ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/12/28
           ︽ᠤᠯᠠᠭᠠᠨᠬᠠᠳᠠ ᠬᠤᠲᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀᠎ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠠᠳᠠ ᠬᠤᠲᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀᠎ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ 2021 ᠣᠨ ᠤ 10 ᠰᠠᠷ᠎ᠠ ᠶᠢᠨ 29 ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ ︽︿ᠭᠤᠷᠪᠠᠨ ᠱᠤᠭᠤᠮ ᠨᠢᠭᠡ ᠬᠠᠭᠤᠳᠠᠰᠤ﹀᠎ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠠᠶᠢᠮᠠᠭ ᠬᠤᠲᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀᠎ ᠶᠢᠨ ᠬᠡᠷᠡᠭᠯᠡᠯᠲᠡ ᠶᠢ ᠬᠡᠷᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠣᠷᠴᠢᠨ ᠲᠣᠭᠤᠷᠢᠨ ᠤ ᠠᠯᠪᠠᠨ ﹇2021﹈ 53 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠬᠡᠷᠡᠭᠯᠡᠯᠲᠡ ᠶᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠣᠷᠴᠢᠨ ᠲᠣᠭᠤᠷᠢᠨ ᠤ ᠠᠯᠪᠠᠨ ﹇2021﹈ 53 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠬᠦ ᠶᠢᠨ ᠲᠥᠯᠥᠭᠡ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠣᠨᠴᠠᠯᠢᠭ ᠪᠣᠯᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾ ︵ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠬᠠᠭᠤᠳᠠᠰᠤ︶᠎ ᠶᠢ ᠬᠡᠷᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠤᠬᠠᠢ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃            ᠨᠢᠭᠡ᠂ ᠶᠡᠷᠦᠩᠬᠡᠶ ᠱᠠᠭᠠᠷᠳᠠᠯᠭ᠎ᠠ         ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ︽ᠬᠦᠷᠢᠶ᠎ᠡ ᠬᠡᠪᠴᠢᠶ᠎ᠡ ᠶᠢ ᠬᠤᠪᠢᠶᠠᠷᠢᠯᠠᠬᠤ᠂ ᠳᠦᠷᠢᠮ ᠲᠣᠭᠲᠠᠭᠠᠯ ᠲᠣᠭᠲᠠᠭᠠᠬᠤ᠂ ᠰᠠᠭᠤᠷᠢ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠰᠡᠳᠬᠢᠴᠡ ᠶᠢᠨ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ ︽ᠭᠤᠷᠪᠠᠨ ᠱᠤᠭᠤᠮ ᠨᠢᠭᠡ ᠬᠠᠭᠤᠳᠠᠰᠤ︾᠎ ᠪᠠᠷ ᠭᠤᠣᠯ ᠪᠣᠯᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃        ︵ᠬᠤᠶᠠᠷ︶ ᠦᠨᠳᠦᠰᠦᠨ ᠵᠠᠷᠴᠢᠮ᠃ 1. ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ︽ᠠᠷᠢᠭᠤᠨ ᠲᠤᠩᠭᠠᠯᠠᠭ ᠣᠷᠴᠢᠨ ᠲᠣᠭᠤᠷᠢᠨ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠤᠨ ᠴᠢᠩᠭ᠎ᠠ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ 2. ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠪᠠᠷᠢᠮᠲᠠᠯᠠᠨ᠎ᠠ᠃ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠡ ᠶᠢ ᠬᠤᠪᠢᠶᠠᠷᠢᠯᠠᠨ ᠲᠣᠭᠲᠠᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠵᠥᠷᠢᠶᠡᠲᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ 3. ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢ ᠪᠠᠷᠢᠮᠲᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ᠂ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ᠂ ᠣᠷᠣᠨ ᠪᠦᠰᠡ ᠶᠢᠨ ᠬᠠᠮᠵᠢᠯᠴᠠᠬᠤ ᠵᠠᠷᠴᠢᠮ ᠶᠣᠰᠣᠭᠠᠷ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠥᠳᠡᠯᠦᠩᠭᠦᠢ ᠪᠠᠷ ᠰᠢᠨᠡᠳᠬᠡᠨ ᠲᠣᠬᠢᠷᠠᠭᠤᠯᠤᠨ᠎ᠠ᠃          ︵ᠭᠤᠷᠪᠠ︶ ᠭᠤᠤᠯ ᠬᠠᠷᠠᠯᠲᠠ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠱᠤᠭᠤᠮ ᠨᠢᠭᠡ ᠬᠠᠭᠤᠳᠠᠰᠤ︾᠎ ᠶᠢ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠳᠤ ᠲᠣᠭᠲᠠᠭᠠᠭᠰᠠᠨ ᠦᠨᠳᠦᠰᠦᠨ ᠪᠣᠷᠣ ᠲᠥᠯᠥᠪ ᠪᠠ ᠶᠡᠷᠦᠩᠬᠡᠶ ᠱᠠᠭᠠᠷᠳᠠᠯᠭ᠎ᠠ ᠶᠢᠨ ᠳᠣᠤᠷ᠎ᠠ᠂ ᠮᠠᠨ ᠤ ᠬᠤᠲᠠ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠰᠤᠳᠤᠯᠭᠠᠨ ᠤ ᠦᠷ᠎ᠡ ᠪᠦᠲᠦᠭᠡᠯ ᠢ ᠨᠠᠷᠢᠯᠢᠬᠵᠢᠭᠤᠯᠤᠨ ᠪᠡᠶᠡᠯᠡᠭᠦᠯᠵᠦ᠂ ︽ᠭᠤᠷᠪᠠᠨ ᠱᠤᠭᠤᠮ ᠨᠢᠭᠡ ᠬᠠᠭᠤᠳᠠᠰᠤ︾᠎ ᠪᠠᠷ ᠭᠤᠤᠯ ᠪᠣᠯᠭᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠦᠷ᠎ᠡ ᠪᠦᠲᠦᠭᠡᠯ ᠢ ᠪᠦᠲᠦᠮᠵᠢᠲᠡᠶ ᠬᠡᠷᠡᠭᠯᠡᠬᠦ ᠶᠢ ᠦᠨᠡᠨᠬᠦ ᠪᠠᠲᠤᠯᠠᠨ᠎ᠠ᠃ 2025 ᠣᠨ ᠪᠣᠯᠬᠤ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠪᠠ ᠣᠷᠴᠢᠨ ᠠᠬᠤᠶ ᠶᠢᠨ ᠶᠠᠰᠤ ᠴᠢᠨᠠᠷ ᠢ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠣᠷᠣᠨ ᠵᠠᠶ ᠶᠢᠨ ᠪᠠᠶᠢᠷᠢᠰᠢᠯ᠂ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ ᠪᠦᠲᠦᠴᠡ ᠶᠢᠨ ᠡᠯ᠎ᠡ ᠬᠦᠷᠢᠶᠡᠨ ᠳᠤ ᠠᠭᠤᠰᠬᠠᠨ ᠣᠷᠣᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦ ᠲᠠᠯ᠎ᠠ ᠪᠠᠷ ᠰᠠᠶᠢᠵᠢᠷᠠᠬᠤ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃          ᠬᠤᠶᠠᠷ᠂ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ᠎ᠠ ᠪᠦᠬᠦ ᠬᠤᠳᠠ ᠳᠤ ᠤᠷᠢᠳᠠᠪᠠᠷ ᠬᠠᠮᠠᠭᠠᠯᠠᠬᠤ ᠨᠢᠭᠡᠴᠢ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ᠂ ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ ᠭᠤᠷᠪᠠᠨ ᠲᠦᠷᠦᠯ ᠢ ᠪᠠᠭᠲᠠᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ ᠨᠡᠶᠢᠳᠡ 269 ᠬᠤᠪᠢᠶᠠᠷᠢᠯᠠᠵᠤ᠂ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃           ︵ᠨᠢᠭᠡ︶ ᠤᠷᠢᠳᠠᠪᠠᠷ ᠬᠠᠮᠠᠭᠠᠯᠠᠬᠤ ᠨᠢᠭᠡᠴᠡ᠃ ᠨᠡᠶᠢᠲᠡ 75 ᠪᠠᠶᠢᠵᠤ᠂ ᠲᠠᠯᠠᠪᠠᠶ ᠨᠢ 49165.36 ᠺᠤᠸᠧᠲ ᠺᠢᠯᠤᠮᠧᠲ᠋ᠧᠷ ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 56.56%᠎ ᠶᠢ ᠡᠵᠡᠯᠡᠨ᠎ᠡ᠃ ᠡᠭᠦᠨ ᠳᠤ ᠭᠤᠣᠯᠳᠠᠭᠤ ᠠᠮᠢ ᠠᠬᠤᠶ ᠶᠢᠨ ᠣᠷᠣᠨ ᠵᠠᠶ᠂ ᠠᠭᠠᠷ ᠮᠠᠨᠳᠠᠯ ᠤᠨ ᠣᠷᠴᠢᠨ ᠠᠬᠤᠶ ᠶᠢ ᠤᠷᠢᠳᠠᠪᠠᠷ ᠬᠠᠮᠠᠭᠠᠯᠠᠬᠤ ᠣᠷᠣᠨ᠂ ᠤᠰᠤᠨ ᠤ ᠣᠷᠴᠢᠨ ᠠᠬᠤᠶ ᠶᠢ ᠤᠷᠢᠳᠠᠪᠠᠷ ᠬᠠᠮᠠᠭᠠᠯᠠᠬᠤ ᠣᠷᠣᠨ ᠵᠡᠷᠭᠡ ᠣᠷᠣᠨ ᠪᠦᠰᠡ ᠶᠢ ᠪᠠᠭᠲᠠᠭᠠᠨ᠎ᠠ᠃ ᠤᠷᠢᠳᠠᠪᠠᠷ ᠬᠠᠮᠠᠭᠠᠯᠠᠬᠤ ᠨᠢᠭᠡᠴᠢ ᠨᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠤᠷᠢᠳᠠᠪᠠᠷ ᠪᠣᠳᠣᠯᠬᠢᠯᠠᠬᠤ ᠪᠠᠷ ᠵᠠᠷᠴᠢᠮ ᠪᠣᠯᠭᠠᠵᠤ᠂ ᠶᠡᠭᠡ ᠬᠡᠪᠴᠢᠶᠡᠨ ᠤ ᠥᠨᠳᠥᠷ ᠬᠦᠴᠦᠯᠡᠴᠡ ᠲᠠᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯᠯᠠᠭ᠎ᠠ ᠶᠢ ᠬᠠᠤᠯᠢ ᠶᠣᠰᠣᠭᠠᠷ ᠴᠠᠭᠠᠵᠠᠯᠠᠬᠤ ᠪᠤᠶᠤ ᠬᠢᠵᠠᠭᠠᠷᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ︵ᠬᠤᠶᠠᠷ︶ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ᠃ ᠨᠡᠶᠢᠲᠡ 184 ᠪᠠᠶᠢᠵᠤ ᠂ ᠲᠠᠯᠠᠪᠠᠶ ᠨᠢ 12644.08 ᠺᠤᠸᠧᠲ ᠺᠢᠯᠤᠮᠧᠲ᠋ᠧᠷ ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ 14.55%᠎ ᠶᠢ ᠡᠵᠡᠯᠡᠨ᠎ᠡ᠃ ᠤᠰᠤᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠠᠮᠢ ᠠᠬᠤᠶ ᠶᠢᠨ ᠬᠡᠷᠡᠭᠯᠡᠬᠦ ᠤᠰᠤᠨ ᠤ ᠬᠠᠩᠭᠠᠯᠭ᠎ᠠ ᠶᠢᠨ ᠣᠷᠣᠨ᠂ ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠮᠢᠶᠠᠷᠤᠨ ᠡᠵᠡᠮᠳᠡᠬᠦ ᠣᠷᠣᠨ ᠵᠡᠷᠭᠡ ᠶᠢ ᠪᠦᠬᠦᠨ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ ᠳᠤ ᠣᠷᠣᠭᠤᠯᠤᠨ᠎ᠠ᠃ ᠡᠭᠦᠨ ᠳᠤ᠂ ᠤᠰᠤᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠵᠤ ᠦᠢᠯᠡᠳᠪᠦᠷᠢ ᠶᠢᠨ ᠪᠣᠬᠢᠷᠲᠤᠯ᠂ ᠲᠠᠷᠢᠶᠠᠯᠠᠩ ᠤᠨ ᠪᠣᠬᠢᠷᠲᠤᠯ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠶᠢ ᠪᠠᠭᠲᠠᠭᠠᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠬᠦᠯᠢᠶᠡᠭᠴᠢ ᠶᠢᠨ ᠰᠡᠷᠭᠡᠭ ᠣᠷᠣᠨ᠂ ᠥᠨᠳᠥᠷ ᠭᠠᠳᠠᠭᠰᠢᠯᠠᠭᠤᠯᠤᠯᠲᠠ ᠶᠢᠨ ᠣᠷᠣᠨ᠂ ᠪᠠᠶᠢᠷᠢᠰᠢᠭᠤᠯᠤᠯᠲᠠ ᠶᠢᠨ ᠰᠡᠷᠭᠡᠭ ᠣᠷᠣᠨ ᠪᠠ ᠰᠤᠯᠠ ᠲᠠᠷᠬᠠᠯᠲᠠ ᠶᠢᠨ ᠣᠷᠣᠨ ᠶᠢ ᠪᠠᠭᠲᠠᠭᠠᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠮᠤᠷ ᠲᠦᠪᠰᠢᠨ ᠢᠶᠠᠷ ᠠᠰᠢᠭᠯᠠᠬᠤ ᠲᠥᠷᠥᠯ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠶᠢ ᠪᠠᠭᠲᠠᠭᠠᠨ᠎ᠠ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠣᠲᠣᠷᠠᠬᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠠᠷᠢᠨ ᠬᠠᠭᠤᠳᠠᠰᠤ ᠳᠠᠬᠢ ᠠᠵᠤ ᠠᠬᠤᠶᠢᠯᠠᠯ ᠪᠣᠬᠢᠷᠲᠤᠭᠰᠠᠨ ᠭᠠᠵᠠᠷ ᠤᠨ ᠨᠡᠷᠡᠰ ᠤᠨ ᠵᠢᠭᠰᠠᠭᠠᠯᠲᠠ ᠳᠠᠬᠢ ᠭᠠᠵᠠᠷ ᠢ ᠤᠷᠢᠳᠠᠪᠠᠷ ᠬᠠᠮᠢᠶᠠᠷᠤᠨ ᠡᠵᠡᠮᠳᠡᠨ᠎ᠡ᠃ ᠤᠰᠤᠨ ᠤ ᠡᠬᠢ ᠪᠠᠶᠠᠯᠢᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠮᠢ ᠠᠬᠤᠶ ᠶᠢᠨ ᠬᠡᠷᠡᠭᠯᠡᠬᠦ ᠤᠰᠤ ᠶᠢ ᠨᠥᠬᠦᠪᠥᠷᠢᠯᠡᠨ ᠬᠠᠩᠭᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠶᠢ ᠪᠠᠭᠲᠠᠭᠠᠨ᠎ᠠ᠃ ᠭᠠᠵᠠᠷ ᠰᠢᠷᠣᠶ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠬᠤᠲᠠ ᠶᠢᠨ ᠱᠠᠲᠤᠨ ᠠᠴᠠ ᠳᠡᠭᠡᠭᠰᠢᠬᠢ ᠨᠡᠭᠡᠭᠡᠨ ᠬᠥᠭᠵᠢᠭᠦᠯᠬᠦ ᠣᠷᠣᠨ᠂ ᠬᠤᠲᠠ ᠪᠠᠯᠭᠠᠰᠤ ᠶᠢᠨ ᠣᠷᠣᠨ ᠵᠠᠶ᠂ ᠠᠭᠤᠷᠬᠠᠶ ᠶᠢᠨ ᠣᠷᠣᠨ ᠶᠢ ᠪᠠᠭᠲᠠᠭᠠᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠪᠣᠯ ᠬᠤᠲᠠ ᠪᠠᠯᠭᠠᠰᠤ ᠶᠢᠨ ᠪᠣᠬᠢᠷᠲᠤᠯ ᠶᠡᠬᠡᠲᠡᠶ ᠲᠦᠯᠡᠰᠢ ᠶᠢᠨ ᠰᠢᠲᠠᠬᠤ ᠶᠢ ᠴᠠᠭᠠᠵᠠᠯᠠᠬᠤ ᠣᠷᠣᠨ ᠪᠣᠯᠤᠨ᠎ᠠ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠨᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠭᠤᠯᠭ᠎ᠠ ᠪᠠᠷ ᠭᠤᠣᠯ ᠪᠣᠯᠭᠠᠵᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠡᠵᠡᠮᠳᠡᠬᠦ ᠪᠠ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠭᠤᠷᠪᠠ︶ ᠡᠩ ᠤᠨ ᠬᠠᠮᠢᠶᠠᠷᠤᠨ ᠡᠵᠡᠮᠳᠡᠬᠦ ᠨᠢᠭᠡᠴᠡ᠃ ᠨᠡᠶᠢᠲᠡ 10 ᠪᠠᠶᠢᠵᠤ᠂ ᠲᠠᠯᠠᠪᠠᠶ ᠨᠢ 25106.68 ᠺᠤᠸᠧᠲ ᠺᠢᠯᠤᠮᠧᠲ᠋ᠧᠷ ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 28.89%᠎ ᠶᠢ ᠡᠵᠡᠯᠡᠨ᠎ᠡ᠃ ᠡᠭᠦᠨ ᠳᠤ ᠤᠷᠢᠳᠠᠪᠠᠷ ᠬᠠᠮᠠᠭᠠᠯᠠᠬᠤ ᠨᠢᠭᠡᠴᠡ ᠪᠠ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ ᠠᠴᠠ ᠪᠤᠰᠤᠳ ᠣᠷᠣᠨ ᠪᠦᠰᠡ ᠶᠢ ᠪᠠᠭᠲᠠᠭᠠᠵᠤ᠂ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠵᠠᠭᠠᠭ ᠬᠢᠵᠠᠭᠠᠷ ᠢᠶᠠᠷ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠡᠩ ᠤᠨ ᠬᠠᠮᠢᠶᠠᠷᠤᠨ ᠡᠵᠡᠮᠳᠡᠬᠦ ᠨᠢᠭᠡᠴᠢ ᠨᠢ ᠭᠤᠣᠯᠳᠠᠭᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃           ᠭᠤᠷᠪᠠ᠂ ᠠᠵᠢᠯ ᠤᠨ ᠱᠠᠭᠠᠷᠳᠠᠯᠭ᠎ᠠ ︵ᠨᠢᠭᠡ︶ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠭᠤᠷᠪᠠᠨ ᠱᠤᠭᠤᠮ ᠨᠢᠭᠡ ᠬᠠᠭᠤᠳᠠᠰᠤ︾᠎ ᠤᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠣᠷᠣᠨ ᠪᠦᠰᠡ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠪᠦᠲᠦᠴᠡ ᠶᠢᠨ ᠲᠤᠬᠢᠷᠠᠭᠤᠯᠤᠯᠳᠠ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ᠂ ᠴᠢᠬᠤᠯᠠ ᠶᠡᠭᠡ ᠲᠦᠷᠦᠯ ᠵᠦᠢᠯ ᠤᠨ ᠭᠠᠵᠠᠷ ᠰᠣᠩᠭᠤᠯᠲᠠ ᠵᠡᠷᠭᠡ ᠲᠠᠯ᠎ᠠ ᠲᠠᠢ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠲᠥᠰᠦᠯ ᠢ ᠲᠣᠭᠲᠠᠭᠠᠬᠤ ᠳᠠᠭᠠᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ᠂ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠱᠠᠭᠠᠷᠳᠠᠯᠭ᠎ᠠ ᠶᠢ ᠴᠢᠬᠤᠯᠠ ᠦᠨᠳᠦᠰᠦᠯᠡᠯ ᠪᠣᠯᠭᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾᠎ ᠯᠤᠭ᠎ᠠ ᠶᠢᠨ ᠵᠣᠬᠢᠴᠠᠯᠳᠤ ᠴᠢᠨᠠᠷᠲᠠᠶ ᠵᠠᠳᠠᠯᠤᠯᠲᠠ ᠶᠢ ᠴᠢᠩᠭᠠᠳᠬᠠᠨ᠎ᠠ᠃ ᠡᠭᠦᠨ ᠤ ᠵᠡᠷᠭᠡᠪᠡᠷ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠴᠢᠬᠤᠯᠠ ᠦᠨᠳᠦᠰᠦᠯᠡᠯ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠮᠢ ᠠᠬᠤᠢ᠂ ᠤᠰᠤ᠂ ᠠᠭᠠᠷ ᠮᠠᠨᠳᠠᠯ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠦᠨᠡᠯᠡᠬᠦ ᠵᠥᠪᠰᠢᠶᠡᠷᠡᠯ᠂ ᠪᠣᠬᠢᠷᠲᠤᠯ ᠭᠠᠳᠠᠭᠰᠢᠯᠠᠭᠤᠯᠬᠤ ᠶᠢ ᠵᠥᠪᠰᠢᠶᠡᠷᠡᠬᠦ ᠵᠡᠷᠭᠡ ᠣᠷᠴᠢᠨ ᠲᠣᠭᠤᠷᠢᠨ ᠤ ᠬᠠᠮᠢᠶᠠᠷᠤᠯᠲᠠ ᠳᠤ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠢᠶᠠᠷ ᠬᠠᠮᠠᠭᠠᠯᠠᠬᠤ ᠶᠢ ᠠᠬᠢᠭᠤᠯᠤᠨ᠎ᠠ᠃ ︵ᠬᠤᠶᠠᠷ︶ ᠲᠠᠪᠴᠠᠩ ᠢ ᠵᠣᠯᠭᠠᠭᠤᠯᠬᠤ ᠵᠢᠴᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠴᠢᠩᠭᠠᠷᠠᠭᠤᠯᠤᠨ᠎ᠠ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ ᠲᠦᠷᠦᠭᠦᠯᠡᠨ ᠰᠠᠶᠢᠲᠤᠷ ᠬᠢᠵᠦ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠰᠢᠰᠲ᠋ᠧᠮ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠠᠪᠴᠠᠩ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠢ ᠮᠡᠳᠡᠭᠡ ᠵᠠᠩᠭᠢᠵᠢᠭᠤᠯᠤᠨ ᠬᠡᠷᠡᠭᠯᠡᠬᠦ ᠪᠠ ᠲᠤᠭ᠎ᠠ ᠪᠠᠷᠢᠮᠲᠠ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ︵ᠭᠤᠷᠪᠠ︶ ᠦᠷ᠎ᠡ ᠪᠦᠲᠦᠭᠡᠯ ᠢ ᠬᠥᠳᠡᠯᠦᠩᠭᠦᠶ ᠪᠠᠷ ᠰᠢᠨᠡᠳᠬᠡᠬᠦ ᠶᠢ ᠬᠡᠷᠡᠭᠵᠢᠭᠦᠯᠦᠨ᠎ᠡ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢ ᠴᠠᠭ ᠲᠤᠨᠢ ᠳᠣᠭᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢ ᠰᠢᠨᠡᠳᠬᠡᠨ ᠳᠣᠭᠢᠷᠠᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠶᠠᠷᠢᠯᠴᠠᠭᠤᠯᠵᠤ ᠨᠡᠶᠢᠲᠡᠯᠡᠨ᠎ᠡ᠃ ᠤᠯᠤᠰ ᠪᠣᠯᠤᠨ ᠣᠷᠣᠨ ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠠᠯᠲᠠ ᠵᠡᠷᠭᠡ ᠶᠢᠨ ᠬᠤᠪᠢᠷᠠᠯᠲᠠ ᠠᠴᠠ ᠪᠣᠯᠵᠤ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠠᠭᠤᠯᠭ᠎ᠠ ᠳᠤ ᠲᠤᠬᠢᠷᠠᠭᠤᠯᠤᠯᠳᠠ ᠬᠢᠬᠦ ᠴᠢᠬᠤᠯᠠᠲᠠᠢ ᠪᠣᠯ᠂ ᠲᠡᠰ ᠳᠠᠷᠠᠭᠠᠯᠠᠯ ᠶᠣᠰᠣᠭᠠᠷ ᠴᠠᠭ ᠲᠤᠬᠠᠢ ᠳᠤᠨᠢ ᠰᠢᠨᠡᠳᠬᠡᠬᠦ ᠪᠠ ᠬᠥᠳᠡᠯᠦᠩᠭᠦᠢ ᠪᠠᠷ ᠰᠢᠨᠡᠳᠬᠡᠬᠦ ᠶᠢ ᠥᠷᠨᠢᠭᠦᠯᠬᠦ ᠬᠡᠷᠡᠭᠲᠡᠢ᠃ ︵ᠳᠥᠷᠪᠡ︶ ᠬᠤᠯᠪᠣᠭᠳᠠᠯ ᠪᠥᠬᠦᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾᠎ ᠶᠢ ᠬᠡᠷᠡᠭᠵᠢᠭᠦᠯᠬᠦ᠂ ᠦᠨᠡᠯᠡᠨ ᠵᠢᠱᠢᠬᠦ᠂ ᠲᠣᠬᠢᠷᠠᠭᠤᠯᠤᠨ ᠰᠢᠨᠡᠳᠬᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠣᠷᠳᠣ ᠬᠤᠭᠤᠴᠠᠭᠠᠨ ᠤ ᠲᠣᠭᠲᠠᠪᠤᠷᠢᠲᠠᠶ ᠲᠤᠰᠬᠠᠶ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠦᠷ᠎ᠡ ᠪᠦᠲᠦᠭᠡᠯ ᠢ ᠬᠡᠷᠡᠭᠵᠢᠭᠦᠯᠬᠦ᠂ ᠦᠨᠡᠯᠡᠨ ᠵᠢᠱᠢᠬᠦ᠂ ᠰᠢᠨᠡᠳᠬᠡᠵᠦ ᠳᠣᠭᠢᠷᠠᠭᠤᠯᠬᠤ ᠪᠠ ᠤᠬᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠲᠤᠰᠬᠠᠶ ᠵᠦᠢᠯ ᠤᠨ ᠪᠠᠯᠠ ᠮᠥᠩᠭᠦ ᠳᠣᠭᠢᠷᠠᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠦᠷ᠎ᠡ ᠪᠦᠲᠦᠭᠡᠯ ᠢ ᠬᠡᠷᠡᠭᠵᠢᠭᠦᠯᠬᠦ᠂ ᠦᠨᠡᠯᠡᠨ ᠵᠢᠱᠢᠬᠦ᠂ ᠰᠢᠨᠡᠳᠬᠡᠨ ᠳᠣᠭᠢᠷᠠᠭᠤᠯᠬᠤ᠂ ᠲᠤᠭ᠎ᠠ ᠪᠠᠷᠢᠮᠲᠠ ᠶᠢ ᠬᠡᠷᠡᠭᠯᠡᠬᠦ ᠪᠠ ᠬᠠᠮᠠᠭᠠᠯᠠᠬᠤ ᠵᠡᠷᠭᠡ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠬᠠᠮᠵᠢᠯᠴᠠᠨ᠂ ᠪᠥᠬᠦ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠦᠷ᠎ᠡ ᠪᠦᠲᠦᠭᠡᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号