ᠤᠯᠠᠭᠠᠨᠬᠠᠳᠠ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠪᠣᠳᠠᠲᠠᠢ ᠳᠡᠭᠡᠷ᠎ᠡ ᠨᠠᠶᠢᠳᠠᠪᠤᠷᠢᠵᠢᠭᠤᠯᠤᠭᠳᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠦᠮᠦᠨ ᠤ ᠲᠠᠩᠰᠠᠨ ᠮᠥᠩᠭᠦ ᠶᠢ ᠨᠢᠭᠡ ᠬᠡᠷ ᠤᠨ ᠬᠥᠮᠦᠰ ᠬᠠᠮᠲᠤᠪᠠᠷ ᠬᠡᠷᠡᠭᠯᠡᠵᠦ ᠪᠣᠯᠬᠤ ᠪᠣᠯᠵᠠᠢ
ᠨᠡᠶᠢᠲᠡᠯᠡᠭᠰᠡᠨ ᠴᠠᠭ᠄
2021/12/28
          ᠥᠩᠭᠡᠷᠡᠭᠰᠡᠨ ᠳᠤ ᠭᠡᠷ ᠪᠦᠯᠢ ᠶᠢᠨ ᠪᠦᠷᠢᠯᠳᠦᠬᠦᠨ ᠨᠢ ᠬᠡᠳᠦ᠋ᠢᠪᠡᠷ ᠴᠦᠮ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠢ ᠪᠣᠯᠪᠠᠴᠤ ᠬᠠᠮᠲᠤ ᠪᠠᠷ ᠬᠡᠷᠡᠭᠯᠡᠵᠦ ᠪᠣᠯᠬᠤ ᠥᠬᠡᠶ᠂ ᠡᠮᠨᠡᠯᠭᠡ ᠳᠤ ᠣᠴᠢᠵᠤ ᠡᠪᠡᠳᠴᠢᠨ ᠦᠵᠡᠭᠦᠯᠬᠦ ᠳᠤ᠂ ᠥᠪᠡᠷ ᠤᠨ ᠲᠠᠩᠰᠠᠨ ᠳᠠᠬᠢ ᠦᠯᠡᠳᠡᠪᠦᠷᠢ ᠮᠥᠩᠭᠦ ᠨᠢ ᠬᠦᠷᠦᠯᠴᠡᠬᠦ ᠥᠬᠡᠶ ᠪᠣᠯ ᠵᠥᠪᠬᠡᠨ ᠪᠡᠯᠡᠨ ᠵᠣᠭᠤᠰ ᠢᠶᠠᠷ ᠨᠥᠬᠦᠪᠦᠷᠢᠯᠡᠳᠡᠭ᠂ ᠬᠡᠷ ᠤᠨ ᠬᠥᠮᠦᠰ ᠤᠨ ᠲᠠᠩᠰᠠᠨ ᠳᠤ ᠮᠢᠩᠭ᠎ᠠ ᠲᠦᠮᠡᠨ ᠲᠥᠭᠦᠷᠢᠭ ᠤᠨ ᠦᠯᠡᠳᠡᠪᠦᠷᠢ ᠮᠥᠩᠭᠦ ᠪᠠᠶᠢᠭᠰᠠᠨ ᠴᠤ ᠬᠡᠷᠡᠭᠯᠡᠵᠦ ᠪᠣᠯᠬᠤ ᠦᠭᠡᠢ ᠪᠠᠶᠢᠳᠠᠭ᠃ ᠣᠶᠢᠷ᠎ᠠ ᠳᠤ᠂ ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠠᠬᠢᠨᠲᠠ ᠥᠭᠡᠷᠡᠴᠢᠯᠡᠯᠲᠡ ᠬᠢᠵᠦ ᠪᠣᠳᠠᠲᠠᠶ ᠠᠷᠭ᠎ᠠ ᠬᠡᠮᠵᠢᠶ᠎ᠡ ᠭᠠᠷᠭᠠᠪᠠ᠄ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠦᠯᠡᠳᠡᠪᠦᠷᠢ ᠮᠥᠩᠭᠦ ᠶᠢ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠮᠲᠤ ᠪᠠᠷ ᠬᠡᠷᠡᠭᠯᠡᠵᠦ ᠪᠣᠯᠤᠨ᠎ᠠ᠃ 7 ᠰᠠᠷ᠎ᠠ ᠶᠢᠨ 12᠎ ᠤᠨ ᠡᠳᠦᠷ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠲᠠᠷᠬᠠᠭᠠᠪᠠ᠃ ᠮᠡᠳᠡᠭᠳᠡᠯ ᠳᠤ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ︽2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠬᠢᠪᠠ᠄ 2021 ᠣᠨ ᠤ 8 ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠮᠥᠩᠭᠦ ᠶᠢ ᠵᠥᠪᠬᠡᠨ ᠲᠣᠰ ᠬᠥᠮᠦᠨ ᠳᠤᠨᠢ ᠬᠡᠷᠡᠭᠯᠡᠭᠦᠯᠵᠦ ᠪᠠᠶᠢᠭᠰᠠᠨ ᠠᠴᠠ ᠬᠡᠷ ᠪᠦᠯᠢ ᠶᠢᠨ ᠪᠦᠷᠢᠯᠳᠦᠬᠦᠨ ᠤ ᠬᠠᠷᠢᠯᠴᠠᠨ ᠲᠤᠰᠠᠯᠠᠯᠴᠠᠨ ᠬᠡᠷᠡᠭᠯᠡᠬᠦ ᠪᠣᠯᠲᠠᠯ᠎ᠠ ᠥᠷᠭᠡᠳᠬᠡᠨ᠎ᠡ᠃ ᠬᠤᠪᠢ ᠬᠥᠮᠦᠨ ᠤ ᠲᠠᠩᠰᠠᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ ᠠᠪᠤᠭᠠᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠳᠤ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ ᠬᠤᠳᠠᠯᠳᠤᠨ ᠠᠪᠬᠤ ᠳᠤ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠴᠦᠮ ᠲᠣᠭᠠᠴᠢᠵᠤ ᠳᠡᠶᠢᠯᠬᠦ ᠪᠠᠷ ᠲᠣᠬᠢᠷᠠᠭᠤᠯᠪᠠ᠃ ᠮᠡᠳᠡᠭᠳᠡᠯ ᠳᠤ᠂ ᠡᠯ᠎ᠡ ᠬᠤᠯᠪᠣᠭᠳᠠᠯ ᠪᠥᠬᠦᠶ ᠲᠠᠯ᠎ᠠ ᠤᠳ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠥᠭᠡᠷᠡᠴᠢᠯᠡᠯᠲᠡ ᠶᠢᠨ ᠠᠵᠢᠯ ᠢ ᠪᠣᠳᠠᠲᠠᠶ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号