ᠦ᠋ ᠹᠧᠨ ᠳ᠋ᠢ ᠪᠠᠯᠭᠠᠰᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/12/17
   ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠯᠠᠨ ᠭᠠᠵᠠᠷ ᠲᠤ ᠲᠠᠷᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ  ᠬᠦᠮᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ   ᠶᠢᠨ ᠲᠦᠯᠦᠬᠡ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠦ᠋ ᠹᠧᠨ ᠳ᠋ᠢ ᠪᠠᠯᠭᠠᠰᠤ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠥᠬᠦ ᠶᠠᠪᠤᠴᠠ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠪᠦᠬᠦ᠋ᠢᠯᠡ ᠰᠣᠷᠢᠯᠲᠠ ᠶᠢᠨ ᠶᠠᠪᠤᠴᠠ ᠳᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂   ᠣᠯᠠᠨ ᠳᠤ ᠪᠥᠬᠦ ᠠᠵᠢᠯᠲᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ ᠭᠤᠭᠴᠤᠭ᠎ᠠ ᠪᠠ ᠶᠠᠪᠤᠴᠠ ᠶᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠤ ᠰᠢᠨᠵᠢᠯᠡᠬᠦ ᠤᠬᠠᠭᠠᠨᠴᠢ ᠵᠣᠬᠢᠶᠠᠨ ᠪᠠᠶᠢᠭᠤᠯᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠪᠠ ᠠᠶᠤᠯ ᠲᠦᠭᠰᠢᠭᠦᠷᠢ ᠶᠢ ᠠᠷᠭᠠᠴᠠᠬᠤ ᠳᠤ ᠪᠣᠳᠠᠲᠤ ᠪᠠᠶᠢᠯᠳᠤᠭᠠᠨ ᠤ ᠲᠤᠷᠰᠢᠯᠭ᠎ᠠ ᠬᠤᠷᠠᠮᠳᠤᠭᠤᠯᠵᠤ᠂ ᠦ᠋ ᠹᠧᠨ ᠳ᠋ᠢ ᠪᠠᠯᠭᠠᠰᠤ ᠶᠢᠨ ᠶᠡᠭᠡ ᠬᠡᠪᠴᠢᠶᠡᠨ ᠤ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠢ ᠠᠷᠭᠠᠴᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号