ᠤᠳᠠᠨᠳᠤᠬᠤᠢ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢᠨ ᠴᠡᠭ ᠢ ᠶᠡᠭᠡ ᠪᠠᠷ ᠵᠢᠭᠰᠠᠭᠠᠨ  ᠪᠠᠶᠢᠴᠠᠭᠠᠵᠤ᠂  ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠢ ᠰᠠᠶᠢᠳᠤᠷ ᠠᠳᠬᠤᠪᠠ
ᠨᠡᠶᠢᠲᠡᠯᠡᠭᠰᠡᠨ ᠴᠠᠭ᠄
2021/12/17
    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠬᠤᠰᠢᠭᠤ ᠬᠤᠶᠠᠷ ᠱᠠᠲᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽︿ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢᠨ ᠴᠡᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ 12 ᠰᠠᠷ᠎ᠠ ᠶᠢᠨ 15 ᠤ ᠡᠳᠦᠷ᠂ ᠤᠳᠠᠨᠳᠤᠬᠤᠢ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢᠨ ᠴᠡᠭ ᠢ ᠶᠡᠭᠡ ᠪᠠᠷ ᠵᠢᠭᠰᠠᠭᠠᠨ  ᠪᠠᠶᠢᠴᠠᠭᠠᠵᠤ᠂ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠲᠣᠰ ᠤᠳᠠᠭᠠᠨ ᠤ ᠠᠵᠢᠯᠯᠠᠭ᠎ᠠ ᠳᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠬᠠᠮᠢᠶ᠎ᠠ ᠪᠦᠬᠦᠢ ᠬᠦᠮᠤᠰ ᠬᠥᠳᠡᠯᠦᠯᠴᠡᠨ᠂ ᠪᠠᠯᠭᠠᠰᠤᠨ ᠤ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠠᠴᠠ 20 ᠭᠠᠷᠤᠶ ᠺᠠᠳ᠋ᠷ ᠰᠢᠯᠵᠢᠭᠦᠯᠦᠨ ᠠᠪᠴᠢᠷᠠᠵᠤ᠂ 6 ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠪᠠᠯᠭᠠᠰᠤᠨ ᠤ ᠪᠣᠶ ᠪᠥᠬᠦᠶ ᠬᠤᠪᠢ ᠶᠢᠨ ᠦᠢᠯᠡᠳᠪᠤᠷᠢ ᠬᠤᠳᠠᠯᠳᠤᠭ᠎ᠠ᠂ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠵᠡᠷᠭᠡ ᠳᠤ ᠨᠡᠶᠢᠳᠡᠮ ᠪᠠᠶᠢᠴᠠᠭᠠᠯᠲᠠ ᠬᠢᠪᠠ᠃     ᠬᠤᠳᠠᠯᠳᠤᠭᠠᠨ ᠤ ᠲᠠᠯᠠᠪᠠᠶ᠂ ᠬᠡᠲᠦ ᠳᠡᠯᠭᠡᠭᠦᠷ᠂ ᠡᠮ ᠤᠨ ᠳᠡᠯᠭᠡᠭᠦᠷ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠠᠶᠢᠴᠠᠭᠠᠬᠤ ᠳᠤ ᠪᠠᠨ ᠪᠠᠶᠢᠴᠠᠭᠠᠬᠤ ᠳᠤᠭᠤᠶᠢᠯᠠᠩ ᠺᠣᠳ᠋ ᠰᠢᠷᠪᠢᠬᠦ᠂ ᠪᠡᠶ᠎ᠡ ᠶᠢᠨ ᠲᠤᠯᠠᠭᠠᠨ ᠢ ᠬᠡᠮᠵᠢᠬᠦ᠂ ᠠᠷᠢᠭᠤᠳᠬᠠᠬᠤ᠂ ︽ᠨᠢᠭᠡ ᠮᠧᠲᠷ ᠤᠨ ᠱᠤᠭᠤᠮ︾ ᠢ ᠪᠠᠶᠢᠷᠢᠯᠠᠭᠤᠯᠤᠭᠰᠠᠨ ᠵᠡᠷᠭᠡ ᠪᠠᠶᠢᠳᠠᠯ ᠢ ᠴᠢᠩᠭ᠎ᠠ ᠬᠠᠷᠭᠤᠭᠤᠯᠤᠨ ᠪᠠᠶᠢᠴᠠᠭᠠᠬᠤ ᠶᠢᠨ ᠬᠠᠮᠲᠤ᠂ ᠡᠯ᠎ᠡ ᠡᠵᠡᠩᠨᠡᠯᠲᠡ ᠶᠢᠨ ᠭᠠᠵᠠᠷ ᠲᠤ ᠠᠶᠠᠯᠠᠯ ᠤᠨ ᠵᠠᠮ ᠤᠨ ᠺᠣᠳ᠋᠂ ᠡᠷᠡᠭᠦᠯ ᠮᠡᠨᠳᠦ ᠶᠢᠨ ᠺᠣᠳ᠋ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ ᠢ ᠵᠥᠪ ᠣᠨᠣᠪᠴᠢᠲᠠᠶ ᠨᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠨᠢᠭᠡᠳ ᠨᠢᠭᠡ ᠪᠠᠷ ᠳᠠᠩᠰᠠᠯᠠᠵᠤ᠂ ᠳᠠᠷᠦ᠋ᠢᠬᠠᠨ ᠴᠡᠭᠴᠡᠯᠡᠨ  ᠰᠠᠶᠢᠵᠢᠷᠠᠭᠤᠯᠪᠠ᠃    ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠥᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠳᠠᠯᠳᠠ ᠬᠡᠮ ᠢ ᠤᠯᠠᠮ ᠨᠢᠭᠡ ᠠᠯᠬᠤᠮ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠨᠢᠭᠲᠠ ᠰᠦᠯᠵᠢᠨ ᠪᠠᠬᠢᠵᠢᠭᠦᠯᠵᠦ᠂ ᠡᠨᠡ ᠡᠪᠦᠯ ᠢᠷᠡᠬᠦ ᠬᠠᠪᠤᠷ ᠢᠯᠠᠩᠭᠤᠶ᠎ᠠ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ  ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号