᠦᠳᠦᠭᠡᠨ ᠪᠠᠶᠢᠭᠤᠯᠬᠤ᠂ ᠨᠠᠮ ᠢᠶᠠᠨ ᠶᠠᠭᠠᠬᠢᠵᠦ ᠪᠦᠳᠦᠭᠡᠨ ᠪᠠᠶᠢᠭᠤᠯᠬᠤ ᠲᠠᠨᠢᠯᠳᠠ ᠶᠢ | ᠬᠦᠨᠵᠡᠭᠡᠶᠢᠷᠡᠬᠦᠯᠵᠦ᠂ ︽ᠭᠤᠷᠪᠠ ᠶᠢ ᠲᠦᠯᠦᠭᠡᠯᠡᠬᠦ ᠴᠢᠬᠤᠯᠠ ᠦᠵᠡᠯ ᠰᠠᠨᠠᠭ᠎ᠠ︾ ᠶᠢ ᠪᠦᠷᠢᠯᠳᠦᠬᠦᠯᠵᠦ᠂ | ᠤᠯᠤᠰ ᠤᠨ ᠲᠤᠳᠤᠭᠠᠳᠤ ᠭᠠᠳᠠᠭᠠᠳᠤ ᠶᠢᠨ ᠮᠠᠰᠢ ᠲᠦᠪᠡᠭ ᠪᠤᠳᠤᠯᠢᠶᠠᠨᠲᠠᠢ ᠪᠠᠶᠢᠳᠠᠯ ᠪᠠ ᠲᠡᠯᠡᠬᠡᠢ ᠶᠢᠨ ᠨᠡᠶᠢᠬᠡᠮ | ᠵᠢᠷᠤᠮᠳᠤ ᠦᠢᠯᠡᠰ ᠬᠦᠨᠳᠤ ᠨᠤᠴᠢᠲᠠᠢ ᠨᠤᠭᠤᠷᠠᠯ ᠪᠦᠳᠦᠷᠢᠯ ᠳᠤ ᠤᠴᠠᠷᠠᠭᠰᠠᠨ ᠬᠠᠳᠠᠭᠤ ᠰᠢᠯᠭᠠᠯᠳᠠ ᠶᠢᠨ ᠡᠮᠦᠨ᠎ᠡ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠬᠠᠮᠠᠭᠠᠯᠠᠵᠦ᠂ ᠨᠡᠶᠢᠬᠡᠮ ᠵᠢᠷᠤᠮᠳᠤ ᠵᠠᠬ᠎ᠠ ᠲᠡᠯᠭᠡᠬᠦᠷ ᠤᠨ | ᠠᠵᠦ ᠠᠬᠤᠢ ᠶᠢᠨ ᠰᠢᠰᠲ᠋ᠧᠮ ᠲᠤᠭᠳᠠᠴᠠ ᠶᠢᠨ ᠦᠭᠡᠷᠡᠴᠢᠯᠡᠯᠳᠡ ᠶᠢᠨ ᠬᠠᠷᠠᠯᠳᠠ ᠪᠠ ᠦᠨᠳᠦᠰᠦᠨ ᠪᠠᠶᠢᠷᠢᠰᠢᠯ ᠢ | ᠲᠤᠭᠳᠠᠭᠠᠵᠦ᠂ ᠨᠡᠶᠢᠬᠡᠮ ᠵᠢᠷᠤᠮ ᠤᠨ ᠠᠩᠬᠠᠨ ᠤ ᠱᠠᠳᠤᠨ ᠳᠠᠬᠢ ᠨᠡᠶᠢᠳᠡ ᠶᠢᠨ ᠦᠮᠴᠢᠯᠡᠯ ᠢᠶᠠᠷ ᠭᠤᠤᠯ ᠴᠤᠭᠴᠠ | ᠪᠤᠯᠭᠠᠭᠰᠠᠨ᠂ ᠤᠯᠠᠨ ᠵᠦᠢᠯ ᠤᠨ ᠦᠮᠴᠢᠯᠡᠯ ᠤᠨ ᠠᠵᠦ ᠠᠬᠤᠢ ᠵᠡᠷᠭᠡᠪᠡᠷ ᠬᠦᠭᠵᠢᠭᠰᠡᠨ ᠠᠵᠦ ᠠᠬᠤᠢ ᠶᠢᠨ | ᠦᠨᠳᠦᠰᠦᠨ ᠲᠦᠷᠢᠮ ᠪᠠ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠤᠭᠴᠠ ᠪᠤᠯᠭᠠᠭᠰᠠᠨ | ᠂ ᠤᠯᠠᠨ ᠵᠦᠢᠯ ᠤᠨ ᠬᠤᠪᠢᠶᠠᠷᠢᠯᠠᠯᠳᠠ ᠶᠢᠨ ᠬᠡᠯᠪᠡᠷᠢ ᠵᠡᠷᠭᠡᠪᠡᠷ ᠤᠷᠤᠰᠢᠭᠰᠠᠨ ᠬᠤᠪᠢᠶᠠᠷᠢᠯᠠᠯᠳᠠ ᠶᠢᠨ ᠲᠦᠷᠢᠮ ᠢ | ᠲᠤᠭᠳᠠᠭᠠᠵᠦ᠂ ᠪᠥᠬᠦ ᠲᠠᠯ᠎ᠠ ᠪᠠᠷ ᠦᠭᠡᠷᠡᠴᠢᠯᠡᠯᠳᠡ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠤᠢ ᠪᠤᠯᠭᠠᠵᠦ᠂ ᠨᠠᠮ ᠤᠨ | ᠪᠠᠶᠢᠭᠤᠯᠤᠯᠳᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠠᠬᠢᠭᠤᠯᠵᠦ᠂ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠢ ᠬᠤᠷᠢᠨ ᠨᠢᠭᠡᠳᠦᠭᠡᠷ ᠵᠠᠭᠤᠨ ᠳᠤ ᠠᠮᠵᠢᠯᠳᠠ ᠲᠠᠢ ᠠᠬᠢᠭᠤᠯᠤᠭᠰᠠᠨ ᠶᠤᠮ ᠭᠡᠵᠠᠢ᠃ ᠪᠥᠬᠦᠳᠡ | ᠬᠤᠷᠠᠯ ᠠᠴᠠ ᠲᠤᠷᠠᠳᠬᠤ ᠳᠠᠭᠠᠨ᠂ ᠨᠠᠮ ᠤᠨ 16 ᠳ᠋ᠤᠭᠠᠷ ᠶᠡᠭᠡ ᠬᠤᠷᠠᠯ ᠠᠴᠠ ᠨᠠᠭᠠᠰᠢ᠂ ᠨᠥᠬᠦᠷ ᠬᠤ᠋ ᠶᠢᠨ | ᠲᠤᠤ ᠪᠠᠷ ᠭᠤᠤᠯ ᠲᠦᠯᠦᠭᠡᠯᠡᠭᠴᠢ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤᠴᠤᠳ᠂ ᠪᠥᠬᠦ ᠨᠠᠮ ᠪᠥᠬᠦ | ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠦ᠂ ᠴᠢᠨᠡᠭᠡᠯᠢᠭ | ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠶᠠᠪᠤᠴᠠ ᠳᠠᠭᠠᠨ ᠦᠢᠯᠡᠳᠦᠯᠭᠡ ᠶᠢᠨ ᠡᠬᠦᠳᠦᠯᠳᠡ ᠰᠢᠨᠡᠴᠢᠯᠡᠯᠳᠡ᠂ | ᠤᠨᠤᠯ ᠤᠨ ᠡᠬᠦᠳᠦᠯᠳᠡ ᠰᠢᠨᠡᠴᠢᠯᠡᠯᠳᠡ᠂ ᠲᠦᠷᠢᠮ ᠤᠨ ᠡᠬᠦᠳᠦᠯᠳᠡ ᠰᠢᠨᠡᠴᠢᠯᠡᠯᠳᠡ ᠶᠢ ᠠᠬᠢᠭᠤᠯᠵᠦ᠂ ᠰᠢᠨ᠎ᠡ | ᠪᠠᠶᠢᠳᠠᠯ ᠲᠤᠤᠷ᠎ᠠ ᠶᠠᠮᠠᠷ ᠬᠦᠭᠵᠢᠯᠳᠡ ᠶᠢ ᠪᠡᠶᠡᠯᠡᠬᠦᠯᠬᠦ᠂ ᠶᠠᠭᠠᠬᠢᠵᠦ ᠬᠦᠭᠵᠢᠬᠦ ᠵᠡᠷᠭᠡ ᠴᠢᠬᠤᠯᠠ ᠶᠡᠭᠡ ᠠᠰᠠᠭᠤᠳᠠᠯ ᠢ | ᠬᠦᠨᠵᠡᠭᠡᠢ ᠲᠠᠨᠢᠬᠤ ᠶᠢᠨ ᠵᠡᠷᠭᠡᠪᠡᠷ ᠬᠠᠷᠢᠭᠤᠯᠳᠠ ᠦᠭᠴᠦ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ | ᠪᠦᠷᠢᠯᠳᠦᠬᠦᠯᠵᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠵᠠᠪᠳᠤᠨ᠂ ᠪᠥᠬᠦ | ᠬᠦᠴᠤᠨ ᠢᠶᠠᠨ ᠲᠦᠪᠯᠡᠷᠡᠬᠦᠯᠦᠨ ᠪᠦᠳᠦᠭᠡᠨ ᠪᠠᠶᠢᠭᠤᠯᠤᠯᠳᠠ ᠬᠢᠵᠦ᠂ ᠨᠢᠭᠡ ᠰᠡᠳᠬᠢᠯ ᠨᠢᠭᠡ ᠵᠤᠷᠢᠭ ᠢᠶᠠᠷ | ᠬᠦᠭᠵᠢᠯᠳᠡ ᠶᠢ ᠡᠷᠢᠯᠬᠢᠯᠡᠨ᠂ ᠬᠦᠮᠦᠨ ᠠᠷᠠᠳ ᠢᠶᠠᠷ ᠦᠨᠳᠦᠰᠦ ᠰᠠᠭᠤᠷᠢ ᠪᠤᠯᠭᠠᠬᠤ᠂ ᠪᠥᠬᠦ ᠲᠠᠯ᠎ᠠ ᠪᠠᠷ | ᠵᠤᠬᠢᠴᠠᠭᠤᠯᠤᠨ ᠲᠤᠭᠳᠠᠪᠤᠷᠢᠲᠠᠢ ᠬᠦᠭᠵᠢᠬᠦ᠂ ᠠᠷᠠᠳ ᠤᠨ ᠠᠵᠦ ᠠᠮᠢᠳᠤᠷᠠᠯ ᠢ ᠬᠦᠴᠤ ᠲᠠᠯᠪᠢᠨ ᠪᠠᠳᠤᠯᠠᠨ | ᠰᠠᠶᠢᠵᠢᠷᠠᠭᠤᠯᠬᠤ ᠶᠢ ᠪᠠᠷᠢᠮᠳᠠᠯᠠᠵᠦ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠵᠦ᠂ ᠨᠠᠮ ᠤᠨ | ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠳᠠ ᠪᠠ ᠲᠡᠷᠢᠬᠦᠨ ᠤ ᠴᠢᠨᠠᠷ ᠤᠨ ᠪᠠᠶᠢᠭᠤᠯᠤᠯᠳᠠ ᠶᠢ ᠠᠬᠢᠭᠤᠯᠤᠭᠠᠳ᠂ | ᠰᠢᠨ᠎ᠡ ᠪᠠᠶᠢᠳᠠᠯ ᠲᠤᠤᠷ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠠᠮᠵᠢᠯᠳᠠ ᠲᠠᠢ ᠪᠠᠷᠢᠮᠳᠠᠯᠠᠨ | ᠬᠦᠭᠵᠢᠬᠦᠯᠦᠭᠰᠡᠨ ᠶᠤᠮ ᠭᠡᠵᠠᠢ᠃ ᠪᠥᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠴᠠᠭ ᠦᠶ᠎ᠡ ᠳᠤ | ᠨᠠᠮ ᠠᠴᠠ ᠰᠢᠨ᠎ᠡ ᠦᠢᠯᠡᠳᠦᠯᠭᠡ ᠪᠠ ᠴᠠᠭ ᠦᠶ᠎ᠡ ᠶᠢᠨ ᠤᠨᠴᠠᠯᠢᠭ ᠠᠴᠠ ᠭᠠᠷᠳᠠᠨ ᠮᠠᠷᠺᠰ ᠤᠨ ᠦᠵᠡᠯ ᠢ ᠪᠠᠷᠢᠮᠳᠠᠯᠠᠨ | ᠬᠦᠭᠵᠢᠬᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠦᠭᠵᠢᠯᠳᠡ ᠶᠢᠨ ᠵᠠᠮᠨᠠᠯ ᠢ | ᠪᠠᠶᠢᠭᠤᠯᠬᠤ᠂ ᠬᠦᠭᠵᠢᠯᠳᠡ ᠶᠢᠨ ᠱᠠᠳᠤ ᠦᠶ᠎ᠡ᠂ ᠦᠨᠳᠦᠰᠦᠨ ᠡᠬᠦᠷᠭᠡ᠂ ᠬᠦᠭᠵᠢᠯᠳᠡ ᠶᠢᠨ ᠬᠦᠳᠡᠯᠭᠡᠭᠴᠢ ᠬᠦᠴᠤᠨ | ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠤᠯᠤᠰ ᠲᠦᠷᠦ ᠶᠢᠨ ᠪᠠᠳᠤᠯᠠᠭ᠎ᠠ᠂ ᠡᠬᠡ ᠤᠯᠤᠰ ᠤᠨ ᠨᠢᠭᠡᠳᠤᠯ᠂ | ᠭᠠᠳᠠᠭᠠᠳᠤ ᠬᠠᠷᠢᠯᠴᠠᠭ᠎ᠠ ᠪᠠ ᠤᠯᠠᠨ ᠤᠯᠤᠰ ᠤᠨ ᠪᠠᠶᠢᠯᠳᠤᠬᠤ ᠪᠤᠳᠤᠯᠭ᠎ᠠ᠂ ᠤᠳᠤᠷᠢᠳᠬᠤ ᠬᠦᠴᠤᠨ ᠪᠠ | ᠲᠦᠰᠢᠭᠯᠡᠬᠦ ᠬᠦᠴᠤᠨ ᠵᠡᠷᠭᠡ ᠠᠯᠢ ᠤᠯᠠᠨ ᠦᠨᠳᠦᠰᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠳᠠ | ᠦᠭᠴᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠬᠦᠯᠵᠦ᠂ | ᠮᠠᠷᠺᠰ ᠤᠨ ᠦᠵᠡᠯ ᠢ ᠲᠤᠮᠳᠠᠳᠤ ᠤᠯᠤᠰ ᠤᠨ ᠪᠤᠯᠭᠠᠬᠤ ᠰᠢᠨ᠎ᠡ ᠦᠰᠦᠷᠦᠯᠳᠡ ᠶᠢ ᠪᠡᠶᠡᠯᠡᠬᠦᠯᠦᠭᠰᠡᠨ ᠪᠠᠶᠢᠨ᠎ᠠ᠃ | ᠨᠠᠮ ᠠᠴᠠ ᠠᠷᠠᠳ ᠲᠦᠮᠡᠨ ᠢ ᠤᠳᠤᠷᠢᠳᠤᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠤᠷᠢᠭᠲᠠᠢ ᠪᠠᠷ ᠤᠷᠤᠭᠰᠢᠯᠠᠨ᠂ | ᠦᠭᠡᠷᠡᠴᠢᠯᠡᠯᠳᠡ ᠨᠡᠭᠡᠭᠡᠯᠳᠡ ᠪᠠ ᠨᠡᠶᠢᠬᠡᠮ ᠵᠢᠷᠤᠮᠳᠤ ᠤᠳᠤᠬᠢᠴᠢᠯᠠᠬᠤ ᠪᠠᠶᠢᠭᠤᠯᠤᠯᠳᠠ ᠶᠢᠨ ᠠᠭᠤᠤ ᠶᠡᠭᠡ ᠠᠮᠵᠢᠯᠳᠠ | ᠪᠦᠳᠦᠮᠵᠢ ᠶᠢ ᠲᠡᠮᠡᠴᠡᠨ ᠤᠯᠵᠦ᠂ ᠮᠠᠨ ᠤ ᠤᠯᠤᠰ ᠨᠢ ᠲᠡᠭᠡᠳᠤ ᠬᠡᠮᠵᠢᠶᠡᠨ ᠳᠤ ᠲᠦᠪᠯᠡᠷᠡᠭᠰᠡᠨ ᠲᠦᠯᠦᠪᠯᠡᠭᠡᠳᠤ ᠠᠵᠦ | ᠠᠬᠤᠢ ᠶᠢᠨ ᠰᠢᠰᠲ᠋ᠧᠮ ᠠᠴᠠ ᠪᠠᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠡᠶᠢᠬᠡᠮ ᠵᠢᠷᠤᠮᠳᠤ ᠵᠠᠬ᠎ᠠ | ᠲᠡᠯᠭᠡᠬᠦᠷ ᠤᠨ ᠠᠵᠦ ᠠᠬᠤᠢ ᠶᠢᠨ ᠰᠢᠰᠲ᠋ᠧᠮ ᠤᠷᠤᠭᠤ ᠰᠢᠯᠵᠢᠵᠦ᠂ ᠪᠢᠳᠡᠬᠦᠮᠵᠢᠯᠡᠭᠰᠡᠨ ᠪᠤᠶᠤ ᠬᠠᠭᠠᠰ | ᠪᠢᠳᠡᠬᠦᠮᠵᠢᠯᠡᠭᠰᠡᠨ ᠪᠠᠶᠢᠳᠠᠯ ᠠᠴᠠ ᠪᠠᠨ ᠪᠥᠬᠦ ᠲᠠᠯ᠎ᠠ ᠪᠠᠷ ᠨᠡᠭᠡᠭᠡᠯᠳᠡ ᠬᠢᠭᠰᠡᠨ ᠲᠡᠤᠭᠡᠳᠤ ᠴᠢᠨᠠᠷᠲᠠᠢ ᠬᠤᠪᠢᠷᠠᠯᠳᠠ ᠶᠢ | ᠪᠡᠶᠡᠯᠡᠬᠦᠯᠵᠦ᠂ ᠦᠢᠯᠡᠳᠪᠤᠷᠢᠯᠡᠯ ᠤᠨ ᠬᠦᠴᠤᠨ ᠬᠠᠷᠢᠴᠠᠩᠭᠤᠢ ᠬᠤᠴᠤᠷᠤᠩᠭᠤᠢ ᠪᠠᠶᠢᠭᠰᠠᠨ ᠠᠴᠠ ᠪᠠᠨ ᠠᠵᠦ | ᠠᠬᠤᠢ ᠶᠢᠨ ᠶᠡᠷᠦᠩᠬᠡᠢ ᠬᠡᠮᠵᠢᠶ᠎ᠠ ᠪᠠᠷ ᠢᠶᠠᠨ ᠪᠥᠬᠦ ᠲᠡᠯᠡᠬᠡᠢ ᠳᠤ ᠬᠤᠶᠠᠳᠤᠭᠠᠷ ᠲᠤ ᠤᠷᠤᠭᠰᠠᠨ ᠲᠡᠤᠭᠡᠳᠤ | ᠰᠢᠪᠳᠤᠯᠤᠯᠳᠠ ᠶᠢ ᠪᠡᠶᠡᠯᠡᠬᠦᠯᠵᠦ᠂ ᠠᠷᠠᠳ ᠤᠨ ᠠᠵᠦ ᠠᠮᠢᠳᠤᠷᠠᠯ ᠢᠳᠡᠵᠦ ᠡᠮᠦᠰᠬᠦ ᠳᠡᠭᠡᠨ ᠬᠦᠷᠦᠯᠴᠡᠬᠦ ᠦᠬᠡᠢ | ᠪᠠᠶᠢᠭᠰᠠᠨ ᠠᠴᠠ ᠶᠡᠷᠦᠩᠬᠡᠢ ᠳᠡᠭᠡᠨ ᠴᠢᠨᠡᠭᠡᠯᠢᠭᠵᠢᠵᠦ᠂ ᠨᠡᠩ ᠴᠢᠨᠠᠭᠰᠢᠯᠠᠨ ᠪᠥᠬᠦ ᠲᠠᠯ᠎ᠠ ᠪᠠᠷ ᠴᠢᠨᠡᠭᠡᠯᠢᠭᠵᠢᠭᠰᠡᠨ | ᠲᠡᠤᠭᠡᠳᠤ ᠴᠢᠨᠠᠷᠲᠠᠢ ᠦᠰᠦᠷᠦᠯᠳᠡ ᠶᠢ ᠪᠡᠶᠡᠯᠡᠬᠦᠯᠵᠦ᠂ ᠲᠤᠮᠳᠠᠳᠤ ᠶᠢᠨ ᠦᠨᠳᠦᠰᠦᠳᠡᠨ ᠪᠤᠰᠴᠦ | ᠵᠤᠭᠰᠤᠭᠰᠠᠨ ᠠᠴᠠ ᠪᠠᠨ ᠪᠠᠶᠠᠵᠢᠨ ᠴᠢᠨᠡᠭᠡᠯᠢᠭᠵᠢᠭᠰᠡᠨ ᠠᠭᠤᠤ ᠶᠡᠭᠡ ᠦᠰᠦᠷᠦᠯᠳᠡ ᠶᠢ ᠪᠡᠶᠡᠯᠡᠬᠦᠯᠦᠭᠰᠡᠨ ᠶᠤᠮ᠃ | ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠡᠷᠡᠯᠭᠡᠭ ᠪᠠᠭᠠᠳᠤᠷᠯᠢᠭ | ᠲᠡᠮᠡᠴᠡᠯ ᠢᠶᠠᠷ ᠢᠶᠠᠨ ᠦᠭᠡᠷᠡᠴᠢᠯᠡᠯᠳᠡ ᠨᠡᠭᠡᠭᠡᠯᠳᠡ ᠪᠤᠯ ᠤᠳᠤ ᠦᠶ᠎ᠡ ᠶᠢᠨ ᠲᠤᠮᠳᠠᠳᠤ ᠤᠯᠤᠰ ᠤᠨ ᠢᠷᠡᠭᠡᠳᠤᠢ ᠶᠢᠨ | ᠬᠤᠪᠢ ᠵᠠᠶᠠᠭ᠎ᠠ ᠶᠢ ᠲᠤᠭᠳᠠᠭᠠᠭᠰᠠᠨ ᠵᠠᠩᠬᠢᠯᠠᠭ᠎ᠠ ᠶᠢᠨ ᠠᠷᠭ᠎ᠠ ᠬᠡᠮᠵᠢᠶ᠎ᠠ ᠮᠦᠨ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠵᠠᠮᠨᠠᠯ ᠪᠤᠯ ᠲᠤᠮᠳᠠᠳᠤ ᠤᠯᠤᠰ ᠢ ᠵᠢᠯᠤᠭᠤᠳᠤᠨ ᠬᠦᠭᠵᠢᠬᠦᠯᠦᠨ ᠴᠡᠴᠡᠭᠯᠡᠬᠦᠯᠬᠦ | ᠵᠦᠪ ᠤᠨᠤᠪᠴᠢᠲᠠᠢ ᠵᠠᠮᠨᠠᠯ ᠮᠦᠨ᠂ ᠲᠤᠮᠳᠠᠳᠤ ᠤᠯᠤᠰ ᠢᠳᠡᠷᠬᠦᠨ ᠠᠯᠬᠤᠭ᠎ᠠ ᠪᠠᠷ ᠢᠶᠠᠨ ᠴᠠᠭ ᠦᠶ᠎ᠡ ᠲᠠᠢ ᠵᠡᠷᠭᠡᠴᠡᠨ | ᠤᠷᠤᠭᠰᠢᠯᠠᠯᠠ ᠭᠡᠳᠡᠭ ᠢ ᠲᠡᠯᠡᠬᠡᠢ ᠨᠡᠶᠢᠳᠡ ᠳᠤ ᠲᠦᠪ ᠴᠢᠩᠭ᠎ᠠ ᠪᠠᠷ ᠲᠤᠩᠬᠠᠭᠯᠠᠭᠰᠠᠨ ᠶᠤᠮ ᠭᠡᠵᠠᠢ᠃ | ᠪᠦᠬᠦᠳᠡ ᠬᠤᠷᠠᠯ ᠠᠴᠠ ᠲᠤᠷᠠᠳᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠲᠡᠪᠰᠢᠨ | ᠤᠷᠤᠯ᠎ᠠ᠃ ᠨᠠᠮ ᠳᠤ ᠲᠤᠯᠭᠠᠷᠠᠵᠤ ᠪᠠᠶᠢᠬᠤ ᠭᠤᠤᠯ ᠡᠬᠦᠷᠭᠡ ᠪᠤᠯ ᠠᠩᠬᠠᠨ ᠤ ᠵᠠᠭᠤᠨ ᠵᠢᠯ ᠤᠨ ᠲᠡᠮᠡᠴᠡᠯ ᠤᠨ | ᠬᠠᠷᠠᠯᠳᠡ ᠶᠢ ᠪᠡᠶᠡᠯᠡᠬᠦᠯᠵᠦ᠂ ᠬᠤᠶᠠᠳᠡᠬᠢ ᠵᠠᠭᠤᠨ ᠵᠢᠯ ᠤᠨ ᠲᠡᠮᠡᠴᠡᠯ ᠤᠨ ᠬᠠᠷᠠᠯᠳᠡ ᠶᠢ ᠪᠡᠶᠡᠯᠡᠬᠦᠯᠬᠦ ᠰᠢᠨ᠎ᠡ ᠠᠶᠠᠨ ᠢ | ᠡᠬᠢᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠡ ᠶᠢ | ᠪᠡᠶᠡᠯᠡᠬᠦᠯᠬᠦ ᠶᠢᠨ ᠲᠦᠯᠦᠬᠡ ᠦᠷᠬᠦᠯᠵᠢᠯᠡᠨ ᠤᠷᠤᠭᠰᠢᠯᠠᠬᠤ ᠶᠠᠪᠤᠳᠠᠯ ᠪᠤᠯᠤᠨ᠎ᠡ᠃ ᠨᠠᠮ ᠠᠴᠠ ᠠᠷᠠᠳ ᠲᠦᠮᠡᠨ ᠢ | ᠤᠳᠤᠷᠢᠳᠤᠨ ᠢᠳᠡᠬᠡᠯ ᠵᠤᠷᠢᠭ ᠢᠶᠠᠨ ᠬᠦᠪᠴᠢᠯᠡᠨ ᠪᠡᠶ᠎ᠡ ᠪᠠᠨ ᠲᠠᠭᠠᠭᠠᠵᠤ ᠬᠦᠴᠦᠷᠭᠡᠭᠵᠢᠵᠦ᠂ ᠦᠨᠡᠨ ᠢ ᠪᠠᠷᠢᠮᠳᠠᠯᠠᠨ | ᠰᠢᠨ᠎ᠡ ᠶᠢ ᠡᠬᠦᠳᠴᠦ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠠᠭᠤᠤ ᠶᠡᠭᠡ ᠠᠮᠵᠢᠯᠳᠡ ᠶᠢ ᠪᠤᠢ ᠪᠤᠯᠭᠠᠭᠰᠠᠨ ᠪᠠᠶᠢᠨ᠎ᠠ ᠬᠡᠵᠠᠢ᠃ ᠪᠦᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ | ᠨᠦᠬᠦᠷ ᠰᠢ ᠶᠢᠨ ᠫᠢᠩ ᠢᠶᠠᠷ ᠭᠤᠤᠯ ᠲᠦᠯᠦᠬᠡᠯᠡᠭᠴᠢ ᠪᠤᠯᠭᠠᠭᠰᠠᠨ ᠲᠤᠮᠳᠠᠳᠤ ᠤᠯᠤᠰ ᠤᠨ ᠡᠪ ᠬᠠᠮᠳᠤᠴᠤᠳ | ᠮᠠᠷᠺᠰ ᠤᠨ ᠦᠵᠡᠯ ᠤᠨ ᠦᠨᠳᠦᠰᠦᠨ ᠤᠨᠤᠯ ᠢ ᠲᠤᠮᠳᠠᠳᠤ ᠤᠯᠤᠰ ᠤᠨ ᠪᠤᠳᠠᠳᠤ ᠪᠠᠶᠢᠳᠡᠯ ᠲᠠᠢ ᠤᠶᠠᠯᠳᠤᠭᠤᠯᠤᠨ᠂ | ᠲᠤᠮᠳᠠᠳᠤ ᠶᠢᠨ ᠰᠢᠯᠢᠳᠡᠭ ᠤᠯᠠᠮᠵᠢᠯᠡᠯᠳᠤ ᠰᠤᠶᠤᠯ ᠲᠠᠢ ᠤᠶᠠᠯᠳᠤᠭᠤᠯᠬᠤ ᠶᠢ ᠪᠠᠷᠢᠮᠳᠠᠯᠠᠵᠤ᠂ ᠮᠠᠦ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠬᠡᠯᠡᠬᠦ︾ ᠴᠢᠬᠤᠯᠡ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠵᠤ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ | ᠲᠡᠤᠭᠡᠨ ᠲᠤᠷᠰᠢᠯᠭ᠎ᠠ ᠶᠢ ᠬᠦᠨᠵᠡᠬᠡᠢ ᠳ᠋ᠦᠩᠨᠡᠨ ᠬᠦᠢᠴᠡᠳ ᠠᠰᠢᠭᠯᠠᠵᠤ᠂ ᠰᠢᠨ᠎ᠡ ᠪᠤᠳᠠᠳᠤ ᠪᠠᠶᠢᠳᠡᠯ ᠠᠴᠠ ᠡᠬᠦᠰᠦᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠶᠢ ᠡᠬᠦᠳᠦᠭᠰᠡᠨ ᠪᠠᠶᠢᠨ᠎ᠠ᠃ ᠨᠦᠬᠦᠷ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠲᠦᠷᠦ ᠶᠢᠨ ᠠᠵᠢᠯ | ᠦᠢᠯᠡᠰ ᠤᠨ ᠬᠦᠭᠵᠢᠯᠳᠡ ᠲᠠᠢ ᠬᠤᠯᠪᠤᠭᠳᠠᠭᠰᠠᠨ ᠠᠯᠢ ᠤᠯᠠᠨ ᠴᠢᠬᠤᠯᠡ ᠶᠡᠭᠡ ᠤᠨᠤᠯ ᠪᠤᠯᠤᠨ ᠦᠢᠯᠡᠳᠦᠯᠬᠡ ᠶᠢᠨ | ᠠᠰᠠᠭᠤᠳᠡᠯ ᠤᠨ ᠲᠠᠯ᠎ᠠ ᠪᠠᠷ ᠬᠦᠨᠵᠡᠬᠡᠢ ᠰᠡᠳᠬᠢᠨ ᠪᠤᠳᠤᠯᠬᠢᠯᠠᠵᠦ᠂ ᠰᠢᠨᠵᠢᠯᠡᠬᠦ ᠤᠬᠠᠭᠠᠨᠴᠢ ᠮᠠᠭᠠᠳᠯᠠᠯᠳᠠ ᠭᠠᠷᠭᠠᠵᠤ᠂ | ᠰᠢᠨ᠎ᠡ ᠴᠠᠭ ᠦᠶ᠎ᠡ ᠳᠤ ᠶᠠᠮᠠᠷ ᠮᠠᠶ᠋ᠢᠭ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ | ᠬᠦᠭᠵᠢᠬᠦᠯᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠬᠡᠷᠬᠢᠨ ᠪᠠᠷᠢᠮᠳᠠᠯᠠᠨ ᠬᠦᠭᠵᠢᠬᠦᠯᠬᠦ᠂ | ᠶᠠᠮᠠᠷ ᠮᠠᠶ᠋ᠢᠭ ᠤᠨ ᠨᠡᠶᠢᠬᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠪᠠᠶᠢᠭᠤᠯᠬᠤ᠂ ᠨᠡᠶᠢᠬᠡᠮ | ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠬᠡᠷᠬᠢᠨ ᠪᠠᠶᠢᠭᠤᠯᠬᠤ᠂ ᠶᠠᠮᠠᠷ ᠮᠠᠶ᠋ᠢᠭ ᠤᠨ ᠤᠷᠳᠤ | ᠬᠤᠭᠤᠴᠠᠭ᠎ᠠ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠳᠤ ᠬᠤᠭᠤᠴᠠᠭ᠎ᠠ | ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ ᠴᠢᠬᠤᠯᠡ ᠶᠡᠭᠡ ᠴᠠᠭ | ᠦᠶ᠎ᠡ ᠶᠢᠨ ᠵᠦᠪᠯᠡᠬᠦ ᠰᠡᠳᠤᠪ ᠤᠳ ᠤᠨ ᠲᠤᠬᠠᠢ ᠠᠯᠢ ᠤᠯᠠᠨ ᠡᠬᠦᠳᠦᠯᠳᠡ ᠶᠢᠨ ᠴᠢᠨᠡᠷᠳᠡᠢ ᠲᠦᠷᠦ ᠤᠯᠤᠰ ᠢᠶᠠᠨ | ᠵᠠᠰᠠᠬᠤ ᠰᠢᠨ᠎ᠡ ᠦᠵᠡᠯᠳᠡ᠂ ᠰᠢᠨ᠎ᠡ ᠦᠵᠡᠯ ᠰᠠᠨᠠᠭ᠎ᠠ ᠪᠤᠯᠤᠨ ᠰᠢᠨ᠎ᠡ ᠪᠠᠶᠢᠯᠳᠤᠬᠤ ᠪᠤᠳᠤᠯᠭ᠎ᠠ ᠶᠢ ᠲᠤᠷᠠᠳᠤᠨ | ᠭᠠᠷᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭᠠᠨ ᠤ ᠭᠤᠤᠯ ᠡᠬᠦᠳᠦᠭᠴᠢ ᠪᠤᠯᠬᠤ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠤᠳᠤ ᠦᠶ᠎ᠡ ᠶᠢᠨ ᠮᠠᠷᠺᠰ ᠤᠨ | ᠦᠵᠡᠯ᠂ ᠬᠤᠷᠢᠨ ᠨᠢᠬᠡᠳᠦᠭᠡᠷ ᠵᠠᠭᠤᠨ ᠤ ᠮᠠᠷᠺᠰ ᠤᠨ ᠦᠵᠡᠯ ᠪᠤᠯᠬᠤ ᠪᠠᠷ ᠪᠠᠷᠠᠬᠤ ᠦᠬᠡᠢ ᠮᠦᠨᠴᠦ ᠲᠤᠮᠳᠠᠳᠤ ᠶᠢᠨ | ᠰᠤᠶᠤᠯ ᠪᠤᠯᠤᠨ ᠲᠤᠮᠳᠠᠳᠤ ᠤᠯᠤᠰ ᠤᠨ ᠵᠤᠷᠢᠭ ᠰᠠᠨᠠᠭᠠᠨ ᠤ ᠴᠠᠭ ᠦᠶ᠎ᠡ ᠶᠢᠨ ᠤᠬᠢ ᠰᠢᠮ᠎ᠡ ᠪᠠᠶᠢᠵᠦ᠂ ᠮᠠᠷᠺᠰ ᠤᠨ | ᠦᠵᠡᠯ ᠢ ᠲᠤᠮᠳᠠᠳᠤ ᠤᠯᠤᠰ ᠤᠨ ᠪᠤᠯᠭᠠᠬᠤ ᠰᠢᠨ᠎ᠡ ᠦᠰᠦᠷᠦᠯᠳᠡ ᠢ ᠪᠡᠶᠡᠯᠡᠬᠦᠯᠦᠭᠰᠡᠨ ᠶᠤᠮ᠃ ᠨᠠᠮ ᠠᠴᠠ ᠨᠦᠬᠦᠷ | ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠶᠢᠨ ᠪᠠᠶᠢᠷᠢ | ᠰᠠᠭᠤᠷᠢ ᠶᠢ ᠲᠤᠭᠳᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ ᠪᠠᠶᠢᠷᠢ ᠰᠠᠭᠤᠷᠢ ᠶᠢ ᠲᠤᠭᠳᠠᠭᠠᠭᠰᠠᠨ ᠶᠠᠪᠤᠳᠡᠯ ᠪᠤᠯ ᠪᠦᠬᠦ | ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠡᠷᠢᠯ ᠬᠦᠰᠡᠯ | ᠮᠦᠨ᠂ ᠡᠨᠡ ᠨᠢ ᠰᠢᠨ᠎ᠡ ᠴᠠᠭ ᠦᠶ᠎ᠡ ᠶᠢᠨ ᠨᠠᠮ ᠲᠦᠷᠦ ᠶᠢᠨ ᠠᠵᠢᠯ ᠦᠢᠯᠡᠰ ᠤᠨ ᠬᠦᠭᠵᠢᠯᠳᠡ ᠪᠤᠯᠤᠨ | ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠡ ᠶᠢᠨ ᠲᠡᠤᠭᠡᠨ ᠶᠠᠪᠤᠴᠠ ᠶᠢ ᠠᠬᠢᠭᠤᠯᠬᠤ ᠳᠤ | ᠰᠢᠢᠳᠪᠤᠷᠢᠯᠡᠬᠦ ᠴᠢᠨᠡᠷᠲᠠᠢ ᠠᠴᠢ ᠬᠤᠯᠪᠤᠭᠳᠠᠯ ᠲᠠᠢ ᠶᠤᠮ ᠬᠡᠵᠠᠢ᠃ ᠪᠦᠭᠦᠳᠡ ᠬᠤᠷᠠᠯ ᠠᠴᠠ ᠵᠢᠭᠠᠬᠤ ᠳᠠᠭᠠᠨ᠂ | ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠭᠤᠤ ᠶᠡᠭᠡ ᠲᠡᠦᠬᠡ ᠶᠢᠨ | ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠲᠣᠮᠣ ᠤᠯᠤᠰ ᠲᠥᠷᠥ ᠶᠢᠨ ᠰᠥᠰᠥ ᠵᠣᠷᠢᠭ᠂ ᠬᠦᠴᠦᠲᠡᠢ | ᠬᠠᠷᠢᠭᠤᠴᠠᠯᠭ᠎ᠠ ᠳᠠᠭᠠᠭᠠᠬᠤ ᠣᠪᠣᠷ ᠢᠶᠠᠷ ᠤᠯᠤᠰ ᠤᠨ ᠳᠣᠲᠣᠭᠠᠳᠤ ᠪᠠ ᠤᠯᠠᠨ ᠣᠯᠣᠰ ᠤᠨ ᠬᠤᠶᠠᠷ ᠶᠡᠭᠡ ᠲᠠᠯ᠎ᠠ ᠶᠢ | ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠴᠢᠭᠯᠡᠯᠲᠡ ᠶᠢ ᠲᠤᠤᠱᠯᠠᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ | ᠠᠭᠤᠤ ᠶᠡᠭᠡ ᠬᠦᠰᠡᠯ ᠮᠥᠷᠥᠭᠡᠳᠦᠯ ᠶᠢ ᠨᠢᠭᠡᠳᠬᠡᠨ ᠠᠳᠬᠤᠵᠤ᠂ ᠯᠠᠪᠳᠠᠭᠤᠨ ᠢᠶᠠᠷ ᠠᠬᠢᠭᠤᠯᠬᠤ ᠠᠵᠢᠯ ᠤᠨ | ᠶᠡᠷᠦᠩᠬᠡᠢ ᠬᠥᠭ ᠠᠶᠢᠵᠠᠮ ᠢ ᠪᠠᠷᠢᠮᠲᠠᠯᠠᠵᠤ᠂ ᠴᠢᠬᠤᠯᠠ ᠶᠡᠭᠡ ᠴᠢᠭᠯᠡᠯᠲᠡ ᠪᠣᠳᠣᠯᠭ᠎ᠠ᠂ ᠴᠢᠬᠤᠯᠠ ᠶᠡᠭᠡ ᠠᠷᠭ᠎ᠠ | ᠬᠡᠮᠵᠢᠶ᠎ᠡ ᠨᠦᠭᠦᠳ ᠢ ᠲᠣᠭᠲᠠᠭᠠᠵᠤ᠂ ᠴᠢᠬᠤᠯᠠ ᠶᠡᠭᠡ ᠠᠵᠢᠯ ᠤᠳ ᠢ ᠠᠬᠢᠭᠤᠯᠵᠤ᠂ ᠲᠣᠮᠣ ᠴᠢᠬᠤᠯᠠ ᠠᠶᠤᠯ | ᠥᠷᠢᠰᠦᠯᠳᠦᠭᠡᠨ ᠨᠦᠭᠦᠳ ᠢ ᠢᠯᠠᠨ ᠳᠠᠪᠠᠵᠤ᠂ ᠤᠷᠲᠤ ᠬᠤᠭᠤᠴᠠᠭ᠎ᠠ ᠰᠢᠢᠳᠪᠦᠷᠢᠯᠡᠬᠦ ᠭᠡᠳ ᠰᠢᠢᠳᠪᠦᠷᠢᠯᠡᠵᠦ | ᠳᠡᠶᠢᠯᠦᠭᠡ ᠦᠭᠡᠢ ᠪᠠᠶᠢᠭᠰᠠᠨ ᠬᠦᠴᠢᠷ ᠠᠰᠠᠭᠤᠳᠠᠯ ᠤᠳ ᠢ ᠰᠢᠢᠳᠪᠦᠷᠢᠯᠡᠵᠦ᠂ ᠥᠩᠭᠡᠷᠡᠭᠰᠡᠨ ᠳᠤ ᠬᠢᠬᠦ ᠪᠠᠷ ᠪᠣᠳᠣᠵᠤ | ᠪᠠᠶᠢᠭᠰᠠᠨ ᠴᠦ ᠬᠢᠵᠦ ᠳᠡᠶᠢᠯᠦᠭᠡ ᠦᠭᠡᠢ ᠲᠣᠮᠣ ᠠᠵᠢᠯ ᠤᠳ ᠢ ᠪᠦᠲᠦᠭᠡᠵᠦ᠂ ᠨᠠᠮ ᠲᠥᠷᠥ ᠶᠢᠨ ᠠᠵᠢᠯ ᠦᠢᠯᠡᠰ ᠢ | ᠠᠬᠢᠭᠤᠯᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠶᠢ ᠪᠡᠶᠡᠯᠡᠭᠦᠯᠦᠭᠰᠡᠨ | ᠶᠤᠮ ᠭᠡᠵᠡᠢ᠃ ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠭᠰᠡᠨ ᠨᠢᠭᠡᠳᠦᠯᠲᠡᠢ ᠤᠳᠤᠷᠢᠳᠤᠯᠭ᠎ᠠ ᠬᠦᠴᠦᠲᠡᠢ ᠪᠠᠲᠤᠯᠠᠭ᠎ᠠ ᠲᠠᠢ ᠪᠣᠯᠵᠤ᠂ | ᠨᠠᠮ ᠤᠨ ᠤᠳᠤᠷᠢᠳᠬᠤ ᠰᠢᠰᠲ᠋ᠧᠮ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠤᠨ ᠤᠳᠤᠷᠢᠳᠬᠤ | ᠠᠷᠭ᠎ᠠ ᠪᠠᠷᠢᠯ ᠤᠯᠠᠮ ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠨᠡᠩ | ᠨᠢᠭᠡᠳᠦᠯᠲᠡᠢ᠂ ᠤᠯᠤᠰ ᠲᠥᠷᠥ ᠶᠢᠨ ᠲᠠᠯ᠎ᠠ ᠪᠠᠷ ᠤᠯᠠᠮ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ | ᠨᠡᠩ ᠨᠢᠭᠡᠳᠦᠯᠲᠡᠢ ᠪᠣᠯᠵᠤ᠂ ᠨᠠᠮ ᠤᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ | ᠵᠢᠯᠣᠭᠤᠳᠤᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ | ᠳᠠᠶᠢᠴᠢᠯᠠᠯᠲᠠ ᠶᠢᠨ ᠬᠦᠴᠦᠨ ᠮᠡᠳᠡᠭᠳᠡᠮ᠎ᠡ ᠴᠢᠩᠭᠠᠷᠠᠭᠰᠠᠨ ᠪᠠᠶᠢᠨ᠎ᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ | ᠲᠠᠯ᠎ᠠ ᠪᠠᠷ ᠨᠠᠮ ᠤᠨ ᠥᠪᠡᠷ ᠢ ᠪᠠᠨ ᠠᠷᠢᠭᠤᠨ ᠴᠢᠭᠴᠢ ᠪᠠᠶᠢᠯᠭᠠᠬᠤ᠂ ᠲᠡᠭᠦᠯᠳᠡᠷᠵᠢᠭᠦᠯᠬᠦ᠂ ᠰᠢᠨᠡᠴᠢᠯᠡᠬᠦ᠂ | ᠳᠡᠭᠡᠭᠰᠢᠯᠡᠭᠦᠯᠬᠦ ᠴᠢᠳᠠᠪᠤᠷᠢ ᠮᠡᠳᠡᠭᠳᠡᠮ᠎ᠡ ᠴᠢᠩᠭᠠᠷᠠᠵᠤ᠂ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠲᠠᠯ᠎ᠠ ᠪᠠᠷ ᠰᠤᠯᠠ | ᠵᠠᠳᠠᠭᠠᠢ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠠᠪᠯᠢᠭᠠᠯ ᠢ ᠡᠰᠡᠷᠭᠦᠴᠡᠬᠦ ᠲᠡᠮᠡᠴᠡᠯ | ᠬᠠᠷᠢᠴᠠᠯᠠᠰᠢ ᠦᠭᠡᠢ ᠢᠯᠠᠯᠲᠠ ᠣᠯᠣᠭᠰᠠᠨ ᠤ ᠬᠠᠮᠲᠤ ᠪᠦᠬᠦ ᠲᠠᠯ᠎ᠠ ᠪᠠᠷ ᠪᠠᠬᠢᠵᠢᠵᠦ᠂ ᠨᠠᠮ ᠬᠤᠪᠢᠰᠬᠠᠯᠲᠤ | ᠳᠠᠪᠲᠠᠯᠲᠠ ᠶᠢᠨ ᠶᠠᠪᠤᠴᠠ ᠳᠤ ᠤᠯᠠᠮ ᠬᠠᠲᠠᠭᠤᠵᠢᠨ ᠪᠠᠬᠢᠵᠢᠭ᠍ᠰᠡᠨ ᠪᠠᠶᠢᠨ᠎ᠠ᠃ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠲᠡᠩᠴᠡᠭᠦᠷᠢ ᠲᠠᠢ ᠪᠠᠶᠢᠬᠤ | ᠂ ᠤᠶᠠᠨ ᠬᠠᠲᠠᠨ ᠪᠠᠶᠢᠬᠤ᠂ ᠲᠣᠭᠲᠠᠪᠤᠷᠢᠲᠠᠢ ᠪᠠᠶᠢᠬᠤ ᠴᠢᠨᠠᠷ ᠮᠡᠳᠡᠭᠳᠡᠮ᠎ᠡ ᠴᠢᠩᠭᠠᠷᠠᠵᠤ᠂ ᠤᠯᠤᠰ ᠤᠨ ᠠᠵᠤ | ᠠᠬᠤᠢ ᠶᠢᠨ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ᠂ ᠶᠡᠷᠦᠩᠬᠡᠶᠢᠯᠡᠭᠰᠡᠨ ᠤᠯᠤᠰ ᠤᠨ | ᠬᠦᠴᠦᠨ ᠰᠢᠨ᠎ᠡ ᠱᠠᠲᠤᠨ ᠳᠤ ᠬᠦᠷᠴᠦ᠂ ᠮᠠᠨ ᠤ ᠤᠯᠤᠰ ᠤᠨ ᠠᠵᠤ ᠠᠬᠤᠢ ᠨᠡᠩ ᠴᠢᠨᠠᠷᠯᠢᠭ᠂ ᠨᠡᠩ ᠪᠦᠲᠦᠮᠵᠢᠲᠡᠢ | ᠂ ᠨᠡᠩ ᠲᠥᠪ ᠭᠤᠣᠯᠴᠢ᠂ ᠨᠡᠩ ᠲᠣᠭᠲᠠᠪᠤᠷᠢᠲᠠᠢ᠂ ᠨᠡᠩ ᠠᠮᠤᠷ ᠲᠦᠪᠰᠢᠨ ᠬᠥᠭᠵᠢᠯᠲᠡ ᠶᠢᠨ ᠵᠠᠮ ᠳᠤ ᠣᠷᠣᠭᠰᠠᠨ | ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ᠂ ᠨᠠᠮ ᠠᠴᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠲᠠᠰᠤᠷᠠᠯᠲᠠ ᠦᠭᠡᠢ ᠠᠬᠢᠭᠤᠯᠤᠨ ᠤᠯᠠᠮ | ᠥᠷᠭᠡᠨ ᠬᠡᠪᠴᠢᠶᠡᠨ ᠳᠤ ᠨᠡᠩ ᠭᠦᠨᠵᠡᠭᠡᠢ ᠥᠷᠨᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮᠲᠤ ᠪᠠᠶᠢᠭᠤᠯᠤᠯ ᠤᠯᠠᠮ ᠪᠣᠯᠪᠠᠰᠤᠷᠠᠩᠭᠤᠢ ᠨᠡᠩ ᠲᠣᠭᠲᠠᠪᠤᠷᠢᠲᠠᠢ ᠪᠣᠯᠵᠤ᠂ ᠤᠯᠤᠰ ᠤᠨ ᠵᠠᠰᠠᠨ ᠴᠡᠭᠴᠡᠯᠡᠬᠦ | ᠰᠢᠰᠲ᠋ᠧᠮ ᠪᠣᠯᠣᠨ ᠵᠠᠰᠠᠨ ᠴᠡᠭᠴᠡᠯᠡᠬᠦ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠲᠠᠰᠤᠷᠠᠯᠲᠠ ᠦᠭᠡᠢ | ᠳᠡᠭᠡᠭᠰᠢᠯᠡᠵᠦ᠂ ᠨᠠᠮ ᠲᠥᠷᠥ ᠶᠢᠨ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠵᠤ ᠪᠠᠶᠢᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ | ᠢᠳᠡᠪᠬᠢᠲᠡᠢ ᠬᠥᠭᠵᠢᠭᠦᠯᠵᠦ᠂ ᠮᠠᠨ ᠤ ᠤᠯᠤᠰ ᠤᠨ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠥᠷᠥ ᠶᠢᠨ | ᠳᠦᠷᠢᠮᠵᠢᠭᠦᠯᠦᠯᠲᠡ᠂ ᠰᠢᠰᠲ᠋ᠧᠮᠵᠢᠭᠦᠯᠦᠯᠲᠡ ᠪᠦᠬᠦ ᠲᠠᠯ᠎ᠠ ᠪᠠᠷ ᠠᠬᠢᠭᠰᠠᠨ ᠢᠶᠠᠷ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮᠲᠤ ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ ᠴᠢᠨᠠᠷ ᠨᠡᠩ ᠰᠠᠶᠢᠨ | ᠲᠣᠳᠣᠷᠠᠵᠤ᠂ ᠥᠷᠨᠢᠭᠦᠨ ᠰᠠᠶᠢᠬᠠᠨ᠂ ᠲᠠᠶᠢᠪᠤᠩ ᠪᠦᠯᠬᠦᠮᠳᠡᠯ ᠲᠠᠢ ᠤᠯᠤᠰ ᠲᠥᠷᠥ ᠶᠢᠨ ᠪᠠᠶᠢᠳᠠᠯ ᠪᠠᠬᠢᠵᠢᠨ | ᠬᠥᠭᠵᠢᠭᠰᠡᠨ ᠪᠠᠶᠢᠨ᠎ᠠ᠃ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠲᠠᠯ᠎ᠠ ᠪᠠᠷ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢ ᠪᠠᠷ ᠵᠠᠰᠠᠬᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ | ᠬᠠᠤᠯᠢ ᠪᠠᠷ ᠵᠠᠰᠠᠭᠰᠠᠨ ᠳᠤᠮᠳᠠᠳᠤ ᠤᠯᠤᠰ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ | ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠤᠯᠤᠰ ᠢ ᠤᠳᠤᠷᠢᠳᠬᠤ ᠪᠠ ᠵᠠᠰᠠᠨ ᠴᠡᠭᠴᠡᠯᠡᠬᠦ ᠴᠢᠳᠠᠪᠤᠷᠢ ᠮᠡᠳᠡᠭᠳᠡᠮ᠎ᠡ | ᠴᠢᠩᠭᠠᠷᠠᠭᠰᠠᠨ ᠪᠠᠶᠢᠨ᠎ᠠ ᠭᠡᠵᠡᠢ᠃ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠤᠯᠤᠰ ᠤᠨ ᠦᠵᠡᠯ | ᠤᠬᠠᠮᠰᠠᠷ ᠤᠨ ᠬᠡᠯᠪᠡᠷᠢ ᠶᠢᠨ ᠴᠠᠷ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷ ᠲᠠᠢ | ᠬᠤᠪᠢᠷᠠᠯᠲᠠ ᠭᠠᠷᠴᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠤᠨ ᠲᠦᠮᠡᠨ ᠤ | ᠰᠣᠶᠣᠯ ᠤᠨ ᠢᠲᠡᠭᠡᠯ ᠢᠯᠡᠷᠬᠡᠢ ᠴᠢᠩᠭᠠᠷᠠᠵᠤ᠂ ᠪᠦᠬᠦ ᠨᠡᠶᠢᠭᠡᠮ ᠤᠨ ᠨᠢᠭᠲᠠᠷᠠᠯ ᠤᠨ ᠬᠦᠴᠦᠨ ᠪᠠ ᠰᠡᠦᠨᠬᠢᠯ ᠨᠢᠭᠡᠦᠨᠬᠦ | ᠬᠦᠴᠦᠨ ᠲᠦᠢᠯ ᠢᠶᠠᠷ ᠳᠡᠭᠡᠭᠰᠢᠯᠡᠵᠦ᠂ ᠰᠢᠨ᠎ᠡ ᠴᠠᠭ ᠦᠶ᠎ᠡ ᠶᠢᠨ ᠨᠠᠮ ᠲᠥᠷᠦ ᠶᠢᠨ ᠠᠵᠢᠯ ᠦᠢᠯᠡᠰ ᠤᠨ ᠰᠢᠨ᠎ᠡ | ᠪᠠᠶᠢᠳᠠᠯ ᠢ ᠪᠤᠢ ᠪᠣᠯᠭᠠᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ | ᠰᠠᠨᠠᠭᠠᠨ ᠤ ᠬᠦᠴᠦᠨ ᠢ ᠣᠯᠭᠤᠭᠰᠠᠨ ᠪᠠᠶᠢᠨ᠎ᠠ᠃ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠤᠨ ᠤᠨ | ᠠᠮᠢᠳᠤᠷᠠᠯ ᠪᠦᠬᠦ ᠲᠠᠯ᠎ᠠ ᠪᠠᠷ ᠰᠠᠶᠢᠵᠢᠷᠠᠵᠤ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢᠵᠢᠭ᠍ᠰᠡᠨ᠂ | ᠣᠶᠣᠨᠴᠢᠯᠠᠭᠰᠠᠨ᠂ ᠲᠤᠰᠬᠠᠶᠢᠵᠢᠭᠰᠠᠨ ᠬᠢᠷᠢ ᠲᠥᠪᠰᠢᠨ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠠᠷᠠᠤᠨ ᠲᠦᠮᠡᠨ ᠢ | ᠠᠮᠤᠷ ᠠᠮᠤᠭᠤᠯᠠᠩ ᠠᠵᠤ ᠲᠥᠷᠦᠭᠦᠯᠬᠦ᠂ ᠨᠡᠶᠢᠭᠡᠮ ᠢ ᠠᠮᠤᠷ ᠲᠣᠭᠲᠠᠭᠤᠨ ᠡᠮᠬᠢ ᠴᠡᠭᠴᠡ ᠲᠠᠢ ᠰᠠᠶᠢᠨ ᠰᠠᠶᠢᠬᠠᠨ | ᠪᠠᠶᠢᠳᠠᠯ ᠲᠠᠢ ᠪᠣᠯᠭᠠᠨ ᠬᠥᠭᠵᠢᠭᠦᠯᠵᠦ᠂ ᠨᠡᠶᠢᠭᠡᠮ ᠤᠨ ᠤᠷᠲᠤ ᠬᠤᠭᠤᠴᠠᠭ᠎ᠠ ᠲᠣᠭᠳᠠᠭᠤᠨ ᠪᠠᠶᠢᠬᠤ ᠭᠠᠶᠢᠬᠠᠮᠰᠢᠭ ᠢ | ᠪᠢᠴᠢᠭᠯᠡᠭᠰᠡᠨ ᠪᠠᠶᠢᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ᠂ ᠨᠠᠮ ᠤᠨ ᠲᠥᠪ | ᠬᠤᠷᠢᠶ᠎ᠠ ᠣᠷᠢᠤᠨ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠤᠨᠬᠤᠵᠤ᠂ ᠦᠵᠡᠰᠬᠦᠯᠡᠩ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠳᠤ ᠴᠢᠬᠤᠯᠠ ᠠᠯᠬᠤᠮ ᠢ | ᠠᠯᠬᠤᠭᠰᠠᠨ ᠢᠶᠠᠷ᠂ ᠮᠠᠨ ᠤ ᠤᠯᠤᠰ ᠤᠨ ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠳᠤ ᠲᠡᠦᠬᠡᠲᠦ | ᠴᠢᠨᠠᠷ ᠲᠠᠢ᠂ ᠡᠷᠭᠢᠯᠲᠡ ᠶᠢᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ ᠬᠤᠪᠢᠷᠠᠯᠲᠠ ᠭᠠᠷᠤᠭᠰᠠᠨ ᠪᠠᠶᠢᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠤᠨ ᠤᠨ | ᠴᠡᠷᠢᠭ ᠠᠩᠭᠢ ᠶᠢᠨ ᠬᠢᠨ ᠪᠦᠬᠦᠯᠢ ᠴᠣᠭᠴᠠᠲᠤ ᠴᠢᠨᠠᠷ ᠬᠤᠪᠢᠰᠬᠠᠯᠲᠤ ᠴᠢᠨᠠᠷ ᠢ ᠳᠠᠬᠢᠨ ᠴᠣᠭᠴᠠᠯᠠᠵᠤ᠂ ᠬᠦᠴᠦ | ᠣᠶᠣᠨ ᠢᠶᠠᠨ ᠳᠠᠬᠢᠨ ᠴᠡᠭᠴᠡᠯᠡᠨ ᠬᠤᠯᠠ ᠶᠢᠨ ᠠᠶᠠᠨ ᠳᠤ ᠮᠤᠷᠳᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠤᠳᠠᠲᠤ ᠬᠦᠴᠦᠨ ᠪᠠ ᠠᠵᠤ ᠠᠬᠤᠢ ᠶᠢᠨ ᠪᠤᠳᠠᠲᠤ ᠬᠦᠴᠦᠨ ᠵᠡᠷᠭᠡᠪᠡᠷ ᠳᠡᠭᠡᠭᠰᠢᠯᠡᠵᠦ᠂ ᠠᠷᠠᠤᠨ ᠤᠨ ᠴᠡᠷᠢᠭ | ᠠᠩᠭᠢ ᠶᠢᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠬᠡᠷᠡᠭᠵᠢᠭᠦᠯᠵᠦ᠂ ᠰᠢᠨᠲᠠᠷᠠᠰᠢ | ᠦᠭᠡᠢ ᠲᠡᠮᠡᠴᠡᠯ ᠤᠨ ᠵᠣᠷᠢᠭ ᠰᠠᠨᠠᠭ᠎ᠠ ᠪᠠ ᠪᠤᠳᠠᠳᠤ ᠦᠢᠯᠡ ᠠᠵᠢᠯᠯᠠᠭ᠎ᠠ ᠪᠠᠷ ᠢᠶᠠᠨ ᠤᠯᠤᠰ ᠤᠨ ᠡᠷᠬᠡ ᠮᠡᠳᠡᠯ᠂ | ᠠᠮᠤᠷ ᠲᠥᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠭᠰᠠᠨ ᠪᠠᠶᠢᠨ᠎ᠠ᠃ ᠤᠯᠤᠰ ᠤᠨ ᠠᠮᠤᠷ | ᠲᠥᠪᠰᠢᠨ ᠤ ᠬᠠᠮᠠᠭᠠᠯᠠᠯᠲᠠ ᠶᠢᠨ ᠲᠠᠯ᠎ᠠ ᠪᠠᠷ᠂ ᠤᠯᠤᠰ ᠤᠨ ᠠᠮᠤᠷ ᠲᠥᠪᠰᠢᠨ ᠢ ᠪᠦᠬᠦ ᠲᠠᠯ᠎ᠠ ᠪᠠᠷ ᠴᠢᠩᠭᠠᠤᠨᠬᠠᠵᠤ᠂ | ᠤᠯᠤᠰ ᠲᠥᠷᠦ᠂ ᠠᠵᠤ ᠠᠬᠤᠢ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠵᠡᠷᠭᠡ ᠲᠠᠯ᠎ᠠ ᠶᠢᠨ ᠠᠶᠤᠯ | ᠥᠷᠢᠰᠦᠯᠳᠦᠭᠡᠨ ᠤ ᠰᠢᠯᠭᠠᠯᠲᠠ ᠶᠢ ᠲᠤᠭᠤᠯᠵᠤ᠂ ᠨᠠᠮ ᠪᠠ ᠤᠯᠤᠰ ᠤᠨ ᠬᠥᠭᠵᠢᠯ ᠴᠡᠴᠡᠭᠯᠡᠯ᠂ ᠤᠷᠲᠤ ᠬᠤᠭᠤᠴᠠᠭ᠎ᠠ | ᠠᠮᠤᠷ ᠠᠮᠤᠭᠤᠯᠠᠩ ᠪᠠᠶᠢᠬᠤ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠨᠢᠭᠡ ᠤᠯᠤᠰ ᠲᠤ | ᠬᠤᠶᠠᠷ ᠪᠠᠶᠢᠭᠤᠯᠤᠯ︾ ᠬᠡᠷᠡᠭᠵᠢᠭᠦᠯᠬᠦ ᠪᠠ ᠡᠬᠡ ᠤᠯᠤᠰ ᠤᠨ ᠨᠢᠭᠡᠳᠦᠯ ᠢ ᠪᠡᠶᠡᠯᠡᠭᠦᠯᠬᠦ ᠶᠢ ᠪᠠᠷᠢᠮᠲᠠᠯᠠᠬᠤ ᠲᠠᠯ᠎ᠠ ᠪᠠᠷ᠂ | ᠨᠠᠮ ᠤᠨ ᠲᠥᠪ ᠬᠤᠷᠢᠶ᠎ᠠ ᠣᠭ ᠦᠨᠳᠦᠰᠦ ᠪᠠ ᠥᠩᠭᠡᠨ ᠲᠠᠯ᠎ᠠ ᠶᠢ ᠨᠢ ᠵᠡᠷᠭᠡᠪᠡᠷ ᠵᠠᠰᠠᠬᠤ ᠠᠯᠢ ᠣᠯᠠᠨ ᠠᠷᠭ᠎ᠠ | ᠬᠡᠮᠵᠢᠶ᠎ᠡ ᠨᠦᠭᠦᠳ ᠢ ᠠᠪᠴᠤ᠂ ︽ᠡᠬᠡ ᠣᠷᠤᠨᠴᠢᠤᠨ ᠰᠢᠶᠠᠩᠭᠠᠩ ᠢᠶᠠᠨ ᠵᠠᠰᠠᠬᠤ︾᠂ ︽ᠡᠬᠡ ᠣᠷᠤᠨᠴᠢᠤᠨ | ᠣᠣᠮᠧᠨ ᠢᠶᠠᠨ ᠵᠠᠰᠠᠬᠤ︾ ᠶᠢ ᠡᠷᠡᠰ ᠨᠠᠶᠢᠳᠠᠪᠤᠷᠢᠵᠢᠭᠤᠯᠵᠤ᠂ ᠰᠢᠶᠠᠩᠭᠠᠩ ᠤᠨ ᠪᠠᠶᠢᠳᠠᠯ ᠢ ᠰᠠᠮᠠᠭᠤᠷᠠᠯ ᠠᠴᠠ ᠵᠠᠰᠠᠵᠤ | ᠠᠪᠤᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠬᠠᠤᠯᠢ ᠶᠤᠰᠤᠭᠠᠷ ᠰᠢᠶᠠᠩᠭᠠᠩ ᠢᠶᠠᠨ ᠵᠠᠰᠠᠬᠤ᠂ | ᠣᠣᠮᠧᠨ ᠢᠶᠠᠨ ᠵᠠᠰᠠᠬᠤ ᠶᠢ ᠠᠬᠢᠭᠤᠯᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ︾ ᠬᠡᠷᠡᠭᠵᠢᠭᠦᠯᠬᠦ | ᠦᠢᠯᠡᠳᠦᠯᠭᠡ ᠶᠢ ᠲᠣᠭᠲᠠᠭᠤᠨ ᠢᠶᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠨᠢᠭᠡ ᠯᠡ | ᠲᠤᠮᠳᠠᠳᠤ ᠤᠯᠤᠰ ᠪᠠᠶᠢᠬᠤ ᠵᠠᠷᠴᠢᠮ ᠪᠠ ︽ᠶᠢᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ | ᠲᠠᠶᠢᠸᠠᠨ ᠢ ᠰᠠᠯᠭᠠᠨ ᠲᠤᠰᠠᠭᠠᠷᠯᠠᠭᠤᠯᠬᠤ︾ ᠠᠵᠢᠯᠯᠠᠭ᠎ᠠ ᠶᠢ ᠡᠷᠡᠰ ᠡᠰᠡᠷᠭᠦᠴᠡᠵᠦ᠂ ᠬᠠᠷᠢ ᠶᠢᠨ ᠬᠦᠴᠦᠨ ᠤ ᠭᠠᠷ | ᠳᠦᠷᠢᠬᠦ ᠶᠢ ᠡᠷᠡᠰ ᠡᠰᠡᠷᠭᠦᠴᠡᠵᠦ᠂ ᠳᠠᠯᠠᠢ ᠶᠢᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠯᠴᠠᠭᠠᠨ ᠤ ᠭᠤᠣᠯ | ᠤᠳᠤᠷᠢᠤᠨᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠯᠠᠪᠳᠠᠭᠤᠨ ᠪᠠᠳᠤᠲᠠᠢ ᠠᠤᠨᠬᠤᠭᠰᠠᠨ ᠪᠠᠶᠢᠨ᠎ᠠ᠃ ᠭᠠᠳᠠᠭᠠᠳᠤ | ᠬᠠᠷᠢᠯᠴᠠᠭᠠᠨ ᠤ ᠠᠵᠢᠯ ᠤᠨ ᠲᠠᠯ᠎ᠠ ᠪᠠᠷ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠣᠯᠣᠰ ᠤᠨ ᠭᠠᠳᠠᠭᠠᠳᠤ | ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠦᠮᠦᠨ ᠲᠥᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠤᠢ ᠪᠣᠯᠭᠠᠬᠤ ᠶᠢ ᠴᠠᠭ ᠦᠶ᠎ᠡ ᠶᠢᠨ ᠤᠷᠤᠰᠬᠠᠯ ᠢ ᠵᠢᠯᠣᠭᠤᠣᠨᠬᠤ ᠪᠠ ᠬᠦᠮᠦᠨ ᠲᠥᠷᠦᠯᠬᠢᠲᠡᠨ ᠤ | ᠤᠷᠤᠭᠰᠢᠯᠠᠯᠲᠠ ᠶᠢᠨ ᠴᠢᠭᠯᠡᠯ ᠤᠨ ᠲᠤᠭ ᠲᠡᠮᠳᠡᠭ ᠪᠣᠯᠭᠠᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ | ᠳᠡᠯᠡᠬᠡᠢ ᠶᠢᠨ ᠶᠡᠭᠡ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠵᠤ᠂ ᠳᠡᠯᠡᠬᠡᠢ ᠶᠢᠨ ᠰᠠᠮᠠᠭᠤᠨ | ᠪᠠᠶᠢᠳᠠᠯ ᠤᠨ ᠳᠤᠮᠳᠠ ᠬᠢᠮᠤᠷᠠᠯ ᠢ ᠠᠵᠠ ᠲᠣᠬᠢᠶᠠᠯ ᠪᠣᠯᠭᠠᠵᠤ᠂ ᠮᠠᠨ ᠤ ᠤᠯᠤᠰ ᠤᠨ ᠣᠯᠠᠨ ᠤᠯᠤᠰ ᠳᠠᠬᠢ | ᠨᠥᠯᠦᠭᠡᠯᠡᠬᠦ ᠬᠦᠴᠦᠨ᠂ ᠳᠠᠶᠢᠴᠢᠯᠠᠬᠤ ᠬᠦᠴᠦᠨ᠂ ᠡᠭᠦᠳᠦᠯᠲᠡ ᠶᠢᠨ ᠬᠦᠴᠦᠨ ᠢᠯᠡᠷᠬᠡᠢ ᠳᠡᠭᠡᠭᠰᠢᠯᠡᠭᠰᠡᠨ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠤᠨ ᠲᠦᠮᠡᠨ ᠡᠷᠡᠯᠬᠡᠭ ᠳᠠᠶᠢᠴᠢᠨ | ᠲᠡᠮᠡᠴᠡᠯ ᠢᠶᠠᠷ ᠳᠡᠯᠡᠬᠡᠢ ᠳ᠋ᠠᠬᠢᠨ ᠳᠤ ᠳᠤᠮᠳᠠᠳᠤ ᠶᠢᠨ ᠦᠨᠳᠦᠰᠦᠳᠡᠨ ᠪᠣᠰᠴᠤ ᠵᠣᠭᠰᠤᠭᠰᠠᠨ ᠠᠴᠠ ᠪᠠᠨ ᠪᠠᠶᠠᠵᠢᠨ | ᠴᠢᠨᠡᠭᠡᠯᠢᠭᠵᠢᠵᠦ᠂ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠭᠰᠠᠨ ᠢ ᠲᠥᠪ | ᠴᠢᠩᠭ᠎ᠠ ᠪᠠᠷ ᠲᠤᠩᠬᠠᠭᠯᠠᠭᠰᠠᠨ ᠪᠠᠶᠢᠨ᠎ᠠ᠃ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠤᠨ ᠲᠤᠬᠠᠢ ᠵᠢᠭᠠᠬᠤ ᠳᠠᠭᠠᠨ᠂ ᠨᠠᠮ ᠤᠨ ᠵᠠᠭᠤᠨ | ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠶᠢᠨ ᠬᠤᠪᠢ ᠵᠠᠶᠠᠭ᠎ᠠ ᠶᠢ | ᠦᠨᠳᠦᠰᠦᠨ ᠠᠴᠠ ᠨᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠣᠷᠣᠮᠵᠢᠯᠠᠭᠳᠠᠬᠤ᠂ | ᠳᠠᠷᠤᠯᠠᠭᠳᠠᠬᠤ ᠪᠠ ᠪᠣᠭᠤᠯᠴᠢᠯᠠᠭᠳᠠᠬᠤ ᠬᠤᠪᠢ ᠵᠠᠶᠠᠭ᠎ᠠ ᠠᠴᠠ ᠲᠦᠢᠯᠪᠤᠷᠢᠲᠠᠢ ᠰᠠᠯᠭᠠᠵᠤ᠂ ᠤᠯᠤᠰ ᠣᠷᠣᠨ᠂ | ᠨᠡᠶᠢᠭᠡᠮ ᠪᠣᠯᠣᠨ ᠥᠪᠡᠷ ᠤᠨ ᠬᠤᠪᠢ ᠵᠠᠶᠠᠭᠠᠨ ᠳᠠᠭᠠᠨ ᠡᠵᠡᠨ ᠪᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠥᠯᠥᠭᠡᠨ ᠤ ᠬᠦᠰᠡᠯ ᠮᠥᠷᠥᠭᠡᠳᠦᠯ ᠢ ᠲᠠᠰᠤᠷᠠᠯᠲᠠ ᠦᠭᠡᠢ ᠪᠡᠶᠡᠯᠡᠭᠦᠯᠦᠭᠰᠡᠨ | ᠪᠠᠶᠢᠨ᠎ᠠ︔ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠵᠦ᠂ ᠳᠤᠮᠳᠠᠳᠤ ᠤᠯᠤᠰ ᠵᠥᠪᠬᠡᠨ ᠬᠡᠳᠦᠨ ᠠᠷᠪᠠᠨ ᠵᠢᠯ ᠤᠨ | ᠳᠣᠲᠣᠷ᠎ᠠ ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠵᠠᠷᠤᠴᠠᠭᠤᠯᠵᠤ ᠲᠤᠭᠤᠯᠤᠭᠰᠠᠨ ᠠᠵᠤ | ᠦᠢᠯᠠᠳᠪᠤᠷᠢᠵᠢᠯᠠᠯᠳᠠ ᠶᠢᠨ ᠵᠠᠮᠨᠠᠯ ᠢ ᠲᠤᠭᠤᠯᠵᠤ᠂ ᠠᠵᠤ ᠠᠬᠤᠢ ᠲᠦᠷᠭᠡᠨ ᠬᠥᠭᠵᠢᠭᠰᠡᠨ ᠪᠠ ᠨᠡᠶᠢᠭᠡᠮ ᠨᠡᠶᠢᠲᠡ | ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠦᠭᠰᠡᠨ ᠶᠤᠮ︔ ᠨᠠᠮ ᠤᠨ | ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠠᠷᠠᠭᠤᠯᠵᠤ᠂ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠴᠢ ᠴᠢᠨᠠᠷ ᠪᠣᠯᠣᠨ ᠦᠨᠡᠨ ᠶᠣᠰᠣᠨ ᠤ ᠴᠢᠨᠠᠷ ᠢ ᠳᠤᠮᠳᠠᠳᠤ ᠤᠯᠤᠰ ᠲᠤ | ᠭᠦᠢᠴᠡᠳ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠤᠨ ᠣᠯᠠᠨ ᠲᠦᠮᠠᠠᠴᠢ ᠴᠢᠨᠠᠷ ᠪᠣᠯᠣᠨ ᠦᠢᠯᠡᠳᠦᠯᠭᠡ ᠶᠢᠨ | ᠴᠢᠨᠠᠷ ᠢ ᠳᠤᠮᠳᠠᠳᠤ ᠤᠯᠤᠰ ᠲᠤ ᠭᠦᠢᠴᠡᠳ ᠲᠤᠤᠱᠯᠠᠭᠤᠯᠵᠤ᠂ ᠮᠠᠷᠺᠰ ᠤᠨ ᠦᠵᠡᠯ ᠤᠨ ᠨᠡᠭᠡᠭᠡᠯᠲᠡ ᠲᠠᠢ ᠴᠢᠨᠠᠷ | ᠪᠣᠯᠣᠨ ᠴᠠᠭ ᠦᠶ᠎ᠡ ᠶᠢᠨ ᠴᠢᠨᠠᠷ ᠢ ᠳᠤᠮᠳᠠᠳᠤ ᠤᠯᠤᠰ ᠲᠤ ᠭᠦᠢᠴᠡᠳ ᠢᠯᠡᠷᠡᠭᠦᠯᠦᠭᠰᠡᠨ ᠪᠠᠶᠢᠨ᠎ᠠ︔ ᠨᠠᠮ ᠤᠨ | ᠵᠠᠭᠤᠨ ᠵᠢᠯ ᠤᠨ ᠲᠡᠮᠡᠴᠡᠯ ᠨᠢ ᠳᠡᠯᠡᠬᠡᠢ ᠶᠢᠨ ᠲᠡᠦᠬᠡ ᠶᠢᠨ ᠠᠬᠢᠴᠠ ᠶᠢ ᠭᠦᠨᠵᠡᠭᠡᠢ ᠨᠥᠯᠥᠭᠡᠯᠡᠵᠦ᠂ ᠨᠠᠮ ᠠᠴᠠ ᠠᠷᠠᠳ | ᠲᠦᠮᠡᠨ ᠢ ᠠᠮᠵᠢᠯᠲᠠ ᠲᠠᠢ ᠤᠳᠤᠷᠢᠳᠤᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠵᠠᠮ ᠢᠶᠠᠷ ᠠᠮᠵᠢᠯᠲᠠ ᠲᠠᠢ ᠵᠠᠮᠨᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠪᠠᠶᠢᠳᠠᠯ ᠢ ᠪᠣᠢ ᠪᠣᠯᠭᠠᠵᠤ᠂ | ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠭᠰᠠᠨ ᠵᠠᠮ ᠢᠶᠠᠷ ᠵᠠᠮᠨᠠᠬᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ︔ | ᠨᠠᠮ ᠤᠨ ᠵᠠᠭᠤᠨ ᠵᠢᠯ ᠤᠨ ᠲᠡᠮᠡᠴᠡᠯ ᠨᠢ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠭ᠎ᠠ ᠳᠤᠮᠳᠠᠳᠤ ᠤᠯᠤᠰ ᠤᠨ | ᠡᠪ ᠬᠠᠮᠲᠤ ᠨᠠᠮ ᠢ ᠳᠠᠪᠲᠠᠨ ᠪᠣᠯᠪᠠᠰᠤᠷᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ | ᠦᠨᠳᠦᠰᠦ ᠪᠣᠯᠭᠠᠭᠰᠠᠨ ᠣᠶᠣᠨ ᠰᠠᠨᠠᠭᠠᠨ ᠤ ᠰᠢᠰᠲ᠋ᠧᠮ ᠢ ᠪᠦᠷᠢᠯᠳᠦᠭᠦᠯᠵᠦ᠂ ᠨᠠᠮ ᠤᠨ ᠲᠡᠷᠢᠭᠦᠨ ᠴᠢᠨᠠᠷ ᠪᠣᠯᠣᠨ | ᠠᠷᠢᠭᠤᠨ ᠴᠢᠨᠠᠷ ᠢ ᠪᠠᠲᠤᠯᠠᠵᠤ᠂ ᠨᠠᠮ ᠤᠨ ᠲᠥᠷᠥ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠭᠤᠤ ᠶᠡᠭᠡ᠂ ᠢᠷᠠᠭᠤ | ᠠᠯᠳᠠᠷᠲᠠᠢ ᠪᠥᠭᠡᠳ ᠵᠥᠪ ᠣᠨᠣᠪᠴᠢᠲᠠᠢ ᠨᠠᠮ ᠮᠥᠨ ᠭᠡᠳᠡᠭ ᠢ ᠭᠦᠢᠴᠡᠳ ᠭᠡᠷᠡᠴᠢᠯᠡᠭᠰᠡᠨ ᠪᠠᠶᠢᠨ᠎ᠠ ᠭᠡᠵᠡᠢ᠃ | ᠪᠦᠭᠦᠳᠡ ᠬᠤᠷᠠᠯ ᠠᠴᠠ ᠳᠤᠷᠠᠳᠬᠤ ᠳᠠᠭᠠᠨ᠂ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ | ᠤᠳᠤᠷᠢᠳᠤᠨ ᠳᠠᠭᠠᠭᠤᠯᠵᠤ ᠠᠭᠤᠤ ᠶᠡᠭᠡ ᠲᠡᠮᠡᠴᠡᠯ ᠥᠷᠨᠢᠭᠦᠯᠵᠦ᠂ ᠲᠡᠦᠬᠡ ᠶᠢᠨ ᠬᠤᠪᠣᠷ ᠨᠠᠨᠳᠢᠨ ᠲᠤᠷᠰᠢᠯᠭ᠎ᠠ ᠶᠢ | ᠬᠤᠷᠠᠮᠳᠤᠭᠤᠯᠤᠭᠰᠠᠨ ᠶᠤᠮ᠂ ᠡᠨᠡ ᠪᠣᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢ | ᠳᠡᠭᠡᠳᠦᠯᠡᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠣᠨᠣᠯ ᠤᠨ ᠡᠭᠦᠳᠦᠯᠲᠡ ᠰᠢᠨᠡᠴᠢᠯᠡᠯᠲᠡ ᠶᠢ ᠪᠠᠷᠢᠮᠲᠠᠯᠠᠵᠤ᠂ | ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠮ ᠢ ᠪᠠᠷᠢᠮᠲᠠᠯᠠᠵᠤ᠂ ᠠᠶᠤᠤᠯᠢᠬᠠᠢ | ᠵᠢᠷᠦᠬᠡᠨ ᠳᠡᠭᠡᠨ ᠲᠠᠶᠠᠩ ᠳᠡᠯᠡᠬᠡᠢ ᠶᠢ ᠪᠠᠭᠲᠠᠭᠠᠬᠤ ᠶᠢ ᠪᠠᠷᠢᠮᠲᠠᠯᠠᠵᠤ᠂ ᠨᠡᠭᠡᠭᠡᠯᠲᠡ ᠬᠢᠵᠦ ᠡᠭᠦᠳᠦᠯᠲᠡ ᠰᠢᠨᠡᠴᠢᠯᠡᠯᠲᠡ | ᠬᠢᠬᠦ ᠶᠢ ᠪᠠᠷᠢᠮᠲᠠᠯᠠᠵᠤ᠂ ᠵᠣᠷᠢᠭᠲᠠᠢ ᠪᠠᠷ ᠲᠡᠮᠡᠴᠡᠬᠦ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠢ ᠪᠠᠷᠢᠮᠲᠠᠯᠠᠵᠤ᠂ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠬᠰᠠᠨ ᠪᠠᠶᠢᠨ᠎ᠠ᠃ ᠡᠳᠡᠭᠡᠷ ᠠᠷᠪᠠᠨ ᠵᠦᠢᠯ ᠪᠣᠯ ᠤᠷᠲᠤ | ᠬᠤᠭᠤᠴᠠᠭᠠᠨ ᠤ ᠦᠢᠯᠡᠳᠦᠯᠭᠡ ᠶᠢᠨ ᠳᠤᠮᠳᠠ ᠬᠤᠷᠠᠮᠳᠤᠭᠤᠯᠤᠭᠰᠠᠨ ᠬᠤᠪᠣᠷ ᠨᠠᠨᠳᠢᠨ ᠲᠤᠷᠰᠢᠯᠭ᠎ᠠ ᠪᠣᠯᠣᠨ᠎ᠠ᠂ ᠨᠠᠮ | ᠪᠣᠯᠣᠨ ᠠᠷᠠᠳ ᠲᠦᠮᠡᠨ ᠤ ᠬᠠᠮᠲᠤ ᠪᠠᠷ ᠡᠭᠦᠳᠦᠭᠰᠡᠨ ᠣᠶᠣᠨ ᠰᠠᠨᠠᠭᠠᠨ ᠤ ᠥᠪ ᠬᠥᠷᠥᠩᠭᠡ ᠪᠣᠯᠬᠤᠷ ᠲᠡᠭᠦᠨ ᠢ | ᠵᠠᠪᠠᠯ ᠡᠷᠬᠢᠮᠯᠡᠨ ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ | ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠡᠢ᠃ ᠪᠦᠭᠦᠳᠡ | ᠬᠤᠷᠠᠯ ᠠᠴᠠ ᠳᠤᠷᠠᠳᠬᠤ ᠳᠠᠭᠠᠨ᠂ ᠲᠤᠯᠭᠤᠷ ᠵᠣᠷᠢᠯᠲᠠ ᠪᠠᠨ ᠮᠠᠷᠲᠠᠬᠤ ᠦᠭᠡᠢ ᠪᠣᠯ ᠬᠡᠵᠢᠶᠡᠳᠡ ᠠᠮᠵᠢᠯᠲᠠ | ᠪᠦᠲᠦᠮᠵᠢ ᠲᠠᠢ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ | ᠣᠨ ᠤ ᠠᠭᠤᠤ ᠶᠡᠭᠡ ᠦᠢᠯᠡᠰ ᠲᠤ ᠰᠠᠭᠤᠷᠢᠯᠠᠵᠤ᠂ ᠵᠠᠭᠤᠨ ᠵᠢᠯ ᠤᠨ ᠴᠤᠭ ᠵᠣᠷᠢᠭ ᠪᠠᠳᠠᠷᠠᠩᠭᠤᠢ ᠴᠠᠭ ᠦᠶ᠎ᠡ ᠶᠢ | ᠡᠭᠦᠳᠦᠭᠰᠡᠨ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ ᠨᠠᠮ ᠠᠴᠠ ᠠᠷᠠᠳ ᠲᠦᠮᠡᠨ ᠪᠣᠯᠣᠨ ᠲᠡᠦᠬᠡ ᠳᠤ ᠰᠢᠯᠢᠳᠡᠭ | ᠬᠠᠷᠢᠭᠤᠯᠲᠠ ᠥᠭᠭᠦᠭᠰᠡᠨ ᠶᠤᠮ᠃ ᠣᠳᠣ ᠨᠠᠮ ᠠᠴᠠ ᠲᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠤᠶᠠᠳᠠᠭᠢ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠢᠶᠠᠨ | ᠡᠬᠢᠯᠡᠭᠦᠯᠦᠯ᠎ᠡ᠃ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠭᠡᠵᠤ ᠶᠠᠮᠠᠷ ᠨᠠᠮ ᠪᠣᠢ︖ ᠶᠠᠭᠤ | ᠬᠢᠳᠡᠭ ᠨᠠᠮ ᠪᠣᠢ︖ ᠭᠡᠳᠡᠭ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ ᠬᠥᠭᠵᠢᠯᠲᠡ ᠶᠢᠨ | ᠬᠠᠨᠳᠤᠰᠢ ᠶᠢ ᠪᠠᠲᠤ ᠡᠵᠡᠮᠳᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠤᠯᠭᠤᠷ ᠵᠣᠷᠢᠯᠲᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠳᠠᠷᠤᠤ ᠬᠢᠴᠢᠶᠡᠩᠭᠦᠢ ᠪᠠᠶᠢᠵᠤ᠂ ᠪᠠᠴᠢᠮᠳᠠᠵᠤ ᠪᠠᠷᠳᠠᠮᠨᠠᠬᠤ | ᠦᠭᠡᠢ ᠪᠠᠶᠢᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠶᠠᠮᠠᠷᠪᠠ ᠠᠶᠤᠯ ᠲᠦᠭᠰᠢᠭᠦᠷᠢ ᠠᠴᠠ ᠠᠶᠤᠵᠤ ᠰᠦᠷᠳᠡᠬᠦ | ᠦᠭᠡᠢ ᠪᠠᠶᠢᠵᠤ᠂ ᠶᠠᠮᠠᠷᠪᠠ ᠬᠠᠷᠰᠢ ᠰᠠᠭᠠᠳ ᠨᠦᠯᠦᠭᠡᠯᠡᠭᠳᠡᠬᠦ ᠦᠭᠡᠢ ᠪᠠᠶᠢᠵᠦ᠂ ᠦᠨᠳᠦᠰᠦᠨ ᠴᠢᠨᠠᠷ ᠤᠨ ᠠᠰᠠᠭᠤᠳᠠᠯ | ᠳᠡᠭᠡᠷ᠎ᠡ ᠨᠤᠭᠤᠷᠠᠯᠲᠠ ᠶᠢᠨ ᠴᠢᠨᠠᠷ ᠲᠠᠢ ᠠᠯᠳᠠᠭ᠎ᠠ ᠭᠠᠷᠭᠠᠬᠤ ᠶᠢ ᠡᠷᠡᠰ ᠴᠡᠭᠡᠷᠯᠡᠵᠦ᠂ ᠨᠢᠴᠤᠵᠤ ᠨᠤᠭᠤᠷᠠᠰᠢ ᠦᠭᠡᠢ | ᠵᠣᠷᠢᠭ ᠰᠠᠨᠠᠭ᠎ᠠ ᠪᠠᠷ ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠤᠤᠱᠲᠠᠢ ᠠᠬᠢᠭᠤᠯᠬᠤ ᠬᠡᠷᠡᠭᠲᠡᠢ ᠭᠡᠵᠡᠢ᠃ ᠪᠦᠭᠦᠳᠡ | ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠨᠠᠮ ᠢᠶᠠᠷ ᠢᠶᠠᠨ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠡᠷᠬᠡᠪᠰᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠨ᠂ | ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠤᠳᠤᠷᠢᠳᠤᠨ ᠳᠠᠭᠠᠭᠤᠯᠵᠤ᠂ ᠡᠪ ᠬᠠᠮᠲᠤ ᠨᠠᠮ ᠤᠨ ᠲᠥᠷᠥ ᠪᠠᠷᠢᠬᠤ | ᠵᠢᠮ᠎ᠡ ᠬᠠᠤᠯᠢ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠬᠠᠤᠯᠢ ᠪᠠ ᠬᠥᠮᠥᠨ ᠲᠥᠷᠥᠯᠬᠢᠲᠡᠨ ᠤ | ᠨᠡᠶᠢᠭᠡᠮ ᠤᠨ ᠬᠥᠭᠵᠢᠯᠲᠡ ᠶᠢᠨ ᠵᠢᠮ᠎ᠡ ᠬᠠᠤᠯᠢ ᠶᠢᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ | ᠬᠡᠷᠡᠭᠲᠡᠢ᠃ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠴᠢᠭᠯᠡᠯᠲᠡ ᠶᠢ ᠡᠷᠬᠡᠪᠰᠢ | ᠪᠠᠷᠢᠮᠲᠠᠯᠠᠵᠤ᠂ ︽ᠳᠥᠷᠪᠡᠨ ᠵᠦᠢᠯ ᠤᠨ ᠤᠬᠠᠮᠰᠠᠷ︾ ᠢᠶᠠᠨ ᠡᠷᠴᠢᠮᠵᠢᠭᠦᠯᠵᠦ᠂ ︽ᠳᠥᠷᠪᠡᠨ ᠵᠦᠢᠯ ᠤᠨ ᠢᠲᠡᠭᠡᠯ︾ | ᠪᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠰᠠᠶᠢᠨ ᠬᠢᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ | ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠬᠥᠭᠵᠢᠯᠲᠡ ᠶᠢᠨ ᠰᠢᠨ᠎ᠡ ᠱᠠᠲᠤ ᠦᠶ᠎ᠡ ᠳᠤ ᠰᠠᠭᠤᠷᠢᠯᠠᠨ᠂ ᠬᠥᠭᠵᠢᠯᠲᠡ ᠶᠢᠨ ᠰᠢᠨ᠎ᠡ | ᠦᠵᠡᠯᠲᠡ ᠶᠢ ᠲᠤᠤᠱᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠢ ᠪᠣᠯᠭᠠᠵᠤ᠂ ᠴᠢᠨᠠᠷᠯᠢᠭ | ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠮᠲᠤ ᠪᠠᠷ | ᠪᠠᠶᠠᠵᠢᠨ ᠴᠢᠨᠡᠭᠡᠯᠢᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠵᠦ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠬᠥᠭᠵᠢᠭᠦᠯᠵᠦ᠂ | ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ | ᠵᠠᠰᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯ ᠥᠷᠲᠡᠭ ᠤᠨ ᠦᠵᠡᠯᠲᠡ ᠶᠢᠨ ᠰᠢᠰᠲ᠋ᠧᠮ ᠢ ᠪᠠᠷᠢᠮᠲᠠᠯᠠᠵᠤ᠂ | ᠬᠥᠭᠵᠢᠯᠲᠡ ᠶᠢᠨ ᠲᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠥᠮᠥᠨ | ᠪᠣᠯᠣᠨ ᠪᠠᠶᠢᠭᠠᠯᠢ ᠶᠢᠨ ᠡᠶ᠎ᠡ ᠵᠣᠬᠢᠴᠠᠯ ᠲᠠᠢ ᠵᠡᠷᠭᠡᠴᠡᠨ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢ ᠲᠦᠷᠭᠡᠳᠬᠡᠵᠦ᠂ ᠠᠷᠠᠳ ᠲᠦᠮᠡᠨ ᠢ ᠴᠢᠨᠡᠭᠡᠯᠢᠭᠵᠢᠭᠦᠯᠬᠦ᠂ ᠤᠯᠤᠰ ᠣᠷᠣᠨ ᠢᠶᠠᠨ | ᠬᠦᠴᠦᠷᠬᠡᠭᠵᠢᠭᠦᠯᠬᠦ᠂ ᠳᠤᠮᠳᠠᠳᠤ ᠤᠯᠤᠰ ᠢ ᠦᠵᠡᠰᠬᠦᠯᠡᠩ ᠰᠠᠶᠢᠬᠠᠨ ᠪᠣᠯᠭᠠᠬᠤ ᠶᠢ ᠵᠣᠬᠢᠴᠠᠩᠭᠤᠢ ᠪᠠᠷ ᠠᠬᠢᠭᠤᠯᠬᠤ | ᠬᠡᠷᠡᠭᠲᠡᠢ ᠭᠡᠵᠡᠢ᠃ ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠨᠠᠮ ᠢᠶᠠᠷ ᠢᠶᠠᠨ ᠠᠷᠠᠳ ᠲᠦᠮᠡᠨ ᠲᠠᠢ | ᠪᠠᠶᠢᠭ᠎ᠠ ᠴᠢᠰᠤ ᠮᠢᠬᠠᠨ ᠤ ᠬᠠᠷᠢᠴᠠᠭ᠎ᠠ ᠪᠠᠨ ᠡᠷᠬᠡᠪᠰᠢ ᠥᠨᠢᠳᠡ ᠪᠠᠲᠤᠯᠠᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠥᠷᠭᠡᠨ ᠣᠯᠠᠨ ᠲᠦᠮᠡᠨ ᠤ ᠦᠨᠳᠦᠰᠦᠨ | ᠡᠷᠬᠡ ᠠᠰᠢᠭ ᠢ ᠲᠠᠰᠤᠷᠠᠯᠲᠠ ᠦᠭᠡᠢ ᠪᠡᠶᠡᠯᠡᠭᠦᠯᠵᠦ᠂ ᠰᠠᠶᠢᠨ ᠬᠠᠮᠠᠭᠠᠯᠠᠵᠤ᠂ ᠰᠠᠶᠢᠨ ᠬᠥᠭᠵᠢᠭᠦᠯᠵᠦ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠳᠡᠨ ᠤ ᠰᠠᠶᠢᠨ | ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠮᠡᠷᠡᠶᠢᠨ ᠲᠡᠮᠡᠴᠡᠬᠦ ᠬᠡᠷᠡᠭᠲᠡᠢ᠃ ᠪᠦᠬᠦ ᠨᠠᠮ ᠢᠶᠠᠷ ᠢᠶᠠᠨ | ᠡᠷᠬᠡᠪᠰᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠠᠵᠢᠯᠯᠠᠵᠤ᠂ ᠲᠡᠳᠡᠨ ᠳᠤ ᠪᠤᠶᠠᠨ ᠵᠢᠷᠭᠠᠯ | ᠡᠳ᠋ᠯᠡᠭᠦᠯᠬᠦ ᠳᠤ ᠠᠯᠢᠪᠠ ᠪᠠᠨ ᠵᠣᠷᠢᠭᠤᠯᠵᠤ᠂ ᠠᠷᠠᠳ ᠲᠦᠮᠡᠨ ᠤ ᠲᠥᠯᠥᠭᠡ ᠠᠯᠤᠰ ᠬᠡᠲᠦ ᠶᠢ ᠪᠣᠳᠣᠯᠬᠢᠯᠠᠨ᠂ | ᠪᠠᠶᠢᠩᠭᠤ ᠰᠠᠨᠠᠭᠠᠰᠢᠷᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ | ᠨᠠᠮ ᠤᠨ ᠠᠷᠢᠭᠤᠨ ᠴᠢᠬᠡᠴᠢ ᠪᠠᠷ ᠲᠥᠷᠥ ᠪᠠᠷᠢᠬᠤ ᠪᠠᠶᠢᠭᠤᠯᠤᠯᠲᠠ ᠪᠣᠯᠣᠨ ᠠᠪᠯᠢᠭᠠᠯ ᠢ ᠡᠰᠡᠷᠭᠦᠴᠡᠬᠦ ᠲᠡᠮᠡᠴᠡᠯ ᠢ | ᠡᠷᠡᠰ ᠭᠤᠶᠢᠪᠢᠰᠢ ᠦᠭᠡᠢ ᠠᠬᠢᠭᠤᠯᠵᠤ᠂ ᠬᠠᠷᠰᠢᠯᠠᠭᠳᠠᠰᠢ ᠦᠭᠡᠢ ᠪᠠᠶᠢᠬᠤ᠂ ᠳᠠᠷᠤᠭᠳᠠᠰᠢ ᠦᠭᠡᠢ ᠪᠠᠶᠢᠬᠤ ᠶᠢ | ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠤᠨ᠂ ᠬᠦᠴᠢᠷ | ᠪᠡᠷᠬᠡ ᠶᠢ ᠢᠯᠠᠨ ᠳᠠᠪᠠᠵᠤ᠂ ᠥᠨᠢᠳᠡ ᠤᠷᠤᠭᠰᠢᠯᠠᠬᠤ ᠬᠡᠷᠡᠭᠲᠡᠢ ᠭᠡᠵᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ | ᠳᠣᠣᠷ᠎ᠠ ᠬᠠᠭᠠᠰ ᠵᠢᠯ ᠳᠤ ᠪᠡᠭᠡᠵᠢᠩ ᠳᠤ ᠬᠤᠷᠠᠯᠳᠤᠭᠤᠯᠬᠤ ᠪᠠᠷ ᠪᠦᠭᠦᠳᠡ ᠬᠤᠷᠠᠯ ᠠᠴᠠ ᠲᠣᠭᠲᠠᠭᠰᠠᠨ ᠪᠠᠶᠢᠨ᠎ᠠ᠃ | ᠪᠦᠭᠦᠳᠡ ᠬᠤᠷᠠᠯ ᠠᠴᠠ ᠦᠵᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠮᠠᠨ ᠤ ᠨᠠᠮ ᠤᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠱᠠᠲᠤᠨ ᠳᠤ ᠣᠷᠣᠭᠰᠠᠨ᠂ ᠬᠤᠶᠠᠳᠠᠭᠢ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠷ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠦᠭᠰᠡᠨ | ᠴᠢᠬᠤᠯᠠ ᠴᠠᠭ ᠦᠶ᠎ᠡ ᠳᠤ ᠬᠤᠷᠠᠯᠳᠤᠭᠤᠯᠬᠤ ᠪᠠᠷ ᠪᠠᠶᠢᠭ᠎ᠠ ᠮᠠᠰᠢ ᠴᠢᠬᠤᠯᠠ ᠶᠡᠭᠡ ᠬᠤᠷᠠᠯ ᠪᠣᠯᠣᠨ᠎ᠠ᠂ ᠨᠠᠮ | ᠲᠥᠷᠥ ᠶᠢᠨ ᠤᠯᠤᠰ ᠲᠥᠷᠥ ᠶᠢᠨ ᠠᠮᠢᠳᠤᠷᠠᠯ ᠳᠠᠬᠢ ᠲᠣᠮᠣ ᠴᠢᠬᠤᠯᠠ ᠶᠠᠪᠤᠳᠠᠯ ᠪᠣᠯᠣᠨ᠎ᠠ᠃ ᠪᠦᠬᠦ ᠨᠠᠮ ᠢᠶᠠᠷ ᠢᠶᠠᠨ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠪᠠᠷ ᠨᠡᠭᠡᠭᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠬᠠᠷᠠᠭᠤᠯᠤᠭᠰᠠᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠳᠤ ᠨᠡᠩ ᠶᠡᠭᠡ | ᠰᠢᠨ᠎ᠡ ᠬᠤᠪᠢ ᠨᠡᠮᠡᠷᠢ ᠪᠠᠨ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠢ ᠤᠭᠲᠤᠬᠤ ᠬᠡᠷᠡᠭᠲᠡᠢ ᠭᠡᠵᠡᠢ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ | ᠠᠷᠠᠳ ᠲᠦᠮᠡᠨ ᠨᠦᠬᠦᠷ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ | ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠪᠠᠶᠢᠭᠤᠯᠤᠬᠰᠠᠨ ᠠᠭᠤᠤ ᠶᠡᠭᠡ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠩᠬᠡᠷᠡᠭᠰᠡᠨ ᠤ ᠠᠮᠰᠠᠭᠰᠠᠨ ᠬᠠᠯᠠ ᠵᠤᠪᠠᠯᠠᠩ ᠪᠠ ᠤᠯᠤᠭᠰᠠᠨ | ᠬᠢᠯᠠᠯᠵᠠᠭᠰᠠᠨ ᠠᠮᠵᠢᠯᠳᠡ ᠪᠦᠳᠦᠬᠡᠯ ᠢᠶᠠᠨ ᠪᠠᠳᠤ ᠴᠡᠭᠡᠵᠢᠯᠡᠵᠦ᠂ ᠦᠨᠦᠳᠦᠷ ᠲᠤᠯᠭᠠᠷᠠᠵᠤ ᠪᠠᠶᠢᠬᠤ ᠡᠬᠦᠷᠭᠡ | ᠬᠠᠷᠢᠭᠤᠴᠠᠯᠭ᠎ᠠ ᠳᠠᠭᠠᠨ ᠤᠰᠤᠯᠳᠤᠬᠤ ᠦᠬᠡᠢ᠂ ᠢᠷᠡᠬᠦ ᠮᠠᠷᠭᠠᠰᠢ ᠶᠢᠨ ᠠᠭᠤᠤ ᠶᠡᠭᠡ ᠬᠦᠰᠡᠯᠡᠩ ᠢᠶᠠᠨ ᠬᠦᠰᠡᠷᠳᠡᠬᠦᠯᠬᠦ | ᠦᠬᠡᠢ ᠪᠠᠶᠢᠵᠦ᠂ ᠲᠡᠤᠭᠡ ᠪᠠᠷ ᠯᠠᠪᠯᠠᠯᠳᠠ ᠪᠤᠯᠭᠠᠨ ᠢᠷᠡᠬᠡᠳᠦᠢ ᠶᠢ ᠨᠡᠭᠡᠭᠡᠵᠦ᠂ ᠰᠢᠷᠭᠠᠭᠤ ᠬᠠᠳᠠᠭᠤᠵᠢᠯᠳᠡᠢ | ᠠᠵᠢᠯᠯᠠᠵᠤ᠂ ᠵᠤᠷᠢᠭᠲᠠᠢ ᠪᠠᠷ ᠮᠡᠷᠡᠶᠢᠨ ᠴᠢᠷᠮᠠᠶᠢᠵᠦ᠂ ᠬᠤᠶᠠᠳᠡᠬᠢ ᠵᠠᠭᠤᠨ ᠵᠢᠯ ᠤᠨ ᠲᠡᠮᠡᠴᠡᠯ ᠤᠨ ᠬᠠᠷᠠᠯᠳᠡ ᠶᠢ | ᠪᠡᠶᠡᠯᠡᠬᠦᠯᠦᠨ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠬᠠᠷᠠᠭᠤᠯᠤᠭᠰᠠᠨ | ᠲᠤᠮᠳᠠᠳᠤ ᠤᠯᠤᠰ ᠤᠨ ᠬᠦᠰᠡᠯ ᠢ ᠪᠡᠶᠡᠯᠡᠬᠦᠯᠬᠦ ᠶᠢᠨ ᠲᠦᠯᠦᠬᠡ ᠴᠦᠬᠦᠷᠡᠰᠢ ᠦᠬᠡᠢ ᠲᠡᠮᠡᠴᠡᠵᠡᠬᠡᠶ᠎ᠡ᠃ ᠦᠩᠬᠡᠷᠡᠭᠰᠡᠨ | ᠵᠠᠭᠤᠨ ᠵᠢᠯ ᠳᠤ ᠠᠭᠤᠤ ᠶᠡᠭᠡ ᠢᠯᠠᠯᠳᠠ ᠪᠤᠯᠤᠨ ᠢᠷᠠᠭᠤ ᠠᠯᠳᠡᠷ ᠢ ᠲᠡᠮᠡᠴᠡᠨ ᠤᠯᠤᠭᠰᠠᠨ ᠲᠤᠮᠳᠠᠳᠤ ᠤᠯᠤᠰ ᠤᠨ | ᠡᠪ ᠬᠠᠮᠳᠤ ᠨᠠᠮ ᠪᠤᠯᠤᠨ ᠠᠷᠠᠳ ᠲᠦᠮᠡᠨ ᠰᠢᠨ᠎ᠡ ᠴᠠᠭ ᠦᠶ᠎ᠡ ᠶᠢᠨ ᠰᠢᠨ᠎ᠡ ᠵᠠᠮᠨᠡᠯ ᠲᠡᠭᠡᠷ᠎ᠡ ᠪᠠᠨ ᠨᠡᠩ ᠠᠭᠤᠤ ᠶᠡᠭᠡ | ᠢᠯᠠᠯᠳᠠ ᠪᠤᠯᠤᠨ ᠢᠷᠠᠭᠤ ᠠᠯᠳᠡᠷ ᠢ ᠲᠡᠮᠡᠴᠡᠨ ᠤᠯᠬᠤ ᠴᠢᠳᠡᠨ᠎ᠡ ᠭᠡᠳᠡᠭ ᠲᠤ ᠪᠢᠳᠡ ᠪᠦᠷᠢᠨ ᠢᠳᠡᠬᠡᠯ ᠲᠠᠢ ᠪᠠᠶᠢᠨ᠎ᠠ | ᠬᠡᠵᠦ ᠨᠠᠮ ᠤᠨ ᠲᠦᠪ ᠬᠤᠷᠢᠶᠠᠨ ᠠᠴᠠ ᠤᠷᠢᠶᠠᠯᠠᠭᠰᠠᠨ ᠪᠠᠶᠢᠨ᠎ᠠ᠃ | | |