| | ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠨᠡᠶᠢᠳᠡᠪᠦᠷᠢᠵᠢᠭᠤᠯᠤᠨ᠂ ᠲᠤᠤᠷ | ᠬᠦᠷᠢᠶ᠎ᠠ ᠲᠠᠳᠠᠬᠤ ᠶᠢ ᠪᠠᠭᠠᠰᠬᠠᠵᠤ᠂ ᠨᠤᠳᠤᠭ ᠪᠡᠯᠴᠢᠭᠡᠷ ᠢ ᠬᠡᠰᠡᠭᠯᠡᠨ ᠬᠦᠷᠢᠶᠡᠯᠡᠭᠦ ᠠᠰᠠᠭᠤᠳᠠᠯ ᠢ ᠰᠢᠢᠳᠪᠦᠷᠢᠯᠡᠨ᠎ᠠ᠃ | — ᠪᠦ᠋ ᠰᠢᠶᠤᠤ ᠯᠢᠨ ᠲᠡᠷᠢᠭᠦᠯᠡᠭᠴᠢ ᠶᠢᠨ ᠬᠢᠭᠰᠡᠨ 2021 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠠᠴᠠ ᠨᠤᠳᠤᠭ ᠪᠡᠯᠴᠢᠭᠡᠷ᠂ ᠲᠤᠤᠷ ᠬᠦᠷᠢᠶᠡᠨ ᠤ | ᠠᠰᠠᠭᠤᠳᠠᠯ ᠨᠢ ᠮᠠᠯᠵᠢᠬᠤ ᠤᠷᠤᠨ ᠳᠤ ᠶᠠᠷᠢᠬᠳᠠᠬᠰᠠᠭᠠᠷ ᠢᠷᠡᠭᠰᠡᠨ ᠰᠡᠳᠦᠪ᠃ ᠡᠨᠡ ᠨᠢ ᠵᠦᠪᠭᠡᠨ ᠮᠠᠯᠴᠢᠳ ᠤᠨ | ᠦᠢᠯᠡᠳᠪᠦᠷᠢᠯᠡᠯ ᠠᠮᠢᠳᠤᠷᠠᠯ ᠲᠠᠢ ᠬᠤᠯᠪᠤᠬᠳᠠᠬᠤ ᠲᠡᠳᠦᠢ ᠪᠢᠰᠢ᠂ ᠬᠠᠷᠢᠨ ᠤᠷᠤᠯᠭ᠎ᠠ ᠵᠠᠷᠤᠯᠭ᠎ᠠ ᠶᠢᠨ ᠠᠰᠠᠭᠤᠳᠠᠯ᠂ | ᠠᠮᠢ ᠠᠬᠤᠢ ᠶᠢᠨ ᠠᠰᠠᠭᠤᠳᠠᠯ᠂ ᠨᠡᠶᠢᠭᠡᠮ ᠤᠨ ᠠᠰᠠᠭᠤᠳᠠᠯ ᠪᠤᠯᠬᠤ ᠪᠠᠷ ᠪᠠᠷᠠᠬᠤ ᠦᠭᠡᠢ᠂ ᠴᠢᠨᠡᠭᠡᠯᠢᠭ ᠨᠡᠶᠢᠭᠡᠮ ᠢ | ᠪᠡᠶᠡᠯᠡᠭᠦᠯᠭᠦ ᠵᠡᠷᠭᠡ ᠪᠦᠬᠦ ᠲᠠᠯ᠎ᠠ ᠳᠤ ᠬᠤᠯᠪᠤᠬᠳᠠᠬᠤ ᠠᠰᠠᠭᠤᠳᠠᠯ ᠮᠦᠨ᠃ ᠡᠨᠡ ᠲᠤᠬᠠᠢ ᠰᠤᠷᠪᠤᠯᠵᠢᠯᠬᠠᠴᠢ | ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠲᠤᠰᠬᠠᠢ ᠮᠡᠷᠭᠡᠵᠢᠯᠳᠡᠨ᠂ ᠮᠠᠯᠴᠢᠨ ᠵᠡᠷᠭᠡ ᠭᠤᠷᠪᠠᠨ | ᠲᠠᠯ᠎ᠠ ᠶᠢᠨ ᠬᠢᠨ ᠢ ᠰᠤᠷᠪᠤᠯᠵᠢᠯᠠᠬᠰᠠᠨ ᠪᠢᠯᠡ᠃ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ | ᠵᠢᠯᠤᠭᠤᠳᠤᠬᠴᠢ ᠪᠠᠭᠰᠢ᠂ ᠲᠤᠰᠬᠠᠢ ᠮᠡᠷᠭᠡᠵᠢᠯᠳᠡᠨ ᠬᠠᠶᠢᠰᠠᠨ᠄ ᠡᠨᠡ ᠤᠳᠠᠭᠠᠨ ᠤ ᠦᠪᠡᠷᠳᠡᠬᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷ᠎ᠠ᠂ ᠪᠦ᠋ ᠰᠢᠶᠤᠤ ᠯᠢᠨ ᠲᠡᠷᠢᠭᠦᠯᠡᠭᠴᠢ ᠵᠠᠰᠠᠭ ᠤᠨ | ᠤᠷᠳᠤᠨ ᠤ ᠠᠵᠢᠯ ᠤᠨ ᠢᠯᠡᠳᠭᠡᠯ ᠳᠡᠭᠡᠨ᠂ ᠲᠤᠤᠷ ᠬᠦᠷᠢᠶ᠎ᠠ ᠶᠡᠭᠡᠳᠴᠤ ᠨᠤᠳᠤᠭ ᠪᠡᠯᠴᠢᠭᠡᠷ ᠤᠨ ᠲᠠᠯᠠᠪᠠᠢ | ᠵᠢᠵᠢᠭᠷᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ ᠬᠡᠰᠡᠨ ᠰᠢᠢᠳᠪᠦᠷᠢᠳᠦ ᠪᠤᠳᠤᠯᠭ᠎ᠠ ᠪᠤᠶᠤ ᠵᠢᠭᠠᠪᠤᠷᠢ ᠶᠢ | ᠠᠩᠬ᠎ᠠ ᠤᠳᠠᠭ᠎ᠠ ᠲᠤᠷᠠᠳᠤᠬᠰᠠᠨ ᠶᠤᠮ᠃ ᠲᠤᠤᠷ ᠬᠦᠷᠢᠶ᠎ᠡ ᠮᠠᠯᠵᠢᠬᠤ ᠤᠷᠤᠨ ᠳᠤ ᠭᠠᠷᠴᠤ ᠢᠷᠡᠭᠡᠳ ᠤᠳᠤ 30 | ᠰᠢᠬᠠᠮ ᠵᠢᠯ ᠪᠤᠯᠵᠤ ᠪᠤᠢ᠃ ᠮᠢᠨᠦ ᠬᠤᠪᠢ ᠬᠦᠮᠦᠨ ᠤ ᠦᠵᠡᠭᠦ ᠪᠠᠷ᠂ ᠶᠠᠭᠤᠨ ᠤ ᠡᠮᠦᠨ᠎ᠠ᠂ ᠡᠨᠡ ᠰᠢᠢᠳᠪᠦᠷᠢ ᠵᠦᠪ | ᠤᠨᠤᠪᠴᠢᠳᠠᠢ᠃ ᠲᠠᠬᠢᠭᠠᠳ ᠬᠡᠯᠡᠪᠡᠯ᠂ ᠮᠠᠰᠢ ᠴᠢᠬᠤᠯᠠ ᠠᠴᠢ ᠬᠤᠯᠪᠤᠬᠳᠠᠯ ᠲᠠᠢ᠃ ᠭᠤᠤᠯᠳᠠᠭᠤ ᠦᠪᠦᠷ | ᠮᠤᠩᠭᠤᠯ ᠤᠨ ᠨᠤᠳᠤᠭ ᠪᠡᠯᠴᠢᠭᠡᠷ ᠢ ᠰᠡᠷᠭᠦᠭᠡᠵᠤ᠂ ᠤᠯᠤᠰ ᠤᠨ ᠤᠮᠠᠷᠠᠳᠦ ᠤᠷᠤᠨ ᠤ ᠠᠮᠢ ᠠᠬᠤᠢ ᠶᠢᠨ | ᠬᠠᠯᠬᠠᠪᠴᠢ ᠶᠢ ᠪᠠᠳᠤᠳᠬᠠᠵᠤ᠂ ᠡᠭᠡ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠬᠤ ᠠᠭᠤᠤ ᠶᠡᠭᠡ | ᠦᠢᠯᠡᠰ ᠲᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ ᠬᠡᠭᠦ ᠳᠡᠭᠡᠨ᠂ ᠡᠭᠦᠨ ᠢ ᠪᠡᠶᠡᠯᠡᠭᠦᠯᠭᠦ ᠡᠭᠦᠷᠭᠡ | ᠲᠤᠩ ᠬᠦᠨᠳᠦ ᠪᠠᠶᠢᠭ᠎ᠠ ᠶᠤᠮ᠃ ᠲᠤᠤᠷ ᠬᠦᠷᠢᠶ᠎ᠡ ᠶᠡᠭᠡ ᠪᠠᠷ ᠭᠠᠷᠴᠤ ᠪᠡᠯᠴᠢᠭᠡᠷ ᠲᠠᠴᠢᠷᠳᠠᠭᠠᠳ ᠠᠮᠢ ᠠᠬᠤᠢ ᠶᠢᠨ | ᠦᠷ᠎ᠠ ᠠᠰᠢᠭ᠂ ᠠᠵᠤ ᠠᠬᠤᠢ ᠶᠢᠨ ᠦᠷ᠎ᠠ ᠠᠰᠢᠭ᠂ ᠨᠡᠶᠢᠭᠡᠮ ᠤᠨ ᠦᠷ᠎ᠠ ᠠᠰᠢᠭ ᠪᠦᠷ ᠲᠤᠷᠤᠬᠰᠢᠯᠠᠬᠰᠠᠨ ᠠᠬᠤᠢ | ᠪᠠᠶᠢᠳᠠᠯ ᠲᠤᠤᠷ᠎ᠠ᠂ ᠨᠠᠮ ᠤᠨ ᠲᠦᠪ ᠬᠤᠷᠢᠶ᠎ᠠ ᠠᠮᠢ ᠠᠬᠤᠢ ᠶᠢ ᠲᠡᠷᠢᠭᠦᠨ ᠳᠤ ᠲᠠᠯᠪᠢᠬᠤ ᠪᠤᠳᠤᠯᠭ᠎ᠠ ᠶᠢ | ᠲᠤᠭᠳᠠᠭᠠᠬᠰᠠᠨ ᠶᠤᠮ᠂ ᠦᠪᠦᠷ ᠮᠤᠩᠭᠤᠯ ᠨᠡᠩ ᠢᠯᠡᠭᠦᠦ ᠤᠯᠤᠰ ᠤᠨ ᠤᠮᠠᠷᠠᠳᠦ ᠤᠷᠤᠨ ᠤ ᠠᠮᠢ ᠠᠬᠤᠢ ᠶᠢᠨ | ᠬᠠᠯᠬᠠᠪᠴᠢ ᠶᠢ ᠵᠠᠪᠠᠯ ᠰᠠᠶᠢᠨ ᠬᠠᠮᠠᠭᠠᠯᠠᠬᠤ ᠡᠨᠡ ᠬᠦ ᠵᠢᠭᠠᠪᠤᠷᠢ ᠶᠢ ᠬᠦᠯᠢᠶᠡᠭᠰᠡᠨ ᠶᠤᠮ᠃ ᠡᠭᠦᠨ ᠳᠤ᠂ ᠦᠪᠡᠷᠳᠡᠬᠡᠨ | ᠵᠠᠰᠠᠬᠤ ᠤᠷᠤᠨ ᠠᠴᠠ ᠡᠨᠡ ᠲᠠᠯ᠎ᠠ ᠲᠡᠭᠡᠷ᠎ᠠ ᠴᠢᠬᠤᠯᠠ ᠰᠢᠢᠳᠪᠦᠷᠢ ᠭᠠᠷᠭᠠᠪᠠ᠃ ᠮᠢᠨᠦ ᠪᠤᠳᠤᠬᠤ ᠪᠠᠷ᠂ ᠪᠦ᠋ ᠰᠢᠶᠤᠤ | ᠯᠢᠨ ᠲᠡᠷᠢᠭᠦᠯᠡᠭᠴᠢ ᠶᠢᠨ ᠬᠤᠷᠠᠯ ᠲᠡᠭᠡᠷ᠎ᠠ ᠶᠠᠷᠢᠬᠰᠠᠨ ᠨᠤᠳᠤᠭ ᠪᠡᠯᠴᠢᠭᠡᠷ ᠵᠢᠵᠢᠭᠷᠡᠵᠤ᠂ ᠪᠡᠯᠴᠢᠭᠡᠷ ᠲᠠᠴᠢᠷᠳᠡᠵᠤ | ᠪᠠᠶᠢᠭ᠎ᠠ ᠪᠠᠶᠢᠳᠠᠯ ᠢ ᠰᠡᠷᠭᠦᠭᠡᠭᠦ ᠳᠤ ᠶᠡᠭᠡ ᠬᠦᠨᠳᠦ ᠲᠠᠷᠤᠭᠠᠰᠦ ᠪᠤᠯᠵᠤ ᠪᠠᠶᠢᠭ᠎ᠠ ᠡᠨᠡ ᠠᠰᠠᠭᠤᠳᠠᠯ ᠢ ᠰᠢᠢᠳᠪᠦᠷᠢᠯᠡᠨ᠎ᠠ | ᠬᠡᠵᠤ ᠪᠠᠶᠢᠭ᠎ᠠ ᠪᠤᠯ ᠨᠠᠮ ᠤᠨ ᠲᠦᠪ ᠬᠤᠷᠢᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠤᠷᠠᠳᠴᠤ ᠭᠠᠷᠭᠠᠬᠰᠠᠨ ︽ | ᠬᠤᠶᠠᠷ ᠠᠭᠤᠯᠠ︾ ᠶᠢᠨ ᠤᠨᠤᠯ᠂ ᠲᠠᠷᠤᠢ ᠠᠮᠢ ᠠᠬᠤᠢ ᠶᠢ ᠲᠡᠷᠢᠬᠦᠨ ᠳᠤ ᠲᠠᠯᠪᠢᠬᠤ ᠡᠨᠡ ᠬᠦ ᠪᠤᠳᠤᠯᠭ᠎ᠠ ᠶᠢ | ᠪᠤᠳᠠᠳᠤ ᠦᠢᠯᠡ ᠠᠵᠢᠯᠯᠠᠭ᠎ᠠ ᠲᠡᠭᠡᠷ᠎ᠠ ᠪᠠᠨ᠂ ᠰᠢᠢᠳᠪᠦᠷᠢ ᠲᠡᠭᠡᠷ᠎ᠠ ᠪᠠᠨ ᠪᠡᠶᠡᠯᠡᠬᠦᠯᠦᠨ᠂ ᠨᠠᠮ ᠲᠦᠷᠦ ᠪᠠ ᠠᠷᠠᠳ | ᠲᠦᠮᠡᠨ ᠲᠠᠢ ᠪᠠᠨ ᠬᠠᠮᠳᠤ ᠪᠠᠷ ᠡᠨᠡ ᠬᠦ ᠠᠰᠠᠭᠤᠳᠠᠯ ᠢ ᠰᠢᠢᠳᠪᠦᠷᠢᠯᠡᠶ᠎ᠠ ᠬᠡᠵᠦ ᠵᠤᠷᠢᠭ ᠢᠶᠠᠨ ᠢᠯᠡᠳᠭᠡᠵᠤ ᠪᠠᠶᠢᠨ᠎ᠠ | ᠬᠡᠵᠤ ᠤᠢᠢᠯᠠᠭᠠᠵᠤ ᠪᠤᠯᠤᠨ᠎ᠠ᠃ ᠨᠤᠳᠤᠭ ᠪᠡᠯᠴᠢᠬᠡᠷ ᠤᠨ ᠡᠷᠬᠡ ᠶᠢ ᠨᠤᠳᠠᠯᠠᠨ ᠲᠤᠬᠳᠠᠭᠠᠬᠤ ᠲᠤᠩ ᠴᠢᠬᠤᠯᠠ ᠶᠤᠮ᠃ | ᠨᠤᠳᠤᠭ ᠪᠡᠯᠴᠢᠬᠡᠷ ᠢ ᠨᠤᠳᠠᠯᠠᠨ ᠲᠤᠬᠳᠠᠭᠠᠬᠤ ᠪᠤᠯ ᠮᠠᠯᠴᠢᠳ ᠤᠨ ᠦᠨᠳᠦᠰᠦᠨ ᠠᠰᠢᠭ ᠲᠤᠰᠠ ᠲᠠᠢ ᠬᠤᠯᠪᠤᠬᠳᠠᠵᠦ | ᠂ ᠡᠨᠡ ᠨᠢ ᠮᠢᠨᠤᠬᠢ᠂ ᠲᠡᠷᠡ ᠨᠢ ᠴᠢᠨᠦᠬᠢ ᠬᠡᠳᠡᠭ ᠢ ᠵᠢᠭᠠᠵᠤ ᠦᠭᠴᠤ ᠪᠤᠢ᠃ ᠬᠡᠪᠡᠴᠤ ᠲᠡᠭᠦᠨ ᠢ ᠲᠤᠤᠷᠯᠠᠭᠠᠳ | ᠠᠪᠬᠤ ᠳᠤ ᠴᠢᠨᠦ ᠪᠤᠯᠵᠤ ᠲᠡᠶᠢᠯᠭᠦ ᠦᠭᠡᠢ ᠮᠦᠷᠳᠡᠭᠡᠨ ᠡᠪᠳᠡᠨ᠎ᠠ᠃ ᠮᠢᠨᠦ ᠪᠤᠳᠤᠬᠤ ᠪᠠᠷ᠂ ᠭᠠᠴᠠᠭᠠᠨ ᠲᠤᠳᠤᠷ᠎ᠠ | ᠬᠡᠳᠦᠢ ᠮᠦ ᠪᠠᠶᠢᠬᠤ ᠶᠢ ᠨᠤᠳᠠᠯᠠᠨ ᠲᠤᠬᠳᠠᠭᠠᠪᠠᠯ ᠲᠠᠭᠠᠷᠠᠨ᠎ᠠ᠃ ᠭᠠᠴᠠᠭ᠎ᠠ ᠪᠤᠯ ᠦᠨᠳᠦᠰᠦᠨ ᠬᠠᠤᠯᠢ ᠳᠤ | ᠪᠠᠳᠤᠯᠠᠬᠰᠠᠨ ᠬᠠᠮᠠᠭᠠᠯᠠᠵᠤ ᠪᠠᠶᠢᠭ᠎ᠠ ᠨᠢᠭᠡᠴᠢ ᠶᠤᠮ᠃ ᠭᠠᠴᠠᠭᠠᠨ ᠤ ᠭᠠᠵᠠᠷ ᠰᠢᠷᠤᠢ ᠪᠦᠷ ᠬᠠᠤᠯᠢ ᠶᠢᠨ ᠲᠤᠤᠷ᠎ᠠ | ᠪᠠᠶᠢᠳᠠᠭ᠂ ᠭᠠᠴᠠᠭ᠎ᠠ ᠪᠤᠯ ᠬᠠᠮᠤᠬ ᠠᠴᠠ ᠢᠯᠡᠬᠦᠦ ᠦᠭᠡ ᠶᠠᠷᠢᠬᠤ ᠡᠷᠭᠡ ᠲᠠᠢ᠃ ᠬᠤᠪᠢ ᠬᠦᠮᠦᠨ᠂ ᠬᠤᠪᠢ ᠡᠷᠦᠭᠡ | ᠪᠤᠯ ᠲᠠᠭᠠᠭᠠᠴᠢᠯᠠᠵᠤ ᠪᠠᠶᠢᠭ᠎ᠠ ᠬᠦᠮᠦᠰ ᠲᠡᠳᠦᠢ᠃ ᠬᠤᠵᠢᠮ ᠡᠨᠡ ᠲᠤᠬᠳᠠᠴᠠ ᠶᠢᠨ ᠦᠢᠯᠡᠳᠦᠯ ᠢ ᠬᠦᠢᠴᠡᠳ | ᠪᠠᠳᠠᠷᠠᠭᠤᠯᠪᠠᠯ ᠵᠤᠬᠢᠨ᠎ᠠ᠃ ᠠᠶᠢᠮᠠᠭ ᠬᠤᠰᠢᠭᠤ ᠰᠤᠮᠤ ᠭᠠᠴᠠᠭ᠎ᠠ ᠨᠤᠳᠤᠭ ᠪᠡᠯᠴᠢᠭᠡᠷ ᠤᠨ ᠬᠠᠤᠯᠢ ᠶᠢ ᠰᠠᠶᠢᠳᠤᠷ | ᠬᠡᠷᠡᠭᠵᠢᠭᠦᠯᠵᠦ᠂ ᠪᠡᠯᠴᠢᠭᠡᠷ ᠢᠶᠠᠨ ᠰᠠᠶᠢᠨ ᠵᠠᠷᠤᠬᠰᠠᠨ ᠢ ᠨᠢ ᠬᠡᠷᠬᠢᠨ ᠱᠠᠩᠨᠠᠬᠤ᠂ ᠪᠡᠯᠴᠢᠭᠡᠷ ᠢᠶᠠᠨ ᠰᠦᠢᠳᠭᠡᠭᠰᠡᠨ | ᠬᠦᠮᠦᠨ ᠳᠤ ᠠᠮᠢ ᠠᠬᠤᠢ ᠶᠢ ᠲᠡᠷᠢᠬᠦᠨ ᠳᠤ ᠲᠠᠯᠪᠢᠬᠤ ᠬᠡᠳᠡᠭ ᠢ ︽ᠲᠦᠷᠢᠮ︾ ᠢᠶᠠᠷ ᠮᠡᠳᠡᠭᠦᠯᠦᠨ ᠤᠢᠢᠯᠠᠭᠠᠭᠤᠯᠵᠦ᠂ | ᠨᠤᠳᠤᠭ ᠪᠡᠯᠴᠢᠬᠡᠷ ᠢᠶᠠᠨ ᠡᠵᠡᠩᠨᠡᠵᠤ ᠴᠢᠳᠠᠬᠤ ᠦᠭᠡᠢ ᠬᠦᠮᠦᠰ ᠢ ᠡᠵᠡᠩᠨᠡᠭᠦᠯᠭᠦ ᠦᠭᠡᠢ ᠪᠤᠯᠭᠠᠪᠠᠯ ᠵᠤᠬᠢᠨ᠎ᠠ᠃ | ᠨᠤᠳᠤᠭ ᠪᠡᠯᠴᠢᠭᠡᠷ ᠤᠨ ᠦᠮᠴᠢ ᠭᠠᠴᠠᠭᠠᠨ ᠳᠤ ᠪᠤᠢ᠃ ᠬᠤᠪᠢ ᠬᠦᠮᠦᠨ ᠵᠦᠪᠭᠡᠨ ᠲᠠᠭᠠᠭᠠᠴᠢᠯᠠᠵᠤ ᠪᠠᠶᠢᠭ᠎ᠠ ᠯᠡ | ᠲᠡᠳᠦᠢ᠃ ᠢᠩᠬᠢᠵᠤ ᠬᠠᠤᠯᠢ ᠶᠢᠨ ᠦᠨᠳᠦᠰᠦ ᠪᠠᠷᠢᠮᠳᠠ ᠲᠠᠢ ᠪᠠᠶᠢᠵᠤ᠂ ᠬᠠᠤᠯᠢ ᠶᠢᠨ ᠦᠢᠯᠡᠳᠦᠯ ᠢ ᠪᠠᠳᠠᠷᠠᠭᠤᠯᠵᠦ᠂ | ᠮᠠᠯᠴᠢᠳ ᠪᠠᠰᠠ ᠲᠠᠷᠢᠬᠢ ᠲᠤᠯᠤᠭᠠᠢ ᠳᠠᠭᠠᠨ ᠬᠤᠪᠢᠰᠬᠠᠯ ᠭᠠᠷᠭᠠᠵᠤ᠂ ᠤᠬᠠᠭᠠᠨ ᠰᠠᠨᠠᠭ᠎ᠠ᠂ ᠦᠵᠡᠯᠳᠡ | ᠲᠠᠨᠢᠯᠳᠠ ᠶᠢᠨ ᠲᠠᠯ᠎ᠠ ᠪᠠᠷ ᠬᠠᠤᠯᠢ ᠶᠢᠨ ᠤᠬᠠᠮᠰᠠᠷ ᠲᠠᠢ ᠪᠤᠯᠵᠦ᠂ ᠦᠪᠡᠷᠳᠡᠬᠡᠨ ᠵᠠᠰᠠᠬᠤ ᠤᠷᠤᠨ ᠠᠴᠠ | ᠲᠤᠭᠳᠠᠭᠠᠬᠰᠠᠨ ᠴᠢᠬᠤᠯᠠ ᠰᠢᠢᠳᠪᠦᠷᠢ ᠶᠢ ᠦᠨᠡᠨ ᠰᠡᠳᠬᠢᠯ ᠠᠴᠠ ᠪᠠᠨ ᠴᠢᠨᠠᠷᠲᠠᠢ ᠪᠡᠶᠡᠯᠡᠭᠦᠯᠪᠠᠯ ᠵᠤᠬᠢᠨ᠎ᠠ᠃ | ᠦᠨᠡᠨ ᠳᠡᠭᠡᠨ ᠡᠨᠡ ᠨᠢ ᠪᠤᠰᠤᠳ ᠲᠤ ᠪᠡᠶᠡᠯᠡᠭᠦᠯᠵᠤ ᠦᠭᠴᠤ ᠪᠠᠶᠢᠭ᠎ᠠ ᠶᠠᠪᠤᠳᠠᠯ ᠪᠢᠰᠢ᠂ ᠬᠠᠷᠢᠨ ᠦᠪᠡᠷ ᠤᠨ | ᠪᠡᠶ᠎ᠠ ᠳᠡᠭᠡᠨ ᠬᠢᠵᠦ ᠦᠭᠴᠤ ᠪᠠᠶᠢᠭ᠎ᠠ ᠶᠤᠮ᠃ ᠡᠭᠦᠨ ᠤ ᠠᠰᠢᠭ ᠢ ᠮᠠᠯᠴᠢᠳ ᠦᠪᠡᠷ ᠢᠶᠠᠨ ᠯᠡ ᠬᠦᠷᠳᠡᠨ᠎ᠠ᠃ | ᠢᠩᠬᠢᠮᠠᠨᠵᠢᠨ ᠰᠠᠶ᠋ᠢ ᠪᠦ᠋ ᠰᠢᠶᠤᠤ ᠯᠢᠨ ᠲᠡᠷᠢᠭᠦᠯᠡᠭᠴᠢ ᠶᠢᠨ ᠲᠤᠷᠠᠳᠴᠤ ᠭᠠᠷᠭᠠᠬᠰᠠᠨ ᠴᠢᠬᠤᠯᠠ ᠰᠢᠢᠳᠪᠦᠷᠢ᠂ | ᠡᠭᠦᠷᠭᠡ ᠶᠢ ᠪᠢᠳᠡ ᠰᠠᠶᠢᠳᠤᠷ ᠪᠡᠶᠡᠯᠡᠭᠦᠯᠵᠤ ᠴᠢᠳᠠᠨ᠎ᠠ᠃ ᠮᠠᠨ ᠤ ᠤᠷᠤᠨ ᠤ ᠮᠠᠯᠴᠢᠨ ᠲᠦᠮᠡᠨ ᠪᠤᠯ ᠤᠯᠤᠰ ᠲᠠᠭᠠᠨ | ᠶᠡᠭᠡ ᠠᠷᠪᠢᠨ ᠬᠤᠪᠢ ᠨᠡᠮᠡᠷᠢ ᠦᠵᠡᠭᠦᠯᠦᠭᠰᠡᠨ ᠠᠷᠠᠳ ᠲᠦᠮᠡᠨ ᠶᠤᠮ᠃ ᠡᠨᠡ ᠨᠢ ᠪᠢᠳᠡᠡ ᠤ ᠡᠭᠦᠷᠭᠡ | ᠬᠠᠷᠢᠭᠤᠴᠠᠯᠭ᠎ᠠ ᠮᠦᠷᠳᠡᠭᠡᠨ ᠪᠢᠳᠡᠡ ᠤ ᠬᠤᠪᠢ ᠪᠡᠶ᠎ᠠ᠂ ᠬᠤᠶᠢᠴᠢ ᠦᠶ᠎ᠠ ᠳᠤ ᠴᠦᠮ ᠠᠰᠢᠬᠳᠠᠢ ᠪᠠᠶᠢᠵᠤ᠂ ᠡᠪᠦᠭᠡ | ᠲᠡᠭᠡᠳᠦᠰ ᠤᠨ ᠬᠡᠳᠦᠨ ᠮᠢᠩᠭᠠᠨ ᠵᠢᠯ ᠤᠨ ᠲᠤᠷᠰᠢ ᠦᠯᠡᠳᠡᠭᠡᠵᠤ ᠦᠭᠭᠦᠭᠰᠡᠨ ᠪᠤᠶᠠᠨ ᠪᠢᠯᠡ᠃ ᠡᠶᠢᠮᠦ ᠠᠴᠠ | ᠬᠤᠶᠢᠴᠢ ᠦᠶ᠎ᠠ ᠳᠡᠭᠡᠨ ᠬᠤᠬᠢᠷᠠᠯ ᠲᠠᠢ ᠠᠵᠢᠯᠯᠠᠭ᠎ᠠ ᠶᠢ ᠪᠢᠳᠡ ᠬᠢᠵᠤ ᠪᠤᠯᠬᠤ ᠦᠭᠡᠢ᠃ ᠨᠠᠮ ᠵᠠᠰᠠᠭ ᠠᠴᠠ | ᠤᠷᠢᠶᠠᠯᠠᠵᠤ ᠪᠠᠶᠢᠭ᠎ᠠ ᠲᠤᠤᠷ ᠬᠦᠷᠢᠶ᠎ᠠ ᠠᠴᠠ ᠡᠬᠢᠯᠡᠨ ᠭᠠᠷ ᠤᠷᠤᠶ᠎ᠠ᠃ ᠵᠢᠱᠢᠶᠡᠯᠡᠪᠡᠯ᠂ ᠠᠭᠤᠷᠬᠠᠢ ᠵᠡᠷᠭᠡ ᠶᠢ | ᠤᠯᠤᠰ ᠠᠴᠠ ᠨᠢᠭᠡᠨᠳᠡ ᠠᠷᠭ᠎ᠠ ᠬᠡᠮᠵᠢᠶ᠎ᠠ ᠠᠪᠴᠤ᠂ ᠨᠠᠮ ᠵᠠᠰᠠᠭ ᠠᠴᠠ ᠬᠢᠳᠡᠭ ᠢᠶᠠᠨ ᠬᠢᠵᠤ ᠯᠡ ᠪᠠᠶᠢᠨ᠎ᠠ᠂ ᠪᠢᠳᠡ | ᠪᠠᠰᠠ ᠦᠪᠡᠷ ᠤᠨ ᠬᠢᠭᠦ ᠪᠠᠨ ᠬᠢᠭᠦ ᠶᠤᠰᠤᠳᠠᠢ᠃ ᠮᠢᠨᠦ ᠦᠵᠡᠭᠦ ᠪᠠᠷ᠂ ᠴᠢᠰᠦ ᠮᠢᠬᠠᠨ ᠤ ᠲᠠᠰᠤᠷᠬᠠᠢ ᠲᠦᠷᠦᠯ | ᠰᠠᠳᠤᠨ ᠪᠤᠯᠤᠬᠰᠠᠳ ᠲᠤᠤᠷ ᠢᠶᠠᠨ ᠨᠢᠬᠡᠳᠬᠡᠵᠦ ᠪᠤᠯᠤᠨ᠎ᠠ᠂ ᠨᠢᠬᠡᠳᠬᠡᠬᠦ ᠦᠭᠡᠢ ᠴᠤ ᠬᠡᠰᠡᠨ ᠮᠠᠯ ᠰᠦᠷᠦᠭ ᠢᠶᠠᠨ | ᠨᠡᠶᠢᠯᠡᠭᠦᠯᠵᠤ ᠪᠤᠯᠤᠨ᠎ᠠ᠃ ᠮᠠᠯᠴᠢᠳ ᠤᠨ ᠵᠠᠷᠤᠳᠠᠯ ᠶᠡᠭᠡᠰᠦᠭᠰᠡᠨ ᠪᠠᠶᠢᠳᠠᠯ ᠲᠤᠤᠷ᠎ᠠ ᠲᠤᠤᠷ ᠬᠦᠷᠢᠶ᠎ᠠ ᠨᠢ ᠤᠳᠤ | ᠬᠤᠨᠢᠴᠢᠨ ᠤ ᠦᠢᠯᠡᠳᠦᠯ ᠭᠠᠷᠭᠠᠵᠤ ᠪᠤᠢ᠃ ᠲᠡᠭᠡᠪᠡᠯ᠂ ᠲᠦᠷᠦᠯ ᠰᠠᠳᠤᠨ ᠢᠶᠠᠷ ᠢᠶᠠᠨ ᠰᠦᠷᠦᠭ ᠢᠶᠠᠨ ᠨᠡᠶᠢᠯᠡᠭᠦᠯᠵᠤ᠂ | ᠤᠯᠠᠷᠢᠯ ᠬᠤᠪᠢᠶᠡᠨ ᠪᠡᠯᠴᠢᠭᠡᠷ ᠢᠶᠠᠨ ᠠᠰᠢᠬᠯᠠᠵᠦ ᠪᠤᠯᠤᠨ᠎ᠠ᠃ ᠡᠶᠢᠨ ᠬᠦ ᠰᠡᠯᠭᠦᠵᠤ ᠪᠠᠶᠢᠭᠠᠳ ᠨᠤᠳᠤᠭ | ᠪᠡᠯᠴᠢᠬᠡᠷ ᠢᠶᠠᠨ ᠰᠡᠷᠭᠦᠭᠡᠭᠦ ᠵᠠᠮ ᠢ ᠡᠯᠭᠦᠪᠡᠯ ᠲᠠᠭᠠᠷᠠᠨ᠎ᠠ᠃ ᠪᠦ᠋ ᠰᠢᠶᠤᠤ ᠯᠢᠨ ᠲᠡᠷᠢᠭᠦᠯᠡᠭᠴᠢ ᠶᠢᠨ ᠢᠯᠡᠳᠭᠡᠯ ᠳᠠᠬᠢ | ᠡᠨᠡ ᠬᠦ ᠰᠢᠢᠳᠪᠦᠷᠢ ᠶᠢ ᠪᠢᠳᠡ ᠵᠢᠩᠬᠢᠨᠢ ᠭᠠᠵᠠᠷ ᠲᠡᠭᠡᠷ᠎ᠠ ᠨᠢ ᠤᠴᠢᠵᠤ ᠪᠡᠶᠡᠯᠡᠭᠦᠯᠬᠦ ᠴᠢᠬᠤᠯᠠᠳᠠᠢ᠃ ᠡᠬᠦᠨ ᠢ | ᠶᠡᠭᠡ ᠪᠠᠷ ᠬᠡᠯᠡᠪᠡᠯ᠂ ᠤᠯᠤᠰ ᠤᠨ ᠢᠶᠠᠨ ᠠᠮᠢ ᠠᠬᠤᠢ ᠶᠢᠨ ᠬᠠᠯᠬᠠᠪᠴᠢ ᠶᠢ ᠪᠠᠬᠢᠵᠢᠬᠦᠯᠦᠨ᠎ᠠ᠃ ᠪᠠᠭ᠎ᠠ ᠬᠡᠪᠴᠢᠶ᠎ᠠ ᠪᠠᠷ | ᠬᠡᠯᠡᠪᠡᠯ᠂ ᠮᠠᠯᠴᠢᠨ ᠲᠦᠮᠡᠨ ᠤ ᠠᠮᠢᠳᠤᠷᠠᠯ ᠢᠶᠠᠨ ᠰᠠᠶᠢᠵᠢᠷᠠᠭᠤᠯᠵᠤ ᠬᠤᠶᠢᠴᠢ ᠦᠶ᠎ᠠ ᠳᠡᠭᠡᠨ ᠤᠷᠤᠰᠢᠨ ᠲᠤᠬᠳᠠᠨᠢᠬᠤ | ᠨᠦᠬᠦᠴᠡᠯ ᠢ ᠨᠢ ᠪᠦᠷᠢᠨ ᠪᠦᠲᠦᠨ ᠢᠶᠠᠷ ᠨᠢ ᠪᠠᠶᠢᠯᠭᠠᠬᠤ ᠠᠭᠤᠤ ᠶᠡᠭᠡ ᠦᠢᠯᠡᠰ ᠢ ᠪᠦᠳᠦᠭᠡᠭᠦ ᠳᠤ ᠪᠢᠳᠡ | ᠬᠠᠮᠳᠤ ᠪᠠᠷ ᠢᠶᠠᠨ ᠴᠢᠷᠮᠠᠶᠢᠵᠤ ᠬᠠᠮᠳᠤ ᠪᠠᠷ ᠢᠶᠠᠨ ᠭᠠᠪᠢᠶ᠎ᠠ ᠵᠢᠳᠭᠦᠯ ᠦᠢᠯᠡᠳᠦᠯ ᠢᠶᠠᠨ ᠪᠠᠳᠠᠷᠠᠭᠤᠯᠪᠠᠯ ᠵᠤᠬᠢᠨ᠎ᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠵᠡᠭᠦᠨ ᠦᠵᠦᠮᠦᠴᠢᠨ ᠬᠤᠰᠢᠭᠤᠨ ᠤ | ᠡᠵᠢᠨᠠᠭᠤᠷ ᠪᠠᠯᠭᠠᠰᠤᠨ ᠤ ᠬᠠᠷᠠᠭᠤᠪᠢ ᠭᠠᠴᠠᠭᠠᠨ ᠤ ᠮᠠᠯᠴᠢᠨ ᠬᠤᠪᠢᠰᠬᠠᠯᠳᠤ᠄ ᠮᠠᠯᠵᠢᠬᠤ ᠤᠷᠤᠨ ᠤ ᠲᠤᠤᠷ ᠬᠦᠷᠢᠶ᠎ᠠ | ᠪᠤᠯ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢ ᠬᠡᠷᠡᠭᠵᠢᠬᠦᠯᠦᠭᠰᠡᠨ ᠠᠴᠠ ᠲᠠᠷᠠᠭᠠᠬᠢ ᠭᠡᠴᠢᠨᠡᠨ ᠵᠢᠯ ᠰᠠᠭᠤᠷᠢ | ᠪᠦᠳᠦᠭᠡᠨ ᠪᠠᠶᠢᠭᠤᠯᠤᠯᠳᠠ ᠶᠢ ᠬᠢᠵᠤ ᠢᠷᠡᠭᠰᠡᠨ ᠤ ᠦᠷ᠎ᠠ ᠳ᠋ᠦᠩ ᠶᠤᠮ᠃ ᠦᠨᠤᠳᠤᠷ ᠤᠨ ᠵᠠᠬ᠎ᠠ ᠲᠡᠯᠭᠡᠭᠦᠷ ᠤᠨ | ᠠᠵᠤ ᠠᠬᠤᠢ ᠶᠢᠨ ᠨᠦᠬᠦᠴᠡᠯ ᠲᠤᠤᠷ᠎ᠠ᠂ ᠬᠠᠩᠭᠠᠯᠭ᠎ᠠ ᠶᠢᠨ ᠰᠠᠭᠤᠷᠢᠨ ᠢ ᠬᠠᠮᠠᠭᠠᠯᠠᠬᠤ᠂ ᠨᠤᠳᠤᠭ ᠪᠡᠯᠴᠢᠭᠡᠷ ᠤᠨ | ᠠᠮᠢ ᠠᠬᠤᠢ ᠶᠢ ᠬᠠᠮᠠᠭᠠᠯᠠᠬᠤ ᠲᠠᠯ᠎ᠠ ᠠᠴᠠ ᠲᠤᠷᠠᠳᠤᠬᠰᠠᠨ ᠡᠨᠡ ᠬᠦ ᠲᠤᠷᠠᠳᠤᠯᠭ᠎ᠠ ᠮᠠᠰᠢ ᠵᠦᠪ ᠪᠠᠶᠢᠨ᠎ᠠ ᠬᠡᠵᠤ ᠪᠢ | ᠦᠵᠡᠵᠤ ᠪᠠᠶᠢᠨ᠎ᠠ᠃ ᠲᠠᠯ᠎ᠠ ᠨᠤᠳᠤᠭ ᠲᠤ ᠶᠡᠭᠡ ᠪᠠᠷ ᠲᠤᠤᠷ ᠬᠦᠷᠢᠶ᠎ᠠ ᠲᠠᠳᠠᠵᠤ᠂ ᠶᠡᠭᠡ ᠪᠠᠷ ᠬᠡᠰᠡᠭᠯᠡᠭᠡᠳ ᠵᠠᠮ | ᠨᠡᠪᠳᠡᠷᠡᠯᠭᠡ ᠶᠢ ᠲᠦᠭᠦᠮ ᠦᠭᠡᠢ ᠪᠤᠯᠭᠠᠬᠤ ᠵᠡᠷᠭᠡ ᠡᠶᠢᠮᠦᠷᠬᠦ ᠪᠠᠶᠢᠳᠠᠯ ᠳᠤ ᠪᠤᠳᠠᠳᠠᠢ ᠠᠴᠠ ᠡᠭᠦᠰᠦᠭᠰᠡᠨ ᠠᠷᠭ᠎ᠠ | ᠠᠪᠴᠠᠯ ᠲᠤᠬᠳᠠᠭᠠᠨ᠂ ᠡᠭᠦᠨ ᠳᠤ ᠬᠠᠨᠳᠤᠬᠰᠠᠨ ᠵᠦᠢ ᠵᠤᠬᠢᠰᠳᠠᠢ ᠠᠷᠭ᠎ᠠ ᠠᠪᠴᠠᠯ ᠤᠳ ᠢ ᠠᠪᠴᠤ ᠪᠤᠯᠤᠨ᠎ᠠ᠃ | ᠬᠡᠭᠦ ᠳᠡᠭᠡᠨ ᠮᠠᠯᠵᠢᠬᠤ ᠤᠷᠤᠨ ᠤ ᠤᠳᠤᠬᠠᠨ ᠤ ᠪᠠᠶᠢᠳᠠᠯ ᠠᠴᠠ ᠦᠵᠡᠪᠡᠯ ᠶᠠᠷᠢᠶᠠᠨ ᠦᠭᠡᠢ ᠬᠤᠶᠠᠷ ᠲᠠᠯ᠎ᠠ ᠶᠢᠨ | ᠪᠠᠶᠢᠳᠠᠯ ᠤᠷᠤᠰᠢᠵᠦ ᠪᠠᠶᠢᠨ᠎ᠠ᠃ ᠨᠢᠭᠡ ᠨᠢ᠂ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠪᠤᠬᠢᠷᠳᠦᠯ | ᠦᠭᠡᠢ ᠮᠠᠯ ᠤᠨ ᠠᠰᠢᠬ ᠰᠢᠮ᠎ᠠ ᠶᠢᠨ ᠬᠠᠩᠭᠠᠯᠭ᠎ᠠ ᠶᠢᠨ ᠰᠠᠭᠤᠷᠢᠨ ᠢ ᠶᠠᠭᠠᠬᠢᠵᠤ ᠬᠠᠮᠠᠭᠠᠯᠠᠵᠤ᠂ ᠤᠳᠤᠬᠠᠨ ᠳᠤ | ᠮᠠᠯ ᠤᠨ ᠠᠰᠢᠭ ᠰᠢᠮ᠎ᠠ ᠦᠨ᠎ᠠ ᠳᠤ ᠤᠷᠤᠵᠤ ᠪᠠᠶᠢᠭ᠎ᠠ ᠪᠠᠶᠢᠳᠠᠯ ᠳᠤ ᠪᠤᠬᠢᠷᠳᠦᠯ ᠦᠭᠡᠢ ᠮᠠᠯ ᠤᠨ ᠠᠰᠢᠬ ᠰᠢᠮ᠎ᠠ ᠶᠢᠨ | ᠰᠠᠭᠤᠷᠢᠨ ᠬᠡᠳᠡᠭ ᠨᠤᠳᠤᠭ ᠪᠡᠯᠴᠢᠭᠡᠷ ᠤᠨ ᠢᠶᠠᠨ ᠴᠡᠪᠡᠷ ᠴᠡᠮᠴᠡᠭᠡᠷ ᠢ ᠬᠠᠮᠠᠭᠠᠯᠠᠬᠤ ᠲᠠᠯ᠎ᠠ ᠳᠤ ᠡᠨᠡ ᠪᠤᠳᠤᠯᠭ᠎ᠠ ᠪᠤᠯ | ᠶᠡᠭᠡ ᠵᠦᠪ ᠬᠡᠵᠤ ᠦᠵᠡᠨ᠎ᠡ᠃ ᠨᠦᠬᠦᠭᠡ ᠨᠢᠭᠡ ᠲᠠᠯ᠎ᠠ ᠠᠴᠠ ᠦᠵᠡᠪᠡᠯ᠂ ᠨᠤᠳᠤᠭ ᠪᠡᠯᠴᠢᠭᠡᠷ ᠢ ᠡᠷᠦᠬᠡ ᠳᠤ | ᠲᠠᠭᠠᠭᠠᠴᠢᠯᠠᠭᠤᠯᠤᠬᠰᠠᠨ ᠠᠴᠠ ᠲᠠᠷᠠᠭᠠᠬᠢ ᠭᠤᠴᠢᠭᠠᠳ ᠵᠢᠯ ᠤᠨ ᠲᠤᠷᠰᠢ᠂ ᠮᠠᠯᠴᠢᠳ ᠲᠠᠰᠤᠷᠠᠯᠳᠠ ᠦᠭᠡᠢ ᠰᠠᠭᠤᠷᠢ | ᠪᠦᠳᠦᠭᠡᠨ ᠪᠠᠶᠢᠭᠤᠯᠤᠯᠳᠠ ᠬᠢᠵᠤ ᠲᠡᠭᠦᠯᠳᠡᠷᠵᠢᠭᠦᠯᠦᠭᠰᠡᠭᠡᠷ ᠢᠷᠡᠭᠰᠡᠨ᠃ ᠤᠳᠤᠬᠠᠨ ᠳᠤ᠂ ᠮᠠᠯᠴᠢᠳ ᠨᠤᠳᠤᠭ | ᠪᠡᠯᠴᠢᠭᠡᠷ ᠢ ᠲᠠᠭᠠᠭᠠᠴᠢᠯᠠᠬᠰᠠᠨ ᠠᠴᠠ ᠨᠠᠭᠠᠰᠢ ᠬᠡᠷ ᠪᠦᠯᠢ ᠶᠢᠨ ᠡᠵᠡᠩᠨᠡᠯᠳᠡ ᠪᠠᠷ ᠲᠠᠮᠵᠢᠵᠦ᠂ ᠰᠠᠭᠤᠷᠢ ᠪᠦᠳᠦᠭᠡᠨ | ᠪᠠᠶᠢᠭᠤᠯᠤᠯᠳᠠ ᠨᠢ ᠪᠦᠷ ᠵᠤᠬᠢᠬᠤ ᠬᠡᠪᠴᠢᠶᠡᠨ ᠳᠤ ᠬᠦᠷᠴᠢᠭᠡᠭᠰᠡᠨ᠃ ᠡᠭᠦᠨ ᠳᠡᠭᠡᠨ ᠲᠠᠰᠤᠬᠰᠠᠨ ᠪᠤᠶᠤ ᠡᠭᠦᠨ ᠳᠡᠭᠡᠨ | ᠡᠵᠡᠩᠨᠡᠯᠳᠡ ᠶᠢᠨ ᠲᠦᠷᠦᠯ ᠵᠦᠢᠯ ᠤᠳ ᠢ ᠤᠷᠤᠭᠤᠯᠤᠭᠠᠳ ᠪᠠᠰᠠ ᠨᠡᠯᠢᠶᠡᠳ ᠪᠡᠯᠡ ᠤᠷᠤᠭᠤᠯᠴᠢᠬᠠᠬᠰᠠᠨ᠃ | ᠡᠵᠡᠩᠨᠡᠯᠳᠡ ᠶᠢᠨ ᠢᠶᠠᠨ ᠲᠠᠯ᠎ᠠ ᠳᠤ ᠲᠦᠭᠦᠮ ᠦᠭᠡᠢ ᠪᠤᠯᠭᠠᠬᠰᠠᠨ ᠵᠠᠷᠢᠮ ᠤᠷᠴᠢᠨ ᠲᠤᠭᠤᠷᠢᠨ ᠤ ᠪᠠᠶᠢᠳᠠᠯ ᠳᠤ | ᠵᠤᠬᠢᠴᠠᠭᠤᠯᠵᠤ᠂ ᠠᠮᠢᠳᠤᠯᠢᠭ ᠢᠶᠠᠷ ᠠᠰᠢᠬᠯᠠᠬᠤ ᠬᠡᠷᠡᠭᠳᠡᠢ᠃ ᠬᠠᠷᠢᠨ ᠵᠠᠪᠠᠯ ᠲᠤᠤᠷᠯᠠᠵᠤ᠂ ᠭᠠᠴᠠᠭ᠎ᠠ | ᠲᠤᠰᠬᠤᠨ ᠤ ᠪᠠᠨ ᠵᠠᠮ ᠨᠡᠪᠳᠡᠷᠡᠯᠭᠡ ᠶᠢ ᠲᠦᠭᠦᠮ ᠦᠭᠡᠢ ᠪᠤᠯᠭᠠᠬᠤ ᠪᠤᠶᠤ ᠠᠶᠢᠯ ᠲᠤᠰᠬᠤᠨ ᠬᠠᠷᠢᠯᠴᠠᠨ | ᠶᠠᠪᠤᠯᠴᠠᠬᠤ ᠳᠤ ᠲᠦᠭᠦᠮ ᠦᠭᠡᠢ ᠪᠤᠯᠬᠤ᠂ ᠨᠠᠭᠠᠳᠤ ᠵᠠᠬ᠎ᠠ ᠳᠠᠭᠠᠨ ᠮᠠᠯ ᠤᠨ ᠠᠰᠢᠭ ᠰᠢᠮ᠎ᠠ ᠠᠪᠬᠤ ᠪᠠᠷ ᠢᠷᠡᠳᠡᠭ | ᠬᠦᠮᠦᠰ ᠲᠤ ᠠᠪᠴᠤ ᠬᠡᠯᠡᠪᠡᠯ᠂ ᠵᠠᠬ᠎ᠠ ᠲᠡᠯᠭᠡᠭᠦᠷ ᠲᠠᠢ ᠵᠤᠯᠭᠠᠬᠤ ᠵᠠᠮ ᠱᠤᠭᠤᠮ ᠤᠨ ᠲᠠᠯ᠎ᠠ ᠳᠤ ᠴᠤ ᠦᠪᠡᠷ ᠤᠨ | ᠤᠷᠤᠨ ᠨᠤᠳᠤᠭ ᠤᠨ ᠢᠶᠠᠨ ᠪᠠᠶᠢᠳᠠᠯ ᠳᠤ ᠵᠤᠬᠢᠴᠠᠭᠤᠯᠵᠤ᠂ ᠦᠪᠡᠷ ᠤᠨ ᠢᠶᠠᠨ ᠦᠢᠯᠡᠳᠪᠦᠷᠢᠯᠡᠯ ᠳᠡᠭᠡᠨ | ᠵᠤᠬᠢᠴᠠᠭᠤᠯᠬᠤ ᠬᠡᠯᠪᠡᠷᠢ ᠪᠠᠷ ᠪᠦᠳᠦᠭᠡᠨ ᠪᠠᠶᠢᠭᠤᠯᠤᠯᠳᠠ ᠬᠢᠪᠠᠯ ᠵᠤᠬᠢᠰᠳᠠᠢ ᠬᠡᠵᠤ ᠦᠵᠡᠵᠤ ᠪᠠᠶᠢᠨ᠎ᠠ᠃ | ᠠᠷᠤ ᠬᠤᠷᠴᠢᠨ ᠬᠤᠰᠢᠭᠤᠨ ᠤ ᠰᠠᠶᠢᠬᠠᠨᠳᠠᠯ᠎ᠠ ᠰᠤᠮᠤ ᠶᠢᠨ ᠮᠠᠯᠴᠢᠨ ᠪᠤᠶ᠋ᠬᠠᠦ᠋ᠯᠵᠡᠢ᠄ ᠮᠠᠨ ᠤ ᠤᠷᠤᠨ | 1997 ᠤᠨ ᠠᠴᠠ ᠡᠬᠢᠯᠡᠵᠤ ᠨᠤᠳᠤᠭ ᠪᠡᠯᠴᠢᠭᠡᠷ ᠢ ᠬᠤᠶᠠᠳᠠᠬᠢ ᠤᠳᠠᠭ᠎ᠠ ᠲᠠᠭᠠᠭᠠᠴᠢᠯᠠᠭᠤᠯᠤᠬᠰᠠᠨ ᠤ ᠲᠠᠷᠠᠭ᠎ᠠ᠂ | 2000 ᠤᠨ ᠠᠴᠠ ᠡᠬᠢᠯᠡᠵᠤ ᠮᠠᠯᠴᠢᠳ ᠲᠤᠤᠷ ᠲᠠᠳᠠᠬᠰᠠᠨ ᠪᠠᠶᠢᠳᠠᠯ ᠲᠠᠢ᠃ ᠲᠤᠬᠠᠢ ᠶᠢᠨ ᠦᠶ᠎ᠠ ᠳᠤ ᠨᠤᠳᠤᠭ | ᠪᠡᠯᠴᠢᠭᠡᠷ ᠢ ᠬᠤᠪᠢ ᠡᠷᠦᠬᠡ ᠳᠤ ᠬᠤᠪᠢᠶᠠᠬᠰᠠᠨ ᠪᠤᠯᠬᠤᠷ ᠮᠠᠯᠴᠢᠳ ᠦᠪᠡᠷ ᠤᠨ ᠨᠤᠳᠤᠬ ᠪᠡᠯᠴᠢᠭᠡᠷ ᠲᠡᠭᠡᠨ | ᠪᠤᠰᠤᠳ ᠤᠨ ᠮᠠᠯ ᠢ ᠶᠠᠪᠤᠭᠤᠯᠬᠤ ᠦᠭᠡᠢ ᠡᠨᠡ ᠬᠦ ᠵᠤᠷᠢᠯᠭ᠎ᠠ ᠪᠠᠷ ᠲᠤᠤᠷ ᠲᠠᠳᠠᠬᠰᠠᠨ ᠠᠴᠠ ᠪᠢᠰᠢ ᠠᠮᠢ ᠠᠬᠤᠢ ᠶᠢ | ᠬᠠᠮᠠᠭᠠᠯᠠᠬᠤ ᠡᠭᠦᠳᠡᠨ ᠠᠴᠠ ᠲᠠᠳᠠᠬᠰᠠᠨ ᠪᠢᠰᠢ᠃ ᠴᠦᠭᠡᠪᠦᠷᠢ ᠮᠠᠯ ᠲᠠᠢ ᠠᠶᠢᠯ ᠨᠢ ᠦᠪᠡᠷ ᠤᠨ ᠪᠡᠯᠴᠢᠭᠡᠷ ᠲᠡᠭᠡᠨ | ᠮᠠᠯ ᠤᠯᠠᠨᠲᠠᠢ ᠠᠶᠢᠯ ᠤᠨ ᠮᠠᠯ ᠢ ᠪᠡᠯᠴᠢᠬᠡᠷᠯᠡᠬᠦᠯᠬᠦ ᠦᠭᠡᠢ ᠶᠢᠨ ᠲᠦᠯᠦᠬᠡ ᠲᠤᠤᠷ ᠲᠠᠳᠠᠵᠠᠢ᠃ ᠨᠤᠳᠤᠭ ᠪᠡᠯᠴᠢᠭᠡᠷ ᠢ | ᠬᠤᠪᠢᠶᠠᠬᠤ ᠠᠴᠠ ᠡᠮᠦᠨ᠎ᠠ᠂ ᠲᠤᠤᠷ ᠲᠠᠳᠠᠬᠤ ᠠᠴᠠ ᠡᠮᠦᠨ᠎ᠡ ᠨᠤᠳᠤᠭ ᠪᠡᠯᠴᠢᠭᠡᠷ ᠶᠡᠭᠡ ᠰᠠᠶᠢᠬᠠᠨ ᠠᠭᠤᠳᠠᠮ | ᠪᠠᠶᠢᠬᠰᠠᠨ᠃ ᠮᠠᠨ ᠤ ᠭᠠᠴᠠᠭ᠎ᠠ ᠪᠠᠷ ᠠᠪᠴᠤ ᠬᠡᠯᠡᠪᠡᠯ᠂ 10 ᠲᠦᠮᠡᠨ ᠮᠦ ᠨᠤᠳᠤᠭ ᠪᠡᠯᠴᠢᠭᠡᠷ ᠲᠠᠢ᠃ ᠡᠨᠡ | ᠲᠤᠳᠤᠷ᠎ᠠ ᠪᠠᠨ ᠠᠭᠤᠯᠠ᠂ ᠲᠠᠯ᠎ᠠ᠂ ᠮᠠᠩᠬ᠎ᠠ᠂ ᠵᠤ ᠪᠠᠷ ᠮᠠᠯ ᠴᠢᠯᠦᠬᠡᠳᠡᠢ ᠪᠡᠯᠴᠢᠳᠡᠭ ᠪᠠᠶᠢᠬᠰᠠᠨ᠂ ᠮᠠᠯ ᠤᠨ ᠲᠤᠭ᠎ᠠ | ᠲᠤᠯᠤᠭᠠᠢ ᠴᠤ ᠤᠳᠤ ᠶᠢᠨ ᠬᠢ ᠠᠴᠠ ᠤᠯᠠᠨ ᠪᠠᠶᠢᠬᠰᠠᠨ ᠠᠴᠠ ᠪᠢᠰᠢ ᠲᠤᠳᠠᠭᠤ ᠪᠠᠶᠢᠬᠰᠠᠨ ᠦᠭᠡᠢ᠃ ᠬᠡᠪᠡᠴᠤ | 2000 ᠤᠨ ᠠᠴᠠ ᠡᠬᠢᠯᠡᠵᠦ ᠲᠤᠤᠷ ᠲᠠᠳᠠᠬᠰᠠᠨ ᠠᠴᠠ ᠪᠠᠶᠢᠭᠠᠯᠢ ᠠᠮᠢ ᠠᠬᠤᠢ ᠮᠠᠭᠤᠳᠠᠵᠤ᠂ ᠡᠪᠡᠰᠦᠨ ᠤ ᠲᠦᠷᠦᠯ | ᠴᠦᠬᠡᠷᠡᠵᠦ᠂ ᠪᠡᠯᠴᠢᠬᠡᠷ ᠨᠢᠮᠬᠡᠷᠡᠭᠰᠡᠨ᠃ ᠶᠠᠭᠠᠬᠢᠭᠠᠳ ᠪᠤᠢ ᠬᠡᠪᠡᠯ᠂ ᠮᠠᠯ ᠬᠦᠯ ᠢᠶᠠᠷ ᠢᠶᠠᠨ ᠪᠤᠶᠤ ᠪᠠᠭᠠᠰᠦ ᠪᠠᠷ ᠢᠶᠠᠨ | ᠡᠪᠡᠰᠦᠨ ᠤ ᠦᠷ᠎ᠡ ᠶᠢ ᠲᠠᠮᠵᠢᠭᠤᠯᠳᠠᠬ᠃ ᠲᠤᠤᠷ ᠲᠠᠳᠠᠬᠰᠠᠨ ᠠᠴᠠ ᠮᠠᠯ ᠤᠨᠤᠭ᠎ᠠ ᠲᠡᠷᠡ ᠬᠡᠰᠡᠭ ᠭᠠᠵᠠᠷ ᠲᠠᠭᠠᠨ ᠯᠡ | ᠢᠳᠡᠰᠢᠯᠡᠬᠦ ᠠᠴᠠ ᠪᠢᠰᠢ ᠦᠭᠡᠷ᠎ᠡ ᠭᠠᠵᠠᠷ ᠬᠦᠷᠴᠤ ᠲᠡᠶᠢᠯᠭᠦ ᠦᠭᠡᠢ᠂ ᠡᠶᠢᠮᠦ ᠠᠴᠠ ᠨᠤᠳᠤᠭ ᠪᠡᠯᠴᠢᠭᠡᠷ ᠤᠨ | ᠤᠷᠭᠤᠮᠠᠯ ᠤᠨ ᠲᠦᠷᠦᠯ ᠵᠦᠢᠯ ᠴᠤ ᠤᠯᠠᠮ ᠢᠶᠠᠷ ᠪᠠᠭᠠᠰᠴᠠᠢ᠃ ᠲᠠᠬᠢᠭᠠᠳ ᠬᠡᠯᠡᠪᠡᠯ᠂ ᠬᠤᠶᠠᠷ ᠲᠤᠤᠷ ᠤᠨ | ᠬᠤᠭᠤᠷᠤᠨᠳᠤ ᠮᠠᠯ ᠢᠶᠠᠨ ᠬᠦᠭᠡᠭᠡᠭᠡᠳ ᠶᠠᠪᠤᠬᠰᠠᠭᠠᠷ ᠴᠤᠪᠤᠭ᠎ᠠ ᠭᠠᠷᠴᠢᠬᠠᠳᠠᠭ᠂ ᠡᠨᠡ ᠨᠢ ᠪᠤᠷᠤᠭᠠᠨ ᠬᠤᠷ᠎ᠠ | ᠤᠷᠤᠬᠤ ᠪᠠᠷ ᠬᠦᠨ ᠭᠤᠤ ᠭᠠᠷᠤᠭᠠᠳ ᠶᠠᠪᠤᠵᠤ ᠰᠠᠭᠤᠬᠤ ᠳᠤ ᠶᠡᠭᠡ ᠲᠦᠭᠦᠮ ᠦᠭᠡᠢ ᠪᠤᠯᠤᠬᠰᠠᠨ ᠵᠡᠷᠭᠡ ᠦᠵᠡᠭᠳᠡᠯ | ᠵᠦᠩᠳᠡᠭᠡᠨ ᠭᠠᠷᠴᠡᠢ᠃ | |