| | | | | ︽ᠤᠯᠠᠭᠠᠨᠬᠠᠳᠠ ᠬᠤᠲᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ | ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠶᠠᠪᠤᠭᠤᠯᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ ᠬᠤᠲᠠ ᠶᠢᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠠᠳᠠ ᠬᠤᠲᠠ ᠶᠢᠨ ︿ᠭᠤᠷᠪᠠᠨ ᠱᠤᠭᠤᠮ | ᠨᠢᠭᠡ ᠬᠠᠭᠤᠳᠠᠰᠤ﹀ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ | ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ 2021 ᠣᠨ ᠤ 10 ᠰᠠᠷ᠎ᠠ ᠶᠢᠨ 29 ︵ᠲᠣᠰ | ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ | ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ | ᠲᠥᠰᠦᠯ ︽︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ︶ ᠪᠠ ︽ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠠᠶᠢᠮᠠᠭ ᠬᠤᠲᠠ ᠶᠢᠨ ︿ | ᠭᠤᠷᠪᠠᠨ ᠱᠤᠭᠤᠮ ᠨᠢᠭᠡ ᠬᠠᠭᠤᠳᠠᠰᠤ﹀ ᠶᠢᠨ ᠬᠡᠷᠡᠭᠯᠡᠯᠲᠡ ᠶᠢ ᠬᠡᠷᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ | ᠲᠤᠬᠠᠶ ᠮᠡᠳᠡᠭᠳᠡᠯ︾ ︵ᠥᠪᠥᠷ ᠣᠷᠴᠢᠨ ᠲᠣᠭᠤᠷᠢᠨ ᠤ ᠠᠯᠪᠠᠨ ﹇2021﹈ 53 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ | ᠲᠢᠩᠬᠢᠮ ᠤᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠡᠷᠡᠭᠯᠡᠯᠲᠡ ᠶᠢ ᠬᠡᠷᠡᠭᠵᠢᠭᠦᠯᠬᠦ ᠠᠵᠢᠯ ᠢ ᠤᠯᠠᠮ | ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠣᠷᠴᠢᠨ ᠲᠣᠭᠤᠷᠢᠨ ᠤ | ᠠᠯᠪᠠᠨ ﹇2021﹈ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠬᠦ ᠶᠢᠨ ᠲᠥᠯᠥᠭᠡ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ | ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠤᠯᠠᠭᠠᠨᠬᠠᠳᠠ ᠬᠤᠳᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠣᠨᠴᠠᠯᠢᠭ ᠪᠣᠯᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾ ︵ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ | ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠵᠥᠪᠰᠢᠶᠡᠷᠡᠯ ᠤᠨ ᠨᠠᠷᠢᠨ ᠬᠠᠭᠤᠳᠠᠰᠤ︶ ᠶᠢ ᠬᠡᠷᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠲᠤᠬᠠᠢ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ | ︽ᠬᠦᠷᠢᠶ᠎ᠡ ᠬᠡᠪᠴᠢᠶ᠎ᠡ ᠶᠢ ᠬᠤᠪᠢᠶᠠᠷᠢᠯᠠᠬᠤ᠂ ᠳᠦᠷᠢᠮ ᠲᠣᠭᠲᠠᠭᠠᠯ ᠲᠣᠭᠲᠠᠭᠠᠬᠤ᠂ ᠰᠠᠭᠤᠷᠢ ᠶᠢ ᠴᠢᠩᠭᠠᠳᠬᠠᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠰᠡᠳᠬᠢᠴᠡ ᠶᠢᠨ ᠶᠣᠰᠣᠭᠠᠷ᠂ ᠠᠮᠢ ᠠᠬᠤᠢ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ ︽ᠭᠤᠷᠪᠠᠨ ᠱᠤᠭᠤᠮ ᠨᠢᠭᠡ ᠬᠠᠭᠤᠳᠠᠰᠤ︾ | ᠪᠠᠷ ᠭᠤᠣᠯ ᠪᠣᠯᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ | ᠰᠢᠰᠲ᠋ᠧᠮ ᠢ ᠪᠠᠶᠢᠭᠤᠯᠵᠤ᠂ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠪᠣᠯᠤᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︵ᠬᠤᠶᠠᠷ︶ ᠦᠨᠳᠦᠰᠦᠨ ᠵᠠᠷᠴᠢᠮ᠃ 1. ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ | ︽ᠠᠷᠢᠭᠤᠨ ᠲᠤᠩᠭᠠᠯᠠᠭ ᠣᠷᠴᠢᠨ ᠲᠣᠭᠤᠷᠢᠨ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ | ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ | ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠤᠨ | ᠴᠢᠩᠭ᠎ᠠ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠠ | ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ 2. ᠲᠥᠷᠥᠯ ᠬᠤᠪᠢᠶᠠᠨ ᠬᠠᠮᠢᠶᠠᠷᠤᠨ | ᠡᠵᠡᠮᠳᠡᠬᠦ ᠶᠢ ᠪᠠᠷᠢᠮᠲᠠᠯᠠᠨ᠎ᠠ᠃ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ᠂ | ᠪᠠᠶᠢᠭᠠᠯᠢ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ | ᠪᠠᠶᠢᠳᠠᠯ ᠢ ᠦᠨᠳᠦᠰᠦᠯᠡᠨ᠂ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠡ ᠶᠢ ᠬᠤᠪᠢᠶᠠᠷᠢᠯᠠᠨ | ᠲᠣᠭᠲᠠᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠵᠥᠷᠢᠶᠡᠲᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ | ᠠᠬᠢᠭᠤᠯᠤᠨ᠎ᠠ᠃ 3. ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢ ᠪᠠᠷᠢᠮᠲᠠᠯᠠᠨ᠎ᠠ᠃ ᠥᠪᠡᠷᠲᠡᠭᠡᠨ ᠵᠠᠰᠠᠬᠤ ᠣᠷᠣᠨ ᠤ | ᠱᠠᠲᠤᠨ ᠤ ᠨᠢᠭᠡᠳᠦᠯᠲᠡᠶ ᠲᠥᠯᠥᠪᠯᠡᠬᠦ᠂ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ᠂ ᠣᠷᠣᠨ | ᠪᠦᠰᠡ ᠶᠢᠨ ᠬᠠᠮᠵᠢᠯᠴᠠᠬᠤ ᠵᠠᠷᠴᠢᠮ ᠶᠣᠰᠣᠭᠠᠷ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ | ᠡᠵᠡᠮᠳᠡᠬᠦ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠮᠠᠨ ᠤ | ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ | ᠰᠠᠶᠢᠵᠢᠷᠠᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠥᠳᠡᠯᠦᠩᠭᠦᠢ ᠪᠠᠷ ᠰᠢᠨᠡᠳᠬᠡᠨ ᠲᠣᠬᠢᠷᠠᠭᠤᠯᠤᠨ᠎ᠠ᠃ | ︵ᠭᠤᠷᠪᠠ︶ ᠭᠤᠤᠯ ᠬᠠᠷᠠᠯᠲᠠ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ | ᠱᠤᠭᠤᠮ ᠨᠢᠭᠡ ᠬᠠᠭᠤᠳᠠᠰᠤ︾ ᠶᠢ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠳᠤ ᠲᠣᠭᠲᠠᠭᠠᠭᠰᠠᠨ ᠦᠨᠳᠦᠰᠦᠨ | ᠪᠣᠷᠣ ᠲᠥᠯᠥᠪ ᠪᠠ ᠶᠡᠷᠦᠩᠬᠡᠶ ᠱᠠᠭᠠᠷᠳᠠᠯᠭ᠎ᠠ ᠶᠢᠨ ᠳᠣᠤᠷ᠎ᠠ᠂ ᠮᠠᠨ ᠤ ᠬᠤᠲᠠ ᠶᠢᠨ ᠪᠣᠳᠠᠲᠠᠶ ᠪᠠᠶᠢᠳᠠᠯ ᠢ | ᠦᠨᠳᠦᠰᠦᠯᠡᠨ᠂ ᠤᠯᠠᠭᠠᠨᠬᠠᠳᠠ ᠬᠤᠲᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠰᠤᠳᠤᠯᠭᠠᠨ ᠤ | ᠦᠷ᠎ᠡ ᠪᠦᠲᠦᠭᠡᠯ ᠢ ᠨᠠᠷᠢᠯᠢᠬᠵᠢᠭᠤᠯᠤᠨ ᠪᠡᠶᠡᠯᠡᠭᠦᠯᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠪᠠᠷ ᠭᠤᠤᠯ | ᠪᠣᠯᠭᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ | ᠪᠠᠶᠢᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠪᠦᠲᠦᠮᠵᠢᠲᠡᠶ ᠬᠡᠷᠡᠭᠯᠡᠬᠦ ᠶᠢ | ᠦᠨᠡᠨᠬᠦ ᠪᠠᠲᠤᠯᠠᠨ᠎ᠠ᠃ 2025 ᠣᠨ ᠪᠣᠯᠬᠤ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ | ᠱᠤᠭᠤᠮ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ | ᠬᠡᠮᠵᠢᠶ᠎ᠡ ᠪᠠ ᠣᠷᠴᠢᠨ ᠠᠬᠤᠶ ᠶᠢᠨ ᠶᠠᠰᠤ ᠴᠢᠨᠠᠷ ᠢ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠣᠶᠢᠯᠠᠭᠠᠭᠳᠠᠬᠤᠨ ᠢ ᠣᠷᠣᠨ ᠵᠠᠶ ᠶᠢᠨ ᠪᠠᠶᠢᠷᠢᠰᠢᠯ᠂ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ | ᠪᠦᠲᠦᠴᠡ ᠶᠢᠨ ᠡᠯ᠎ᠡ ᠬᠦᠷᠢᠶᠡᠨ ᠳᠤ ᠠᠭᠤᠰᠬᠠᠨ ᠣᠷᠣᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ | ᠢᠯᠡᠳᠲᠡ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ᠂ ᠪᠦᠬᠦ ᠬᠤᠳᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦ ᠲᠠᠯ᠎ᠠ ᠪᠠᠷ ᠰᠠᠶᠢᠵᠢᠷᠠᠬᠤ ᠶᠢ ᠪᠡᠶᠡᠯᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ | ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃ | ᠬᠤᠶᠠᠷ᠂ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ | ᠰᠢᠰᠲ᠋ᠧᠮ ᠢ ᠪᠠᠶᠢᠭᠤᠯᠤᠨ᠎ᠠ ᠪᠦᠬᠦ ᠬᠤᠳᠠ ᠳᠤ ᠤᠷᠢᠳᠠᠪᠠᠷ ᠬᠠᠮᠠᠭᠠᠯᠠᠬᠤ ᠨᠢᠭᠡᠴᠢ᠂ ᠭᠤᠣᠯᠳᠠᠯᠭ᠎ᠠ ᠲᠠᠢ ᠬᠠᠮᠢᠶᠠᠷᠤᠨ | ᠡᠵᠡᠮᠳᠡᠬᠦ ᠨᠢᠭᠡᠴᠢ᠂ ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ ᠭᠤᠷᠪᠠᠨ ᠲᠦᠷᠦᠯ ᠢ ᠪᠠᠭᠲᠠᠭᠠᠭᠰᠠᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ ᠨᠡᠶᠢᠳᠡ 269 ᠬᠤᠪᠢᠶᠠᠷᠢᠯᠠᠵᠤ᠂ ᠲᠦᠷᠦᠯ | ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃ | ︵ᠨᠢᠭᠡ︶ ᠤᠷᠢᠳᠠᠪᠠᠷ ᠬᠠᠮᠠᠭᠠᠯᠠᠬᠤ ᠨᠢᠭᠡᠴᠡ᠃ ᠨᠡᠶᠢᠲᠡ 75 ᠪᠠᠶᠢᠵᠤ᠂ ᠲᠠᠯᠠᠪᠠᠶ ᠨᠢ 49165. | 36 ᠺᠤᠸᠧᠲ ᠺᠢᠯᠤᠮᠧᠲ᠋ᠧᠷ ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 56.56% ᠶᠢ | ᠡᠵᠡᠯᠡᠨ᠎ᠡ᠃ ᠡᠭᠦᠨ ᠳᠤ ᠭᠤᠣᠯᠳᠠᠭᠤ ᠠᠮᠢ ᠠᠬᠤᠶ ᠶᠢᠨ ᠣᠷᠣᠨ ᠵᠠᠶ᠂ ᠠᠭᠠᠷ ᠮᠠᠨᠳᠠᠯ ᠤᠨ ᠣᠷᠴᠢᠨ ᠠᠬᠤᠶ ᠶᠢ | ᠤᠷᠢᠳᠠᠪᠠᠷ ᠬᠠᠮᠠᠭᠠᠯᠠᠬᠤ ᠣᠷᠣᠨ᠂ ᠤᠰᠤᠨ ᠤ ᠣᠷᠴᠢᠨ ᠠᠬᠤᠶ ᠶᠢ ᠤᠷᠢᠳᠠᠪᠠᠷ ᠬᠠᠮᠠᠭᠠᠯᠠᠬᠤ ᠣᠷᠣᠨ ᠵᠡᠷᠭᠡ ᠣᠷᠣᠨ | ᠪᠦᠰᠡ ᠶᠢ ᠪᠠᠭᠲᠠᠭᠠᠨ᠎ᠠ᠃ ᠤᠷᠢᠳᠠᠪᠠᠷ ᠬᠠᠮᠠᠭᠠᠯᠠᠬᠤ ᠨᠢᠭᠡᠴᠢ ᠨᠢ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠤᠷᠢᠳᠠᠪᠠᠷ ᠪᠣᠳᠣᠯᠬᠢᠯᠠᠬᠤ ᠪᠠᠷ ᠵᠠᠷᠴᠢᠮ ᠪᠣᠯᠭᠠᠵᠤ᠂ ᠶᠡᠭᠡ ᠬᠡᠪᠴᠢᠶᠡᠨ ᠤ ᠥᠨᠳᠥᠷ | ᠬᠦᠴᠦᠯᠡᠴᠡ ᠲᠠᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯᠯᠠᠭ᠎ᠠ ᠶᠢ ᠬᠠᠤᠯᠢ ᠶᠣᠰᠣᠭᠠᠷ ᠴᠠᠭᠠᠵᠠᠯᠠᠬᠤ | ᠪᠤᠶᠤ ᠬᠢᠵᠠᠭᠠᠷᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢ ᠪᠠᠭᠤᠷᠠᠭᠤᠯᠬᠤ ᠥᠬᠡᠶ ᠪᠠᠶᠢᠬᠤ ᠶᠢ | ᠦᠨᠡᠨᠬᠦ ᠪᠠᠲᠤᠯᠠᠨ᠎ᠠ᠃ ︵ᠬᠤᠶᠠᠷ︶ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ᠃ ᠨᠡᠶᠢᠲᠡ 184 ᠪᠠᠶᠢᠵᠤ | ᠂ ᠲᠠᠯᠠᠪᠠᠶ ᠨᠢ 12644.08 ᠺᠤᠸᠧᠲ ᠺᠢᠯᠤᠮᠧᠲ᠋ᠧᠷ ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ 14. | 55% ᠶᠢ ᠡᠵᠡᠯᠡᠨ᠎ᠡ᠃ ᠤᠰᠤᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ | ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠭᠠᠵᠠᠷ ᠳᠣᠤᠷᠠᠬᠢ | ᠤᠰᠤ ᠶᠢ ᠨᠡᠭᠡᠭᠡᠨ ᠮᠠᠯᠲᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠠᠮᠢ ᠠᠬᠤᠶ ᠶᠢᠨ ᠬᠡᠷᠡᠭᠯᠡᠬᠦ | ᠤᠰᠤᠨ ᠤ ᠬᠠᠩᠭᠠᠯᠭ᠎ᠠ ᠶᠢᠨ ᠣᠷᠣᠨ᠂ ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠮᠢᠶᠠᠷᠤᠨ ᠡᠵᠡᠮᠳᠡᠬᠦ ᠣᠷᠣᠨ | ᠵᠡᠷᠭᠡ ᠶᠢ ᠪᠦᠬᠦᠨ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ ᠳᠤ ᠣᠷᠣᠭᠤᠯᠤᠨ᠎ᠠ᠃ ᠡᠭᠦᠨ ᠳᠤ᠂ | ᠤᠰᠤᠨ ᠤ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠵᠤ ᠦᠢᠯᠡᠳᠪᠦᠷᠢ ᠶᠢᠨ | ᠪᠣᠬᠢᠷᠲᠤᠯ᠂ ᠲᠠᠷᠢᠶᠠᠯᠠᠩ ᠤᠨ ᠪᠣᠬᠢᠷᠲᠤᠯ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠶᠢ ᠪᠠᠭᠲᠠᠭᠠᠨ᠎ᠠ᠃ | ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠬᠦᠯᠢᠶᠡᠭᠴᠢ ᠶᠢᠨ | ᠰᠡᠷᠭᠡᠭ ᠣᠷᠣᠨ᠂ ᠥᠨᠳᠥᠷ ᠭᠠᠳᠠᠭᠰᠢᠯᠠᠭᠤᠯᠤᠯᠲᠠ ᠶᠢᠨ ᠣᠷᠣᠨ᠂ ᠪᠠᠶᠢᠷᠢᠰᠢᠭᠤᠯᠤᠯᠲᠠ ᠶᠢᠨ ᠰᠡᠷᠭᠡᠭ ᠣᠷᠣᠨ ᠪᠠ | ᠰᠤᠯᠠ ᠲᠠᠷᠬᠠᠯᠲᠠ ᠶᠢᠨ ᠣᠷᠣᠨ ᠶᠢ ᠪᠠᠭᠲᠠᠭᠠᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ | ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠮᠤᠷ ᠲᠦᠪᠰᠢᠨ ᠢᠶᠠᠷ ᠠᠰᠢᠭᠯᠠᠬᠤ ᠲᠥᠷᠥᠯ᠂ ᠴᠢᠩᠭ᠎ᠠ | ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠶᠢ ᠪᠠᠭᠲᠠᠭᠠᠨ᠎ᠠ᠃ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠣᠲᠣᠷᠠᠬᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ | ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠠᠷᠢᠨ ᠬᠠᠭᠤᠳᠠᠰᠤ ᠳᠠᠬᠢ ᠠᠵᠤ ᠠᠬᠤᠶᠢᠯᠠᠯ | ᠪᠣᠬᠢᠷᠲᠤᠭᠰᠠᠨ ᠭᠠᠵᠠᠷ ᠤᠨ ᠨᠡᠷᠡᠰ ᠤᠨ ᠵᠢᠭᠰᠠᠭᠠᠯᠲᠠ ᠳᠠᠬᠢ ᠭᠠᠵᠠᠷ ᠢ ᠤᠷᠢᠳᠠᠪᠠᠷ ᠬᠠᠮᠢᠶᠠᠷᠤᠨ ᠡᠵᠡᠮᠳᠡᠨ᠎ᠡ᠃ | ᠤᠰᠤᠨ ᠤ ᠡᠬᠢ ᠪᠠᠶᠠᠯᠢᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠠᠮᠢ ᠠᠬᠤᠶ ᠶᠢᠨ ᠬᠡᠷᠡᠭᠯᠡᠬᠦ | ᠤᠰᠤ ᠶᠢ ᠨᠥᠬᠦᠪᠥᠷᠢᠯᠡᠨ ᠬᠠᠩᠭᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠭᠠᠵᠠᠷ ᠳᠣᠤᠷᠠᠬᠢ | ᠤᠰᠤ ᠶᠢ ᠨᠡᠭᠡᠭᠡᠨ ᠮᠠᠯᠲᠠᠬᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠶᠢ ᠪᠠᠭᠲᠠᠭᠠᠨ᠎ᠠ᠃ ᠭᠠᠵᠠᠷ | ᠰᠢᠷᠣᠶ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠳᠤ ᠬᠤᠲᠠ ᠶᠢᠨ ᠱᠠᠲᠤᠨ ᠠᠴᠠ | ᠳᠡᠭᠡᠭᠰᠢᠬᠢ ᠨᠡᠭᠡᠭᠡᠨ ᠬᠥᠭᠵᠢᠭᠦᠯᠬᠦ ᠣᠷᠣᠨ᠂ ᠬᠤᠲᠠ ᠪᠠᠯᠭᠠᠰᠤ ᠶᠢᠨ ᠣᠷᠣᠨ ᠵᠠᠶ᠂ ᠠᠭᠤᠷᠬᠠᠶ ᠶᠢᠨ ᠣᠷᠣᠨ ᠶᠢ | ᠪᠠᠭᠲᠠᠭᠠᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ | ᠪᠣᠯ ᠬᠤᠲᠠ ᠪᠠᠯᠭᠠᠰᠤ ᠶᠢᠨ ᠪᠣᠬᠢᠷᠲᠤᠯ ᠶᠡᠬᠡᠲᠡᠶ ᠲᠦᠯᠡᠰᠢ ᠶᠢᠨ ᠰᠢᠲᠠᠬᠤ ᠶᠢ ᠴᠠᠭᠠᠵᠠᠯᠠᠬᠤ ᠣᠷᠣᠨ ᠪᠣᠯᠤᠨ᠎ᠠ᠃ | ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠨᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠭᠤᠯᠭ᠎ᠠ ᠪᠠᠷ ᠭᠤᠣᠯ ᠪᠣᠯᠭᠠᠵᠤ᠂ ᠣᠷᠣᠨ ᠵᠠᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠡᠵᠡᠮᠳᠡᠬᠦ ᠪᠠ | ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ | ᠠᠰᠢᠭᠯᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠭᠤᠷᠪᠠ︶ ᠡᠩ ᠤᠨ | ᠬᠠᠮᠢᠶᠠᠷᠤᠨ ᠡᠵᠡᠮᠳᠡᠬᠦ ᠨᠢᠭᠡᠴᠡ᠃ ᠨᠡᠶᠢᠲᠡ 10 ᠪᠠᠶᠢᠵᠤ᠂ ᠲᠠᠯᠠᠪᠠᠶ ᠨᠢ 25106.68 ᠺᠤᠸᠧᠲ ᠺᠢᠯᠤᠮᠧᠲ᠋ᠧᠷ | ᠪᠠᠶᠢᠵᠤ᠂ ᠪᠥᠬᠦ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠶ ᠶᠢᠨ 28.89% ᠶᠢ ᠡᠵᠡᠯᠡᠨ᠎ᠡ᠃ ᠡᠭᠦᠨ ᠳᠤ | ᠤᠷᠢᠳᠠᠪᠠᠷ ᠬᠠᠮᠠᠭᠠᠯᠠᠬᠤ ᠨᠢᠭᠡᠴᠡ ᠪᠠ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠡ ᠠᠴᠠ ᠪᠤᠰᠤᠳ ᠣᠷᠣᠨ | ᠪᠦᠰᠡ ᠶᠢ ᠪᠠᠭᠲᠠᠭᠠᠵᠤ᠂ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠵᠠᠭᠠᠭ ᠬᠢᠵᠠᠭᠠᠷ ᠢᠶᠠᠷ ᠬᠦᠷᠢᠶ᠎ᠡ | ᠬᠡᠪᠴᠢᠶ᠎ᠡ ᠶᠢ ᠲᠣᠭᠲᠠᠭᠠᠨ᠎ᠠ᠃ ᠡᠩ ᠤᠨ ᠬᠠᠮᠢᠶᠠᠷᠤᠨ ᠡᠵᠡᠮᠳᠡᠬᠦ ᠨᠢᠭᠡᠴᠢ ᠨᠢ ᠭᠤᠣᠯᠳᠠᠭᠤ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ ︵ᠨᠢᠭᠡ︶ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ | ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠭᠤᠷᠪᠠᠨ ᠱᠤᠭᠤᠮ | ᠨᠢᠭᠡ ᠬᠠᠭᠤᠳᠠᠰᠤ︾ ᠤᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ | ᠰᠢᠰᠲ᠋ᠧᠮ ᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠣᠷᠣᠨ ᠪᠦᠰᠡ ᠶᠢᠨ ᠡᠬᠢ | ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠪᠦᠲᠦᠴᠡ ᠶᠢᠨ | ᠲᠤᠬᠢᠷᠠᠭᠤᠯᠤᠯᠳᠠ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ᠂ ᠴᠢᠬᠤᠯᠠ ᠶᠡᠭᠡ ᠲᠦᠷᠦᠯ ᠵᠦᠢᠯ ᠤᠨ | ᠭᠠᠵᠠᠷ ᠰᠣᠩᠭᠤᠯᠲᠠ ᠵᠡᠷᠭᠡ ᠲᠠᠯ᠎ᠠ ᠲᠠᠢ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠲᠥᠰᠦᠯ ᠢ ᠲᠣᠭᠲᠠᠭᠠᠬᠤ ᠳᠠᠭᠠᠨ ᠠᠮᠢ ᠠᠬᠤᠶ ᠶᠢᠨ ᠣᠷᠴᠢᠨ | ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ᠂ ᠠᠮᠢ ᠠᠬᠤᠶ ᠶᠢᠨ ᠣᠷᠴᠢᠨ ᠲᠣᠭᠤᠷᠢᠨ ᠤ | ᠵᠥᠪᠰᠢᠶᠡᠷᠡᠯ ᠤᠨ ᠱᠠᠭᠠᠷᠳᠠᠯᠭ᠎ᠠ ᠶᠢ ᠴᠢᠬᠤᠯᠠ ᠦᠨᠳᠦᠰᠦᠯᠡᠯ ᠪᠣᠯᠭᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾ | ᠯᠤᠭ᠎ᠠ ᠶᠢᠨ ᠵᠣᠬᠢᠴᠠᠯᠳᠤ ᠴᠢᠨᠠᠷᠲᠠᠶ ᠵᠠᠳᠠᠯᠤᠯᠲᠠ ᠶᠢ ᠴᠢᠩᠭᠠᠳᠬᠠᠨ᠎ᠠ᠃ ᠡᠭᠦᠨ ᠤ ᠵᠡᠷᠭᠡᠪᠡᠷ᠂ ᠠᠮᠢ ᠠᠬᠤᠢ ᠶᠢᠨ | ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ | ᠠᠬᠤᠢ ᠶᠢ ᠬᠠᠮᠠᠭᠠᠯᠠᠬᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ | ᠴᠢᠬᠤᠯᠠ ᠦᠨᠳᠦᠰᠦᠯᠡᠯ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ | ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠮᠢ ᠠᠬᠤᠢ᠂ ᠤᠰᠤ᠂ ᠠᠭᠠᠷ ᠮᠠᠨᠳᠠᠯ᠂ ᠬᠥᠷᠥᠰᠥ ᠰᠢᠷᠣᠢ᠂ ᠬᠠᠲᠠᠭᠤ | ᠪᠡᠶᠡᠲᠦ ᠬᠠᠶᠠᠭᠳᠠᠮᠠᠯ ᠪᠣᠳᠠᠰ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠦᠨᠡᠯᠡᠬᠦ ᠵᠥᠪᠰᠢᠶᠡᠷᠡᠯ᠂ | ᠪᠣᠬᠢᠷᠲᠤᠯ ᠭᠠᠳᠠᠭᠰᠢᠯᠠᠭᠤᠯᠬᠤ ᠶᠢ ᠵᠥᠪᠰᠢᠶᠡᠷᠡᠬᠦ ᠵᠡᠷᠭᠡ ᠣᠷᠴᠢᠨ ᠲᠣᠭᠤᠷᠢᠨ ᠤ ᠬᠠᠮᠢᠶᠠᠷᠤᠯᠲᠠ ᠳᠤ ︽ᠭᠤᠷᠪᠠᠨ | ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠥᠨᠳᠥᠷ ᠲᠦᠪᠰᠢᠨ ᠢᠶᠠᠷ ᠬᠠᠮᠠᠭᠠᠯᠠᠬᠤ ᠶᠢ ᠠᠬᠢᠭᠤᠯᠤᠨ᠎ᠠ᠃ ︵ᠬᠤᠶᠠᠷ︶ ᠲᠠᠪᠴᠠᠩ ᠢ | ᠵᠣᠯᠭᠠᠭᠤᠯᠬᠤ ᠵᠢᠴᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠴᠢᠩᠭᠠᠷᠠᠭᠤᠯᠤᠨ᠎ᠠ᠃ ᠬᠤᠲᠠ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ︽ᠭᠤᠷᠪᠠᠨ ᠱᠤᠭᠤᠮ ᠨᠢᠭᠡ | ᠬᠠᠭᠤᠳᠠᠰᠤ︾ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ | ᠲᠦᠷᠦᠭᠦᠯᠡᠨ ᠰᠠᠶᠢᠲᠤᠷ ᠬᠢᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠲᠤᠭ᠎ᠠ ᠪᠠᠷᠢᠮᠲᠠ ᠶᠢᠨ | ᠬᠡᠷᠡᠭᠯᠡᠭᠡᠨ ᠤ ᠰᠢᠰᠲ᠋ᠧᠮ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ | ᠲᠠᠪᠴᠠᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠠᠪᠴᠠᠩ ᠯᠤᠭ᠎ᠠ | ᠵᠣᠯᠭᠠᠭᠤᠯᠬᠤ ᠶᠢ ᠴᠢᠩᠭᠠᠳᠬᠠᠵᠤ᠂ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠢ ᠮᠡᠳᠡᠭᠡ ᠵᠠᠩᠭᠢᠵᠢᠭᠤᠯᠤᠨ | ᠬᠡᠷᠡᠭᠯᠡᠬᠦ ᠪᠠ ᠲᠤᠭ᠎ᠠ ᠪᠠᠷᠢᠮᠲᠠ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ | ᠪᠡᠶᠡᠯᠡᠭᠦᠯᠬᠦ ᠬᠡᠷᠡᠭᠲᠡᠶ᠃ ︵ᠭᠤᠷᠪᠠ︶ ᠦᠷ᠎ᠡ ᠪᠦᠲᠦᠭᠡᠯ ᠢ ᠬᠥᠳᠡᠯᠦᠩᠭᠦᠶ ᠪᠠᠷ ᠰᠢᠨᠡᠳᠬᠡᠬᠦ ᠶᠢ ᠬᠡᠷᠡᠭᠵᠢᠭᠦᠯᠦᠨ᠎ᠡ᠃ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ︽ᠭᠤᠷᠪᠠᠨ ᠱᠤᠭᠤᠮ ᠨᠢᠭᠡ ᠬᠠᠭᠤᠳᠠᠰᠤ︾ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢ | ᠴᠠᠭ ᠲᠤᠨᠢ ᠳᠣᠭᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ | ︽ᠭᠤᠷᠪᠠᠨ ᠱᠤᠭᠤᠮ ᠨᠢᠭᠡ ᠬᠠᠭᠤᠳᠠᠰᠤ︾ ᠶᠢ ᠰᠢᠨᠡᠳᠬᠡᠨ ᠳᠣᠭᠢᠷᠠᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠶᠠᠷᠢᠯᠴᠠᠭᠤᠯᠵᠤ ᠨᠡᠶᠢᠲᠡᠯᠡᠨ᠎ᠡ᠃ ᠤᠯᠤᠰ ᠪᠣᠯᠤᠨ ᠣᠷᠣᠨ | ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠤᠨ ᠬᠠᠷᠠᠯᠲᠠ ᠵᠡᠷᠭᠡ ᠶᠢᠨ ᠬᠤᠪᠢᠷᠠᠯᠲᠠ ᠠᠴᠠ ᠪᠣᠯᠵᠤ ︽ᠭᠤᠷᠪᠠᠨ ᠱᠤᠭᠤᠮ ᠨᠢᠭᠡ ᠬᠠᠭᠤᠳᠠᠰᠤ︾ | ᠶᠢᠨ ᠠᠭᠤᠯᠭ᠎ᠠ ᠳᠤ ᠲᠤᠬᠢᠷᠠᠭᠤᠯᠤᠯᠳᠠ ᠬᠢᠬᠦ ᠴᠢᠬᠤᠯᠠᠲᠠᠢ ᠪᠣᠯ᠂ ᠲᠡᠰ ᠳᠠᠷᠠᠭᠠᠯᠠᠯ ᠶᠣᠰᠣᠭᠠᠷ ᠴᠠᠭ ᠲᠤᠬᠠᠢ ᠳᠤᠨᠢ | ᠰᠢᠨᠡᠳᠬᠡᠬᠦ ᠪᠠ ᠬᠥᠳᠡᠯᠦᠩᠭᠦᠢ ᠪᠠᠷ ᠰᠢᠨᠡᠳᠬᠡᠬᠦ ᠶᠢ ᠥᠷᠨᠢᠭᠦᠯᠬᠦ ᠬᠡᠷᠡᠭᠲᠡᠢ᠃ ︵ᠳᠥᠷᠪᠡ︶ ᠬᠤᠯᠪᠣᠭᠳᠠᠯ ᠪᠥᠬᠦᠶ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢ | ᠬᠡᠷᠡᠭᠵᠢᠭᠦᠯᠬᠦ᠂ ᠦᠨᠡᠯᠡᠨ ᠵᠢᠱᠢᠬᠦ᠂ ᠲᠣᠬᠢᠷᠠᠭᠤᠯᠤᠨ ᠰᠢᠨᠡᠳᠬᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠦᠨ᠎ᠠ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠣᠷᠳᠣ | ᠬᠤᠭᠤᠴᠠᠭᠠᠨ ᠤ ᠲᠣᠭᠲᠠᠪᠤᠷᠢᠲᠠᠶ ᠲᠤᠰᠬᠠᠶ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ | ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠬᠡᠷᠡᠭᠵᠢᠭᠦᠯᠬᠦ᠂ ᠦᠨᠡᠯᠡᠨ ᠵᠢᠱᠢᠬᠦ᠂ | ᠰᠢᠨᠡᠳᠬᠡᠵᠦ ᠳᠣᠭᠢᠷᠠᠭᠤᠯᠬᠤ ᠪᠠ ᠤᠬᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠲᠤᠰᠬᠠᠶ ᠵᠦᠢᠯ ᠤᠨ ᠪᠠᠯᠠ ᠮᠥᠩᠭᠦ ᠳᠣᠭᠢᠷᠠᠭᠤᠯᠵᠤ᠂ ︽ | ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠬᠡᠷᠡᠭᠵᠢᠭᠦᠯᠬᠦ᠂ ᠦᠨᠡᠯᠡᠨ ᠵᠢᠱᠢᠬᠦ᠂ ᠰᠢᠨᠡᠳᠬᠡᠨ | ᠳᠣᠭᠢᠷᠠᠭᠤᠯᠬᠤ᠂ ᠲᠤᠭ᠎ᠠ ᠪᠠᠷᠢᠮᠲᠠ ᠶᠢ ᠬᠡᠷᠡᠭᠯᠡᠬᠦ ᠪᠠ ᠬᠠᠮᠠᠭᠠᠯᠠᠬᠤ ᠵᠡᠷᠭᠡ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠬᠠᠮᠵᠢᠯᠴᠠᠨ᠂ ᠪᠥᠬᠦ ᠬᠤᠲᠠ ᠶᠢᠨ ︽ | ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠦᠨᠡᠨᠬᠦ ᠰᠠᠶᠢᠲᠤᠷ ᠠᠳᠬᠤᠬᠤ ᠬᠡᠷᠡᠭᠲᠡᠶ᠃ | | | | | | |