ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠶᠡᠭᠡ ᠠᠩᠭᠢ 《 5.1 》 ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠵᠢᠴᠢ ᠣᠯᠠᠨ ᠨᠡᠶᠢᠲᠡ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/5/10
       《 5.1 》 ᠤ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ  ᠤ ᠬᠥᠮᠦᠨ ᠤ ᠲᠤᠭ᠎ᠠ ᠲᠦᠷᠭᠡᠨ ᠨᠡᠮᠡᠭᠳᠡᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠮᠠᠷᠠᠯᠲᠠ ᠶᠢᠨ ᠬᠤᠭᠤᠴᠠᠭᠠᠨ ᠳᠤ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠤᠨ ᠭᠡᠨᠡᠳᠲᠡ ᠶᠢᠨ ᠬᠡᠷᠡᠭ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠬᠦ ᠶᠢ ᠰᠡᠷᠭᠡᠶᠢᠯᠡᠵᠦ᠂ ᠥᠷᠭᠡᠨ ᠣᠯᠠᠨ ᠵᠢᠭᠤᠯᠴᠢᠯᠠᠭᠴᠢᠳ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠣᠩᠨᠢᠭᠤᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠰᠣᠶᠣᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠮᠲᠤᠷᠠᠨ ᠂ ᠦᠵᠡᠮᠵᠢ ᠶᠢᠨ ᠣᠷᠣᠨ ᠵᠢᠴᠢ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ ᠠᠮᠠᠷᠠᠯᠲᠠ ᠶᠢᠨ ᠡᠮᠦᠨᠡᠬᠢ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠲᠤᠰᠬᠠᠶ ᠬᠢᠨᠠᠯᠲᠠ ᠪᠠᠶᠢᠴᠠᠭᠠᠯᠲᠠ ᠬᠢᠪᠠ  ᠃        ᠲᠣᠰ ᠤᠳᠠᠭ᠎ᠠ ᠮᠠᠨ ᠤ ᠬᠤᠰᠢᠭᠤᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠵᠢᠴᠢ ᠡᠯ᠎ᠡ ᠲᠥᠷᠥᠯ  ᠤᠨ ᠣᠯᠠᠨ ᠨᠡᠶᠢᠲᠡ ᠶᠢᠨ ᠲᠠᠯᠠᠪᠤᠷ ᠭᠠᠵᠠᠷ14 ᠶᠢ ᠪᠠᠶᠢᠴᠠᠭᠠᠵᠤ᠂ ᠭᠤᠤᠯᠳᠠᠭᠤ ᠣᠯᠠᠨ ᠨᠡᠶᠢᠲᠡ ᠶᠢᠨ ᠲᠠᠯᠠᠪᠤᠷ ᠤᠨ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠣᠷᠣᠵᠤ ᠰᠠᠭᠤᠬᠤ ᠬᠥᠮᠦᠰ ᠤᠨ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠬᠡᠷ ᠳᠣᠲᠣᠷᠠᠬᠢ ᠣᠷᠴᠢᠨ ᠲᠣᠭᠤᠷᠢᠨ ᠤ ᠰᠠᠯᠬᠢ ᠨᠡᠪᠲᠡᠷᠡᠭᠦᠯᠬᠦ ᠠᠷᠢᠭᠤᠳᠬᠠᠯ᠂ ᠬᠦᠮᠦᠨ ᠣᠯᠠᠨ ᠤᠳᠠᠭ᠎ᠠ ᠣᠶᠢᠷᠠᠲᠤᠭᠰᠠᠨ ᠭᠠᠵᠠᠷ ᠲᠤ ᠠᠷᠢᠭᠤᠳᠬᠠᠬᠤ ᠤᠳᠠᠭ᠎ᠠ ᠶᠢ ᠨᠡᠮᠡᠭᠳᠡᠭᠦᠯᠦᠭᠰᠡᠨ ᠡᠰᠡᠬᠦ ᠶᠢᠨ ᠬᠠᠮᠲᠤ ᠲᠡᠮᠳᠡᠭᠯᠡᠯ ᠬᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠂  ᠣᠯᠠᠨ ᠨᠡᠶᠢᠲᠡ ᠶᠢᠨ ᠭᠠᠵᠠᠷ ᠲᠠᠯᠠᠪᠤᠷ ᠲᠠᠬᠢ ᠵᠣᠴᠢᠳ ᠤᠨ ᠬᠡᠷᠡᠭᠰᠡᠯ ᠤᠨ ᠭᠡᠷᠡᠴᠢ ᠠᠪᠬᠤ᠂ ᠤᠬᠢᠶᠠᠵᠤ ᠠᠷᠢᠭᠤᠳᠬᠠᠭᠰᠠᠨ ᠪᠠᠶᠢᠳᠠᠯ᠂ ᠬᠤᠨᠣᠭᠯᠠᠬᠤ ᠭᠠᠵᠠᠷ ᠲᠠᠯᠠᠪᠤᠷ ᠨᠢ ᠲᠣᠭᠲᠠᠭᠠᠯ ᠶᠣᠰᠣᠭᠠᠷ ᠠᠷᠢᠭᠤᠳᠬᠠᠬᠤ ᠲᠠᠰᠤᠭ᠂ ᠡᠪᠡᠰᠦ ᠪᠥᠰ ᠤᠨ ᠲᠠᠰᠤᠭ ᠵᠡᠷᠭᠡ ᠶᠢ ᠲᠣᠬᠢᠷᠠᠭᠤᠯᠤᠭᠰᠠᠨ ᠡᠰᠡᠬᠦ ᠶᠢ ᠬᠢᠨᠠᠨ ᠪᠠᠶᠢᠴᠠᠭᠠᠪᠠ  ᠃ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠪᠠᠶᠢᠴᠠᠭᠠᠬᠤ ᠨᠢᠭᠡᠴᠡ ᠳᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠭᠠᠵᠠᠷ  ᠲᠤᠨᠢ ᠵᠢᠯᠣᠭᠤᠳᠴᠤ᠂ ᠰᠢᠮᠳᠠᠭᠤᠯᠵᠤ ᠪᠠᠶᠢᠭᠠᠳ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ  ᠶᠢᠨ ᠬᠠᠮᠲᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠨᠠᠯ ᠪᠠᠭᠤᠯᠭᠠᠪᠠ᠃        ᠲᠣᠰ ᠤᠳᠠᠭᠠᠨ ᠤ ᠬᠢᠨᠠᠯᠲᠠ ᠪᠠᠶᠢᠴᠠᠭᠠᠯᠲᠠ ᠪᠠᠷ ᠳᠠᠮᠵᠢᠭᠤᠯᠤᠨ᠂ ᠲᠠᠯᠠᠪᠤᠷ ᠭᠠᠵᠠᠷ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠬᠠᠯᠳᠠᠪᠤᠷᠢᠲᠤ ᠡᠪᠡᠳᠴᠢᠨ  ᠤ ᠬᠢᠵᠢᠭ ᠤᠨ ᠪᠠᠶᠢᠳᠠᠯ ᠭᠠᠷᠬᠤ ᠠᠴᠠ ᠬᠠᠮᠤᠭ ᠤᠨ ᠶᠡᠭᠡ ᠵᠠᠶᠢᠯᠠᠰᠬᠢᠵᠦ᠂ ᠠᠷᠠᠳ ᠣᠯᠠᠨ ᠳᠤ ᠡᠷᠡᠭᠦᠯ ᠬᠠᠮᠠᠭᠠᠯᠠᠯ  ᠤᠨ ᠠᠮᠤᠷ ᠲᠦᠪᠰᠢᠨ ᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号