ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/3/2
              ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ       ᠫᠤᠤᠵᠢᠩ ᠲᠠᠯᠪᠢᠭᠰᠠᠨ ᠠᠴᠠ ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠨ᠂ ᠤᠷᠴᠢᠨ ᠲᠤᠭᠤᠷᠢᠨ ᠤ ᠠᠭᠠᠷ ᠤᠨ ᠴᠡᠪᠡᠷᠴᠠ ᠶᠢ ᠰᠠᠶᠢᠵᠢᠷᠠᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ  ᠬᠠᠮᠠᠭᠠᠯᠠᠬᠤ  ᠶᠢᠨ ᠲᠦᠯᠦᠬᠡ᠂ ︽ᠪᠦᠬᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠠᠨ ᠵᠠᠰᠠᠬᠤ ᠬᠠᠤᠯᠢ︾᠂ ︽ ᠪᠦᠬᠦᠲᠠ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ  ᠶᠢᠨ ᠲᠦᠷᠢᠮ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ︽ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠤᠨ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠮᠡᠳᠡᠭᠳᠡᠯ︾᠂ ︽ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠤᠨ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠤᠨ ᠱᠠᠭᠠᠷᠳᠠᠯᠭ᠎ᠠ ᠶᠢ ᠦᠨᠳᠤᠰᠤᠯᠠᠨ᠂ ᠤᠩᠨᠢᠭᠤᠳ ᠬᠤᠰᠢᠭᠤᠨ ᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠤ ᠰᠤᠳᠤᠯᠤᠯᠲᠠ ᠪᠠᠷ ᠲᠠᠮᠵᠢᠨ᠂ ᠫᠤᠤᠵᠢᠩ ᠲᠠᠯᠪᠢᠬᠤ᠂ ᠲᠡᠭᠳᠡᠬᠦᠷ ᠳ᠋ᠧᠩᠯᠤ ᠠᠰᠠᠭᠠᠨ  ᠲᠠᠯᠪᠢᠬᠤ ᠶᠢ ᠴᠠᠭᠠᠵᠠᠯᠠᠬᠤ ᠵᠡᠷᠭᠡ ᠬᠠᠮᠢᠶ᠎ᠠ ᠪᠦᠬᠦᠢ ᠶᠠᠪᠤᠳᠠᠯ ᠢ ᠰᠠᠶᠢᠳᠤᠷ ᠬᠢᠬᠦ ᠲᠤᠬᠠᠢ ᠳᠣᠣᠷᠠᠬᠢ ᠮᠡᠲᠦ  ᠵᠠᠷᠯᠠᠶ᠎ᠠ᠄       ᠨᠢᠬᠡ᠂  ᠴᠠᠭᠠᠵᠠᠯᠠᠬᠤ ᠬᠦᠷᠢᠶ᠎ᠠ ᠬᠡᠪᠴᠢᠶ᠎ᠠ       ︵ᠨᠢᠭᠡ︶  ᠬᠤᠲᠠ  ᠲᠤᠭᠤᠷᠢᠭ ᠤᠨ  ᠭᠡᠪᠴᠢᠶᠡᠨ ᠳᠤ ᠫᠤᠤᠵᠢᠩ ᠲᠠᠯᠪᠢᠬᠤ ᠶᠢ ᠴᠠᠭᠠᠵᠠᠯᠠᠬᠤ  ᠭᠦᠷᠢᠶ᠎ᠠ ᠭᠡᠪᠴᠢᠶ᠎ᠠ  ᠪᠤᠯ᠄  ᠽᠢ ᠴᠧᠩ ᠵᠠᠮ ᠠᠴᠠ ᠪᠠᠷᠠᠭᠤᠨᠰᠢ᠂ ᠬᠤᠲᠠ ᠲᠤᠭᠤᠶᠢᠯᠠᠭᠰᠠᠨ ᠵᠠᠮ ᠤᠨ ᠡᠮᠤᠨᠡᠲᠤ ᠭᠡᠰᠡᠭ ᠠᠴᠠ ᠤᠮᠠᠷᠠᠰᠢ᠂ ᠤᠯᠠᠭᠠᠨᠬᠠᠳᠠ ᠠᠴᠠ ᠪᠠᠶᠠᠨᠬᠤᠸᠠ ᠬᠦᠷᠬᠦ ᠲᠡᠮᠦᠷ ᠵᠠᠮ ᠠᠴᠠ ᠵᠡᠬᠦᠨᠰᠢ᠂ ᠬᠤᠲᠠ ᠲᠤᠭᠤᠶᠢᠯᠠᠭᠰᠠᠨ ᠵᠠᠮ  ᠤᠨ ᠬᠤᠶᠢᠲᠤ ᠭᠡᠰᠡᠭ ᠠᠴᠠ ᠡᠮᠤᠨᠡᠰᠢ᠃     ︵ᠬᠤᠶᠠᠷ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠫᠤᠤᠵᠢᠩ ᠲᠠᠯᠪᠢᠬᠤ ᠶᠢ ᠴᠠᠭᠠᠵᠠᠯᠠᠬᠤ ᠬᠦᠷᠢᠶ᠎ᠠ ᠭᠡᠪᠴᠢᠶᠠᠨ ᠤ ᠲᠤᠬᠠᠢ ᠪᠤᠰᠤᠳ ᠲᠤᠭᠳᠠᠭᠠᠯ  ᠪᠠᠶᠢᠪᠠᠯ  ᠲᠡᠷᠠ ᠲᠤᠭᠳᠠᠭᠠᠯ ᠢ ᠵᠢᠷᠤᠮᠯᠡᠨ᠎ᠠ᠃      ︵ᠭᠤᠷᠪᠠ︶  ᠴᠠᠭᠠᠵᠠᠯᠠᠬᠤ ᠬᠦᠷᠢᠶ᠎ᠠ ᠬᠡᠪᠴᠢᠶᠠᠨ ᠳᠤ  ᠶᠡᠮᠠᠷᠪᠠ ᠪᠠᠶᠢᠭᠤᠯᠭ᠎ᠠ ᠨᠢᠬᠡᠴᠠ᠂ ᠬᠤᠪᠢ ᠬᠦᠮᠤᠨ ᠴᠠᠭᠠᠵᠠᠯᠠᠭᠰᠠᠨ ᠴᠠᠭ ᠬᠤᠭᠤᠴᠠᠭᠠᠨ ᠤ ᠳᠣᠲᠣᠷ᠎ᠠ ᠫᠤᠤᠵᠢᠩ ᠲᠠᠯᠪᠢᠵᠤ ᠪᠣᠯᠬᠤ ᠦᠭᠡᠶ᠃     ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠦᠷᠢᠶ᠎ᠠ ᠭᠡᠪᠴᠢᠶᠠᠨ ᠳᠤ ᠲᠡᠭᠳᠡᠬᠦᠷ ᠳ᠋ᠧᠩᠯᠦ ᠠᠰᠠᠭᠠᠨ ᠲᠠᠯᠪᠢᠬᠤ  ᠶᠢ ᠴᠠᠭᠠᠵᠠᠯᠠᠨ᠎ᠠ᠃     ᠬᠤᠶᠠᠷ᠂  ᠴᠠᠭᠠᠵᠠᠯᠠᠬᠤ ᠴᠠᠭ ᠬᠤᠭᠤᠴᠠᠭ᠎ᠠ    ᠪᠦᠬᠦ ᠬᠤᠰᠢᠭᠤᠨ ᠤ ᠬᠤᠲᠠ ᠲᠤᠭᠤᠷᠢᠭ ᠤᠨ ᠴᠠᠭᠠᠵᠠᠯᠠᠬᠤ ᠬᠦᠷᠢᠶ᠎ᠠ ᠬᠡᠪᠴᠢᠶᠠᠨ ᠳᠠᠬᠢ ᠴᠠᠭᠠᠵᠠᠯᠠᠬᠤ ᠴᠠᠭ ᠬᠤᠭᠤᠴᠠᠭ᠎ᠠ ᠨᠢ ᠵᠢᠯ ᠪᠦᠷᠢ ᠶᠢᠨ ᠪᠢᠲᠡᠭᠦᠨ ᠤ ᠡᠳᠤᠷ ᠠᠴᠠ ᠪᠢᠯᠢᠭ ᠤᠨ ᠤᠯᠠᠷᠢᠯ ᠤᠨ ᠬᠤᠶᠠᠷ ᠰᠠᠷ᠎ᠠ ᠶᠢᠨ ᠰᠢᠨ᠎ᠡ ᠶᠢᠨ ᠬᠤᠶᠠᠷ ᠪᠤᠯᠳᠠᠯ᠎ᠠ ᠪᠦᠬᠦᠯᠢ ᠡᠳᠦᠷ ᠤᠳ ᠲᠤ ᠴᠠᠭᠠᠵᠠᠯᠠᠨ᠎ᠠ᠃    ᠴᠠᠭᠠᠵᠠᠯᠠᠬᠤ  ᠬᠦᠷᠢᠶ᠎ᠠ ᠭᠡᠪᠴᠢᠶ᠎ᠠ ᠪᠤᠯᠤᠨ ᠴᠠᠭ ᠲᠤ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠡᠷᠭᠡ ᠬᠠᠮᠢᠶ᠎ᠠ ᠪᠦᠬᠦᠢ  ᠪᠠᠶᠢᠭᠤᠯᠭ᠎ᠠ ᠨᠢᠬᠡᠴᠠ ᠠᠴᠠ ᠵᠢᠵᠢᠬᠦᠷᠯᠡᠨ ᠬᠦᠢᠴᠡᠳᠭᠡᠵᠤ᠂ ᠶᠡᠮᠡᠷᠪᠠ ᠪᠠᠶᠢᠭᠤᠯᠭ᠎ᠠ ᠨᠢᠭᠡᠴᠠ᠂ ᠬᠤᠪᠢ ᠬᠦᠮᠤᠨ᠂ ᠡᠨᠡᠬᠦ ᠲᠤᠭᠳᠠᠭᠠᠯ ᠢ ᠵᠦᠷᠢᠴᠠᠪᠠᠯ ᠲᠡᠷᠠ ᠲᠠᠷᠤᠢ ᠳᠤ ᠨᠢ ᠪᠠᠶᠢᠴᠠᠭᠠᠨ ᠢᠯᠡᠷᠡᠬᠦᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠠᠨ᠎ᠠ᠃ ᠡᠶᠢᠮᠤ ᠠᠴᠠ ᠬᠠᠮᠲᠤ ᠨᠡᠶᠢᠲᠠ᠂ ᠬᠤᠪᠢ ᠬᠦᠮᠤᠨ ᠪᠦᠬᠦᠨ ᠠᠮᠢᠳᠤᠷᠠᠯ ᠤᠨ ᠤᠷᠴᠢᠨ ᠲᠤᠭᠤᠷᠢᠨ ᠤ ᠴᠡᠪᠡᠷ ᠴᠡᠮᠴᠡᠭᠡᠷ᠂ ᠠᠮᠤᠷ ᠲᠦᠪᠰᠢᠨ ᠪᠠᠶᠢᠬᠤ ᠶᠢ ᠪᠠᠲᠤᠯᠠᠬᠤ ᠶᠢᠨ ᠲᠦᠯᠦᠬᠡ ᠲᠤᠰ ᠲᠦᠷᠢᠮ ᠲᠤᠭᠳᠠᠭᠠᠯ ᠢ ᠢᠳᠡᠪᠬᠢᠲᠠᠢ ᠰᠠᠬᠢᠨ ᠵᠢᠷᠤᠮᠯᠠᠬᠤ ᠶᠢ ᠬᠦᠰᠠᠨ ᠱᠠᠭᠠᠷᠳᠠᠵᠤ ᠪᠠᠶᠢᠨ᠎ᠠ᠃     ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠬᠤ ᠶᠢ ᠢᠯᠡᠴᠢᠯᠡᠨ ᠮᠡᠳᠡᠭᠦᠯᠬᠦ ᠤᠲᠠᠰᠤ᠄                                                        ︵0476  ︶ — 110                       ᠣᠩᠨᠢᠭᠤᠳ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ                       ᠬᠠᠮᠠᠭᠠᠯᠠᠯᠲᠠ    ᠶᠢᠨ   ᠵᠥᠪᠯᠡᠯ    ᠤᠨ    ᠠᠯᠪᠠᠨ    ᠭᠡᠷ                                    2021 ᠣᠨ ᠤ 2 ᠰᠠᠷ᠎ᠠ ᠶᠢᠨ 24 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号