| | | | ᠥᠩᠭᠡᠷᠡᠭᠰᠡᠨ ᠳᠤ ᠭᠡᠷ ᠪᠦᠯᠢ ᠶᠢᠨ ᠪᠦᠷᠢᠯᠳᠦᠬᠦᠨ ᠨᠢ ᠬᠡᠳᠦ᠋ᠢᠪᠡᠷ ᠴᠦᠮ ᠡᠮ ᠡᠮᠨᠡᠯᠭᠡ ᠶᠢᠨ | ᠳᠠᠭᠠᠳᠬᠠᠯ ᠤᠨ ᠳᠠᠩᠰᠠ ᠲᠠᠢ ᠪᠣᠯᠪᠠᠴᠤ ᠬᠠᠮᠲᠤ ᠪᠠᠷ ᠬᠡᠷᠡᠭᠯᠡᠵᠦ ᠪᠣᠯᠬᠤ ᠥᠬᠡᠶ᠂ ᠡᠮᠨᠡᠯᠭᠡ ᠳᠤ ᠣᠴᠢᠵᠤ ᠡᠪᠡᠳᠴᠢᠨ | ᠦᠵᠡᠭᠦᠯᠬᠦ ᠳᠤ᠂ ᠥᠪᠡᠷ ᠤᠨ ᠲᠠᠩᠰᠠᠨ ᠳᠠᠬᠢ ᠦᠯᠡᠳᠡᠪᠦᠷᠢ ᠮᠥᠩᠭᠦ ᠨᠢ ᠬᠦᠷᠦᠯᠴᠡᠬᠦ ᠥᠬᠡᠶ ᠪᠣᠯ ᠵᠥᠪᠬᠡᠨ ᠪᠡᠯᠡᠨ | ᠵᠣᠭᠤᠰ ᠢᠶᠠᠷ ᠨᠥᠬᠦᠪᠦᠷᠢᠯᠡᠳᠡᠭ᠂ ᠬᠡᠷ ᠤᠨ ᠬᠥᠮᠦᠰ ᠤᠨ ᠲᠠᠩᠰᠠᠨ ᠳᠤ ᠮᠢᠩᠭ᠎ᠠ ᠲᠦᠮᠡᠨ ᠲᠥᠭᠦᠷᠢᠭ ᠤᠨ | ᠦᠯᠡᠳᠡᠪᠦᠷᠢ ᠮᠥᠩᠭᠦ ᠪᠠᠶᠢᠭᠰᠠᠨ ᠴᠤ ᠬᠡᠷᠡᠭᠯᠡᠵᠦ ᠪᠣᠯᠬᠤ ᠦᠭᠡᠢ ᠪᠠᠶᠢᠳᠠᠭ᠃ ᠣᠶᠢᠷ᠎ᠠ ᠳᠤ᠂ ᠤᠯᠠᠭᠠᠨᠬᠠᠳᠠ | ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠠᠬᠢᠨᠲᠠ ᠥᠭᠡᠷᠡᠴᠢᠯᠡᠯᠲᠡ ᠬᠢᠵᠦ ᠪᠣᠳᠠᠲᠠᠶ ᠠᠷᠭ᠎ᠠ | ᠬᠡᠮᠵᠢᠶ᠎ᠡ ᠭᠠᠷᠭᠠᠪᠠ᠄ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ | ᠲᠠᠩᠰᠠᠨ ᠤ ᠦᠯᠡᠳᠡᠪᠦᠷᠢ ᠮᠥᠩᠭᠦ ᠶᠢ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠮᠲᠤ ᠪᠠᠷ ᠬᠡᠷᠡᠭᠯᠡᠵᠦ | ᠪᠣᠯᠤᠨ᠎ᠠ᠃ 7 ᠰᠠᠷ᠎ᠠ ᠶᠢᠨ 12 ᠤᠨ ᠡᠳᠦᠷ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠲᠠᠷᠬᠠᠭᠠᠪᠠ᠃ ᠮᠡᠳᠡᠭᠳᠡᠯ ᠳᠤ ︽ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ︽2021 | ᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ | ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠬᠢᠪᠠ᠄ 2021 ᠣᠨ ᠤ 8 ᠰᠠᠷ᠎ᠠ ᠶᠢᠨ | 1 ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠦᠨ ᠤ ᠲᠠᠩᠰᠠᠨ ᠮᠥᠩᠭᠦ ᠶᠢ ᠵᠥᠪᠬᠡᠨ ᠲᠣᠰ ᠬᠥᠮᠦᠨ ᠳᠤᠨᠢ ᠬᠡᠷᠡᠭᠯᠡᠭᠦᠯᠵᠦ ᠪᠠᠶᠢᠭᠰᠠᠨ ᠠᠴᠠ ᠬᠡᠷ ᠪᠦᠯᠢ ᠶᠢᠨ | ᠪᠦᠷᠢᠯᠳᠦᠬᠦᠨ ᠤ ᠬᠠᠷᠢᠯᠴᠠᠨ ᠲᠤᠰᠠᠯᠠᠯᠴᠠᠨ ᠬᠡᠷᠡᠭᠯᠡᠬᠦ ᠪᠣᠯᠲᠠᠯ᠎ᠠ ᠥᠷᠭᠡᠳᠬᠡᠨ᠎ᠡ᠃ ᠬᠤᠪᠢ ᠬᠥᠮᠦᠨ ᠤ ᠲᠠᠩᠰᠠᠨ | ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ | ᠲᠡᠭᠦᠨ ᠤ ᠠᠪᠤᠭᠠᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠡᠮᠴᠢᠯᠡᠭᠦᠯᠬᠦ ᠳᠤ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠭᠰᠠᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ ᠬᠤᠳᠠᠯᠳᠤᠨ ᠠᠪᠬᠤ ᠳᠤ ᠬᠤᠪᠢ ᠬᠥᠮᠦᠨ ᠤ ᠡᠭᠦᠷᠭᠡᠯᠡᠬᠦ | ᠵᠠᠷᠤᠳᠠᠯ ᠢ ᠴᠦᠮ ᠲᠣᠭᠠᠴᠢᠵᠤ ᠳᠡᠶᠢᠯᠬᠦ ᠪᠠᠷ ᠲᠣᠬᠢᠷᠠᠭᠤᠯᠪᠠ᠃ ᠮᠡᠳᠡᠭᠳᠡᠯ ᠳᠤ᠂ ᠡᠯ᠎ᠡ ᠬᠤᠯᠪᠣᠭᠳᠠᠯ ᠪᠥᠬᠦᠶ | ᠲᠠᠯ᠎ᠠ ᠤᠳ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥ ᠶᠢᠨ ᠪᠣᠳᠣᠯᠭ᠎ᠠ ᠶᠢ ᠰᠠᠶᠢᠲᠤᠷ | ᠵᠣᠯᠭᠠᠭᠤᠯᠵᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ | ᠲᠠᠩᠰᠠᠨ ᠤ ᠥᠭᠡᠷᠡᠴᠢᠯᠡᠯᠲᠡ ᠶᠢᠨ ᠠᠵᠢᠯ ᠢ ᠪᠣᠳᠠᠲᠠᠶ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | |