ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/12/2
                                    ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ 2021 ᠣᠨ ᠤ 11 ᠰᠠᠷ᠎ᠠ ᠶᠢᠨ 21  ᠤ ᠡᠳᠦᠷ ᠠᠴᠠ 2022 ᠣᠨ ᠤ 1 ᠰᠠᠷ᠎ᠠ ᠶᠢᠨ 4 ᠤ ᠡᠳᠦᠷ ᠪᠣᠯᠲᠠᠯ᠎ᠠ ᠣᠩᠨᠢᠭᠤᠳ ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ᠂ ᠠᠮᠤ ᠪᠤᠳᠠᠭ᠎ᠠ ᠳᠤ ᠬᠤᠯᠪᠣᠭᠳᠠᠬᠤ ᠬᠠᠮᠢᠶ᠎ᠠ ᠪᠥᠬᠦᠶ ᠨᠢᠬᠡᠴᠢ ︵ᠤᠯᠤᠰ ᠤᠨ ᠥᠮᠴᠢᠯᠡᠯ ᠤᠨ ᠠᠵᠤ ᠠᠬᠤᠶᠢᠯᠠᠯ︶᠂ ᠤᠯᠤᠰ ᠤᠨ ᠥᠮᠴᠢᠯᠡᠯ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ︵ᠠᠮᠤ ᠪᠤᠳᠠᠭᠠᠨ ᠤ ᠬᠥᠮᠥᠷᠭᠡ︶ ᠳᠤ 45 ᠡᠳᠦᠷ ᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠪᠣᠯᠤᠨ᠎ᠠ᠃        ᠲᠤᠭᠤᠷᠢᠨ ᠪᠠᠶᠢᠴᠠᠭᠠᠬᠤ ᠬᠤᠭᠤᠴᠠᠭᠠᠨ ᠳᠤ ᠲᠤᠭᠤᠷᠢᠨ ᠪᠠᠶᠢᠴᠠᠭᠠᠬᠤ ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠰᠢᠰᠲ᠋ᠧᠮ ᠤᠨ ᠢᠯᠵᠢᠷᠡᠯ ᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ᠎ᠠ᠃ ᠤᠯᠤᠰ ᠲᠥᠷᠥ ᠶᠢᠨ ᠲᠤᠭᠤᠷᠢᠨ ᠪᠠᠶᠢᠴᠠᠭᠠᠬᠤ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ︽ᠳᠥᠷᠪᠡᠨ ᠤᠬᠠᠮᠰᠠᠷ︾ ᠢᠶᠠᠷ ᠤᠯᠤᠰ ᠲᠥᠷᠥ ᠶᠢᠨ ᠬᠡᠪ ᠳᠠᠭᠤᠷᠢᠶᠠᠯ ᠪᠤᠯᠭᠠᠵᠤ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠤᠯᠤᠰ ᠲᠥᠷᠥ ᠶᠢᠨ ᠡᠭᠦᠷᠭᠡ ᠪᠣᠯᠭᠠᠨ᠎ᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢᠨ ᠬᠠᠷᠢᠭᠤᠴᠠᠯᠭ᠎ᠠ ᠪᠠ ᠡᠷᠬᠡ ᠶᠢᠨ ᠢᠯᠵᠠᠷᠠᠯ ᠤᠨ ᠠᠰᠠᠭᠤᠳᠠᠯ ᠢ ᠴᠢᠩᠭ᠎ᠠ ᠠᠳᠬᠤᠵᠤ᠂ ᠤᠳᠤᠷᠢᠳᠬᠤ ᠪᠠᠭ ᠪᠣᠯᠤᠨ ︽ᠴᠥᠭᠡᠨ ᠲᠤᠭᠠᠨ ᠤ ᠵᠠᠩᠭᠢᠯᠠᠭ᠎ᠠ ᠶᠢᠨ ᠬᠦᠮᠤᠰ︾ ᠲᠤ ᠴᠢᠩᠭ᠎ᠠ ᠠᠩᠬᠠᠷᠤᠯ ᠲᠠᠯᠪᠢᠨ᠎ᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ    ᠶᠢᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠮᠤ ᠪᠤᠳᠠᠭᠠᠨ ᠤ ᠠᠮᠤᠷ ᠲᠦᠪᠰᠢᠨ ᠤ ᠲᠤᠬᠠᠶ ᠨᠠᠮ ᠤᠨ ᠲᠥᠪ ᠬᠤᠷᠢᠶᠠᠨ ᠤ ᠰᠢᠢᠳᠪᠤᠷᠢᠲᠤ ᠪᠣᠳᠣᠯᠭ᠎ᠠ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠤ ᠪᠤᠳᠠᠭ᠎ᠠ ᠳᠤ ᠬᠤᠯᠪᠣᠭᠳᠠᠬᠤ ᠬᠠᠮᠢᠶ᠎ᠠ ᠪᠦᠬᠦᠢ  ᠨᠢᠬᠡᠴᠢ ᠶᠢᠨ ᠭᠤᠣᠯᠴᠢᠯᠠᠨ ᠬᠠᠮᠢᠶᠠᠷᠬᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠪᠠ ᠠᠮᠤ ᠪᠤᠳᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠲᠣᠪᠤᠶᠢᠯᠭᠠᠨ᠎ᠠ᠂ ᠠᠮᠤ ᠪᠤᠳᠠᠭ᠎ᠠ ᠳᠤ ᠬᠤᠯᠪᠣᠭᠳᠠᠬᠤ ᠬᠤᠯᠪᠣᠭᠳᠠᠯ ᠪᠦᠬᠦᠢ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠨ ᠤ ᠠᠮᠤ ᠪᠤᠳᠠᠭ᠎ᠠ ᠬᠤᠳᠠᠯᠳᠤᠨ ᠠᠪᠬᠤ᠂ ᠪᠣᠷᠣᠯᠠᠭᠤᠯᠬᠤ᠂ ᠬᠠᠳᠠᠭᠠᠯᠠᠬᠤ ᠵᠡᠷᠭᠡ ᠵᠠᠩᠭᠢᠯᠠᠭ᠎ᠠ ᠳᠤ ᠣᠷᠣᠰᠢᠵᠤ ᠪᠠᠶᠢᠭ᠎ᠠ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠬᠦᠴᠦᠯᠡᠨ  ᠢᠯᠡᠷᠡᠬᠦᠯᠤᠨ᠎ᠠ᠃      ᠲᠣᠭᠤᠷᠢᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠭᠤᠤᠯᠳᠠᠭᠤ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠪᠦᠷᠢᠯᠳᠦᠬᠦᠨ᠂ ᠬᠤᠰᠢᠭᠤᠨ ᠤ ᠬᠠᠮᠢᠶᠠᠷᠤᠯᠲᠠ ᠶᠢᠨ ᠺᠠᠳ᠋ᠷ ᠪᠠ ᠴᠢᠬᠤᠯᠠ ᠠᠵᠢᠯ ᠤᠨ ᠪᠠᠶᠢᠷᠢᠨ ᠳᠤ ᠪᠠᠶᠢᠭ᠎ᠠ ᠺᠠᠳ᠋ᠷ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠳᠤᠭᠤᠶᠢᠯᠠᠩ ᠵᠢᠴᠢ ᠪᠦᠷᠢᠯᠳᠦᠬᠦᠨ ᠲᠠᠢ ᠬᠤᠯᠪᠤᠭᠳᠠᠭᠰᠠᠨ ᠠᠰᠠᠭᠤᠳᠠᠯ ᠤᠨ ᠲᠤᠰᠬᠠᠯ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠤᠷᠢᠯᠡᠨ᠎ᠠ᠃ ᠲᠤᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠲᠠᠢ ᠬᠤᠯᠪᠤᠭᠳᠠᠬᠤ ᠦᠭᠡᠢ ᠪᠤᠰᠤᠳ ᠬᠤᠪᠢ ᠬᠥᠮᠦᠨ ᠤ ᠭᠤᠶᠤᠴᠢᠯᠠᠯ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ  ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠲᠤᠰᠬᠠᠬᠤ ᠪᠣᠯᠪᠠᠤ᠃        ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ᠄ 2021 ᠣᠨ ᠤ 11 ᠰᠠᠷ᠎ᠠ ᠶᠢᠨ 22 ᠤᠨ ᠡᠳᠦᠷ ᠠᠴᠠ 12 ᠰᠠᠷ᠎ᠠ ᠶᠢᠨ 31 ᠤ ᠡᠳᠦᠷ᠃       ᠰᠤᠷᠪᠤᠯᠵᠢᠯᠠᠭ᠎ᠠ ᠬᠦᠯᠢᠶᠡᠬᠦ ᠠᠷᠭ᠎ᠠ ᠬᠡᠯᠪᠡᠷᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠣᠯᠵᠣ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠤᠲᠠᠰᠤ ᠪᠠᠷ ᠰᠤᠷᠪᠤᠯᠵᠢᠯᠠᠭ᠎ᠠ ᠬᠦᠯᠢᠶᠠᠨ᠂ ᠬᠤᠯᠪᠣᠭᠳᠠᠯ ᠪᠥᠬᠦᠶ ᠵᠠᠬᠢᠳᠠᠯ ᠰᠤᠷᠪᠤᠯᠵᠢᠯᠠᠭ᠎ᠠ ᠶᠢᠨ ᠮᠠᠲ᠋ᠧᠷᠢᠶᠠᠯ ᠢ ᠬᠤᠷᠢᠶᠠᠨ ᠠᠪᠬᠤ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠂ ᠬᠡᠷᠪᠡ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢ ᠨᠢᠭᠤᠷᠲᠠᠨ ᠲᠤᠰᠬᠠᠬᠤ ᠴᠢᠬᠤᠯᠠᠲᠠᠶ ᠪᠣᠯ᠂ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠤᠲᠠᠰᠤ ᠪᠠᠷ ᠬᠠᠷᠢᠯᠴᠠᠵᠤ᠂ ᠰᠤᠷᠪᠤᠯᠵᠢᠯᠠᠭ᠎ᠠ ᠬᠦᠯᠢᠶᠡᠬᠦ ᠴᠠᠭ᠂ ᠰᠤᠷᠪᠤᠯᠵᠢᠯᠠᠭ᠎ᠠ ᠬᠦᠯᠢᠶᠡᠬᠦ ᠭᠠᠵᠠᠷ ᠢ ᠪᠣᠯᠵᠣᠨ ᠲᠣᠭᠲᠠᠭᠠᠷᠠᠶ᠃        ᠵᠠᠬᠢᠳᠠᠯ ᠰᠤᠷᠪᠤᠯᠵᠢᠯᠠᠭ᠎ᠠ   ᠶᠢᠨ ᠢᠯᠡᠴᠢᠯᠡᠨ ᠮᠡᠳᠡᠭᠦᠯᠬᠦ ᠤᠲᠠᠰᠤ᠄ 13274766270᠃      ︵ᠵᠠᠬᠢᠳᠠᠯ ᠰᠤᠷᠪᠤᠯᠵᠢᠯᠠᠭ᠎ᠠ ᠶᠢ ᠬᠦᠯᠢᠶᠠᠨ ᠠᠪᠴᠤ ᠪᠠᠶᠢᠭ᠎ᠠ ᠭᠠᠵᠠᠷ ᠤᠨ ᠵᠢᠵᠢᠭᠦᠷᠯᠡᠬᠦ ᠴᠠᠭ᠄ ᠦᠳᠡ ᠶᠢᠨ ᠡᠮᠦᠨ᠎ᠡ 8᠄ 30 — 12᠄ 00 ᠴᠠᠭ  ᠃ ᠦᠳᠡ ᠶᠢᠨ ᠬᠤᠶᠢᠨ᠎ᠠ 14᠄ 30 — 17᠄ 30  ︶        ᠢᠯᠡᠴᠢᠯᠡᠨ ᠮᠡᠳᠡᠭᠦᠯᠬᠦ ᠭᠠᠵᠠᠷ᠄ ᠴᠢᠤᠸᠠᠨ ᠨᠢᠩ ᠪᠠᠭᠤᠳᠠᠯ ᠤᠨ ᠵᠡᠭᠦᠨ ᠲᠠᠯ᠎ᠠ ᠳᠠᠬᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ᠃ ᠲᠤᠰ ᠡᠭᠡᠯᠵᠢ ᠶᠢᠨ  ᠲᠤᠭᠤᠷᠢᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠷᠭᠡᠨ ᠤᠯᠠᠨ ᠺᠠᠳ᠋ᠷ ᠤᠯᠠᠨ ᠲᠦᠮᠡᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ᠬᠢᠨᠠᠯᠲᠠ ᠲᠠᠯᠪᠢᠬᠤ ᠤᠲᠠᠰᠤ᠄ 0476—8301791 ︵ᠵᠥᠪᠬᠡᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠢ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ  ᠰᠢᠢᠳᠪᠤᠷᠢᠯᠠᠨ᠎ᠠ︶᠃                      ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ  ᠲᠤᠭᠤᠶᠢᠯᠠᠩ                          2021 ᠣᠨ ᠤ 11 ᠰᠠᠷ᠎ᠠ ᠶᠢᠨ 22  ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号