ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ  ᠤᠨ ᠦᠶᠯᠡᠳᠪᠦᠷᠢᠯᠡᠯ ᠤᠨ ᠬᠡᠷᠡᠭᠰᠡᠯ ᠢ ᠰᠤᠭᠤᠴᠢᠨ ᠪᠠᠶᠢᠴᠠᠭᠠᠵᠤ ᠴᠢᠨᠠᠷ ᠢ ᠪᠠᠲᠤᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/4/22
         ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠳᠠᠯ ᠦᠭᠡᠢ ᠡᠬᠢᠯᠡᠬᠦ ᠬᠡᠵᠦ ᠪᠠᠶᠢᠭ᠎ᠠ ᠦᠶ᠎ᠡ ᠪᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠵᠤ᠂ ᠥᠷᠭᠡᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠦᠯᠦᠭᠡ  ᠣᠶᠢᠷ᠎ᠠ ᠳᠤ᠂ ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ᠂ ᠲᠠᠷᠢᠶᠠᠴᠢᠨ ᠬᠡᠷᠡᠭᠯᠡᠭᠴᠢᠳ ᠤᠨ ᠲᠤᠰᠬᠠᠯ ᠲᠥᠪᠯᠡᠷᠡᠭᠰᠡᠨ ᠬᠢᠮᠢ ᠶᠢᠨ ᠪᠣᠷᠲᠣᠭᠤᠷ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ᠂ ᠴᠠᠶᠢᠶ᠋ᠢᠦ ᠲᠣᠰᠣ ᠵᠡᠷᠭᠡ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠳᠤ ᠴᠢᠭᠯᠡᠭᠦᠯᠦᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃         ᠲᠣᠰ ᠤᠳᠠᠭᠠᠨ ᠤ ᠰᠤᠭᠤᠴᠢᠨ ᠪᠠᠶᠢᠴᠠᠭᠠᠬᠤ ᠠᠵᠢᠯ ᠨᠢ 《 ᠦᠶᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ᠪᠠ 《 ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠵᠢᠷᠤᠮᠵᠢᠯ 》 ᠵᠡᠷᠭᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠷᠣᠯᠠᠭᠤᠯᠬᠤ ᠬᠦᠷᠢᠶ᠎ᠡ ᠴᠠᠷᠠᠭ᠎ᠠ ᠳᠠᠬᠢ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ᠂ ᠴᠠᠶᠢᠶ᠋ᠢᠦ ᠲᠣᠰᠣ ᠵᠡᠷᠭᠡ ᠳᠤ ᠲᠣᠭᠲᠠᠭᠠᠯ᠂ ᠬᠠᠷᠢᠴᠠᠯ ᠶᠣᠰᠣᠭᠠᠷ ᠲᠠᠰᠢᠷᠠᠮ ᠳᠠᠭᠠᠤ ᠥᠯᠢᠭᠡᠷ ᠡᠳ᠋ ᠢ ᠰᠤᠭᠤᠴᠢᠨ ᠠᠪᠴᠤ᠂ ᠲᠤᠬᠠᠶ ᠶᠢᠨ ᠲᠠᠯᠠᠪᠠᠶ ᠳᠤ ᠥᠯᠢᠭᠡᠷ ᠠᠪᠤᠭᠰᠠᠨ ᠬᠠᠭᠤᠳᠠᠰᠤ ᠶᠢ ᠲᠠᠭᠯᠠᠨ ᠪᠢᠴᠢᠵᠦ᠂ ᠲᠤᠬᠠᠶ ᠶᠢᠨ ᠲᠠᠯᠠᠪᠠᠶ ᠳᠤ ᠥᠯᠢᠭᠡᠷ ᠡᠳ᠋ ᠢ ᠪᠢᠲᠡᠭᠦᠮᠵᠢᠯᠡᠨ‌ᠬᠠᠳᠠᠭᠠᠯᠠᠪᠠ᠂ ᠰᠤᠭᠤᠴᠢᠨ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠬᠢᠷᠢ ᠬᠡᠮ᠂ ᠪᠠᠷᠠᠭ᠎ᠠ ᠬᠠᠩᠭᠠᠬᠤ ᠲᠠᠯ᠎ᠠ ᠶᠢᠨ ᠬᠢᠷᠢ ᠬᠡᠮ᠂ ᠪᠠᠷᠠᠭ᠎ᠠ ᠣᠷᠣᠭᠤᠯᠤᠨ ᠪᠣᠷᠣᠯᠠᠭᠤᠯᠬᠤ ᠡᠬᠡ ᠲᠠᠩᠰᠠ᠂ ᠦᠶᠯᠡᠳᠬᠦᠨ ᠤ ᠬᠥᠮᠥᠷᠭᠡᠯᠡᠯᠲᠡ ᠵᠡᠷᠭᠡ ᠪᠠᠶᠢᠳᠠᠯ ᠢ ᠬᠢᠨᠠᠮᠠᠭᠠᠶ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠭᠴᠢᠳ ᠲᠤ ᠲᠠᠷᠢᠶᠠᠯᠠᠩ  ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠬᠠᠤᠯᠢ ᠴᠠᠭᠠᠵᠠ ᠶᠢᠨ ᠦᠵᠡᠯ ᠤᠬᠠᠮᠰᠠᠷ ᠪᠣᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ  ᠢᠶᠠᠨ ᠴᠢᠩᠭᠠᠷᠠᠭᠤᠯᠤᠨ᠂ ᠡᠵᠡᠩᠨᠡᠭᠴᠢᠳ ᠲᠤ ᠬᠠᠤᠯᠢ ᠶᠢ ᠵᠢᠷᠤᠮᠯᠠᠨ ᠡᠵᠡᠩᠨᠡᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠬᠡᠷᠡᠭᠲᠡᠶ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠴᠤ ᠪᠣᠷᠣᠯᠠᠭᠤᠯᠵᠤ ᠪᠣᠯᠬᠤ ᠦᠭᠡᠶ᠂ ᠪᠠᠷᠠᠭ᠎ᠠ ᠣᠷᠣᠭᠤᠯᠬᠤ ᠠᠷᠭ᠎ᠠ ᠵᠠᠮ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ ᠭᠡᠵᠦ ᠰᠠᠨᠠᠭᠤᠯᠤᠭᠰᠠᠨ ᠪᠠᠶᠢᠨ᠎ᠠ᠃         ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠶᠢ ᠬᠤᠤᠰ ᠲᠠᠰᠢᠷᠠᠮ ᠤᠨ ᠬᠡᠯᠪᠡᠷᠢ ᠪᠠᠷ ᠥᠷᠨᠢᠭᠦᠯᠵᠦ᠂ ᠨᠡᠶᠢᠲᠡ 139 ᠡᠷᠦᠬᠡ ᠶᠢ ᠪᠠᠶᠢᠴᠠᠭᠠᠵᠤ᠂ ᠣᠲᠣ ᠪᠣᠯᠲᠠᠯ᠎ᠠ ᠨᠢᠭᠡᠨᠲᠡ 45 ᠡᠷᠦᠬᠡ ᠶᠢ ᠰᠤᠭᠤᠴᠢᠨ ᠪᠠᠶᠢᠴᠠᠭᠠᠵᠤ᠂ ᠨᠡᠶᠢᠲᠡ 45 ᠪᠦᠯᠦᠭ ᠤᠳᠠᠭ᠎ᠠ ᠪᠠᠶᠢᠴᠠᠭᠠᠯᠲᠠ ᠬᠢᠵᠡᠶ᠃ ᠡᠭᠦᠨ ᠳᠤ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ 10 ᠪᠦᠯᠦᠭ ᠤᠳᠠᠭ᠎ᠠ᠂ ᠳᠤᠰᠤᠯᠭᠠᠨ ᠤᠰᠤᠯᠠᠬᠤ ᠪᠦᠰᠡ 10 ᠪᠦᠯᠦᠭ ᠤᠳᠠᠭ᠎ᠠ᠂ ᠪᠣᠯᠪᠠᠰᠤᠷᠠᠭᠤᠯᠤᠭᠰᠠᠨ ᠲᠣᠰᠣ 20 ᠪᠦᠯᠦᠭ ᠤᠳᠠᠭ᠎ᠠ᠂ ᠲᠡᠷᠭᠡᠨ ᠳᠤ ᠬᠡᠷᠡᠭᠯᠡᠬᠦ ᠰᠢᠭᠡᠰᠦᠯᠢᠭ ᠡᠳ᠋ 5 ᠪᠦᠯᠦᠭ ᠤᠳᠠᠭ᠎ᠠ ᠪᠣᠶ᠃ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠭᠠᠷᠤᠭᠰᠠᠨ ᠤ ᠳᠠᠷᠠᠭ᠎ᠠ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ  ᠢ ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠶᠳᠪᠦᠷᠢᠯᠡᠵᠦ᠂ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠠᠷᠢᠶᠠᠴᠢᠨ ᠲᠦᠮᠡᠨ  ᠤ 《ᠰᠠᠨᠠᠭ᠎ᠠ ᠪᠣᠯᠵᠤ ᠪᠠᠶᠢᠭ᠎ᠠ  ᠂ ᠬᠦᠴᠢᠷᠳᠡᠵᠦ ᠪᠠᠶᠢᠭ᠎ᠠ᠂ ᠬᠦᠰᠡᠨ ᠡᠷᠡᠮᠡᠯᠵᠡᠯᠡᠵᠦ ᠪᠠᠶᠢᠭ᠎ᠠ  ︾ ᠠᠰᠠᠭᠤᠳᠠᠯ ᠢ  ᠦᠨᠨᠡᠬᠦ ᠰᠢᠶᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠢ ᠠᠬᠢᠭᠤᠯᠬᠤ ᠳᠤ ᠬᠦᠴᠦᠨ ᠨᠡᠮᠡᠷᠡᠯᠢᠭᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号