ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠳᠤᠮᠳᠠᠳᠤ ᠤᠷᠤᠰ ᠤᠨ ᠴᠥᠮ᠎ᠡ ᠶᠢᠨ ᠡᠨᠧᠷᠭᠢ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠣᠰᠣᠯᠠᠯ ᠢ ᠭᠡᠷᠡᠴᠢᠯᠡᠪᠡ
ᠨᠡᠶᠢᠲᠡᠯᠡᠭᠰᠡᠨ ᠴᠠᠭ᠄
2021/5/21
         5 ᠰᠠᠷ᠎ᠠ ᠶᠢᠨ 19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠳᠤ ᠪᠠᠷ ᠬᠤᠶᠠᠷ ᠤᠯᠤᠰ ᠤᠨ ᠴᠦᠮ᠎ᠠ ᠶᠢᠨ ᠡᠨᠧᠷᠭᠢ ᠶᠢᠨ ᠬᠠᠮᠳᠤᠷᠠᠯᠴᠠᠭᠠᠨ ᠤ ᠲᠦᠷᠦᠯ ᠵᠦᠢᠯ — ᠲᠢᠶᠠᠨ ᠸᠠᠨ ᠴᠦᠮ᠎ᠠ ᠶᠢᠨ ᠴᠠᠬᠢᠯᠭᠠᠨ ᠦᠷᠳᠡᠭᠡ ᠪᠤᠯᠤᠨ ᠰᠢᠤᠢ ᠳ᠋ᠠ ᠪᠤᠤ ᠴᠦᠮ᠎ᠠ ᠶᠢᠨ ᠴᠠᠬᠢᠯᠭᠠᠨ ᠦᠷᠳᠡᠭᠡ ᠶᠢᠨ ᠪᠠᠷᠢᠯᠭ᠎ᠠ ᠡᠬᠢᠯᠡᠬᠦ ᠶᠤᠰᠤᠯᠠᠯ ᠢ ᠭᠡᠷᠡᠴᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ          5 ᠰᠠᠷ᠎ᠠ ᠶᠢᠨ 19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠳᠤ ᠪᠠᠷ ᠬᠤᠶᠠᠷ ᠤᠯᠤᠰ ᠤᠨ ᠴᠦᠮ᠎ᠠ ᠶᠢᠨ ᠡᠨᠧᠷᠭᠢ ᠶᠢᠨ ᠬᠠᠮᠳᠤᠷᠠᠯᠴᠠᠭᠠᠨ ᠤ ᠲᠦᠷᠦᠯ ᠵᠦᠢᠯ — ᠲᠢᠶᠠᠨ ᠸᠠᠨ ᠴᠦᠮ᠎ᠠ ᠶᠢᠨ ᠴᠠᠬᠢᠯᠭᠠᠨ ᠦᠷᠳᠡᠭᠡ ᠪᠤᠯᠤᠨ ᠰᠢᠤᠢ ᠳ᠋ᠠ ᠪᠤᠤ ᠴᠦᠮ᠎ᠠ ᠶᠢᠨ ᠴᠠᠬᠢᠯᠭᠠᠨ ᠦᠷᠳᠡᠭᠡ ᠶᠢᠨ ᠪᠠᠷᠢᠯᠭ᠎ᠠ ᠡᠬᠢᠯᠡᠬᠦ ᠶᠤᠰᠤᠯᠠᠯ ᠢ ᠭᠡᠷᠡᠴᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 19 ᠤ ᠦᠳᠡ ᠶᠢᠨ ᠬᠤᠶᠢᠨ᠎ᠠ ᠪᠡᠬᠡᠵᠢᠩ ᠳᠤ ᠸᠢᠳᠢᠣ᠋ ᠬᠡᠯᠪᠡᠷᠢ ᠪᠠᠷ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠳᠤᠮᠳᠠᠳᠤ ᠤᠷᠤᠰ ᠤᠨ ᠴᠥᠮ᠎ᠡ ᠶᠢᠨ ᠡᠨᠧᠷᠭᠢ ᠶᠢᠨ ᠬᠠᠮᠲᠤᠷᠠᠯᠴᠠᠭᠠᠨ ᠤ ᠲᠦᠷᠦᠯ ᠵᠦᠢᠯ — ᠲᠢᠶᠠᠨ ᠸᠠᠨ ᠴᠦᠮ᠎ᠠ ᠶᠢᠨ ᠴᠠᠬᠢᠯᠭᠠᠨ ᠦᠷᠳᠡᠭᠡ ᠪᠤᠯᠤᠨ ᠰᠢᠤᠢ ᠳ᠋ᠠ ᠪᠤᠤ ᠴᠦᠮ᠎ᠠ ᠶᠢᠨ ᠴᠠᠬᠢᠯᠭᠠᠨ ᠦᠷᠳᠡᠭᠡ ᠶᠢᠨ ᠪᠠᠷᠢᠯᠭ᠎ᠠ ᠡᠬᠢᠯᠡᠬᠦ ᠶᠤᠰᠤᠯᠠᠯ ᠢ ᠭᠡᠷᠡᠴᠢᠯᠠᠪᠠ᠃ ᠪᠡᠭᠡᠵᠢᠩ ᠤᠨ ᠴᠠᠭ ᠢᠶᠠᠷ 17 ᠴᠠᠭ ᠤᠨ ᠦᠶ᠎ᠡ ᠪᠠᠷ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠣᠯ ᠬᠤᠷᠠᠯ ᠤᠨ ᠲᠠᠯᠠᠪᠠᠢ ᠳᠤ ᠬᠦᠷᠴᠦ᠂ ᠺᠷᠧᠮᠯᠢ ᠣᠷᠳᠣᠨ ᠤ ᠭᠤᠣᠯ ᠬᠤᠷᠠᠯ ᠤᠨ ᠲᠠᠯᠠᠪᠠᠢ ᠳᠤ ᠪᠠᠶᠢᠭᠰᠠᠨ ᠫᠦᠲ᠋ᠢᠨ ᠲᠠᠢ ᠭᠠᠷ ᠳᠠᠯᠠᠯᠤᠨ ᠮᠡᠨᠳᠦᠴᠢᠯᠡᠪᠡ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠾᠧ ᠯᠢ ᠹᠧᠩ ᠪᠣᠯᠤᠨ ᠣᠷᠣᠰ ᠤᠨ ᠳᠡᠳ᠋ ᠶᠡᠷᠦᠩᠬᠡᠶ ᠰᠠᠶᠢᠳ ᠨᠦᠸᠠᠺ ᠬᠠᠮᠲᠤ ᠪᠠᠷ ᠶᠣᠰᠣᠯᠠᠯ ᠢ ᠡᠷᠭᠢᠯᠡᠪᠡ᠃ ᠳᠤᠮᠳᠠᠳᠤ ᠤᠷᠤᠰ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠬᠠᠷᠢᠭᠤᠴᠠᠯᠭᠠᠲᠠᠨ᠂ ᠪᠠᠷᠢᠯᠭ᠎ᠠ ᠶᠢᠨ ᠪᠦᠲᠦᠭᠡᠡ ᠪᠠᠶᠢᠭᠤᠯᠤᠭᠴᠢ ᠶᠢᠨ ᠲᠥᠯᠥᠭᠡᠯᠡᠭᠴᠢ ᠸᠢᠳᠢᠣ᠋ ᠪᠠᠷ ᠳᠠᠮᠵᠢᠭᠤᠯᠤᠨ ᠲᠤᠰ ᠲᠤᠰ ᠵᠢᠶᠠᠩᠰᠦ ᠮᠤᠵᠢ ᠶᠢᠨ ᠯᠢᠶᠠᠨ ᠶᠦᠨ ᠭᠠᠩ ᠬᠤᠲᠠ ᠶᠢᠨ ᠲᠢᠶᠠᠨ ᠸᠠᠨ ᠴᠥᠮ᠎ᠡ ᠶᠢᠨ ᠴᠠᠬᠢᠯᠭᠠᠨ ᠦᠷᠲᠡᠭᠡ ᠶᠢᠨ ᠬᠤᠪᠢᠶᠠᠷᠢ ᠬᠤᠷᠠᠯ ᠤᠨ ᠲᠠᠯᠠᠪᠠᠢ᠂ ᠯᠢᠶᠣᠤᠨᠢᠩ ᠮᠤᠵᠢ ᠶᠢᠨ ᠬᠤ᠋ ᠯᠦ ᠳ᠋ᠤᠤ ᠬᠤᠲᠠ ᠶᠢᠨ ᠰᠢᠤᠢ ᠳ᠋ᠠ ᠪᠦᠦ ᠴᠥᠮ᠎ᠡ ᠶᠢᠨ ᠴᠠᠬᠢᠯᠭᠠᠨ ᠦᠷᠲᠡᠭᠡ ᠶᠢᠨ ᠬᠤᠪᠢᠶᠠᠷᠢ ᠬᠤᠷᠠᠯ ᠤᠨ ᠲᠠᠯᠠᠪᠠᠢ᠂ ᠮᠣᠰᠺᠸᠠ ᠶᠢᠨ ᠵᠠᠰᠠᠭ ᠤᠨ ᠣᠷᠳᠣᠨ ᠤ ᠲᠤᠮᠤ ᠠᠰᠠᠷ ᠤᠨ ᠬᠤᠪᠢᠶᠠᠷᠢ ᠬᠤᠷᠠᠯ ᠤᠨ ᠲᠠᠯᠠᠪᠠᠢ᠂ ᠷᠤᠰᠲ᠋ᠤᠹ ᠵᠧᠦ ᠶᠢᠨ ᠠᠲ᠋ᠣᠮ ᠤᠨ ᠡᠨᠧᠷᠭᠢ ᠶᠢᠨ ᠮᠠᠰᠢᠨ ᠮᠧᠬᠠᠨᠢᠭ ᠦᠢᠯᠡᠳᠬᠦ ᠦᠢᠯᠡᠳᠪᠦᠷᠢ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠶᠣᠰᠣᠯᠠᠯ ᠳᠤ ᠣᠷᠣᠯᠴᠠᠵᠠᠢ᠃ ᠬᠤᠶᠠᠷ ᠤᠯᠤᠰ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠲᠤᠰ ᠬᠤᠶᠠᠷ ᠤᠯᠤᠰ ᠤᠨ ᠲᠡᠷᠢᠭᠦᠨ ᠳᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠬᠤᠶᠠᠷ ᠤᠯᠤᠰ ᠤᠨ ᠲᠡᠷᠢᠭᠦᠨ ᠲᠤᠰ ᠲᠤᠰ ᠪᠠᠶᠠᠷ ᠤᠨ ᠦᠭᠡ ᠬᠡᠯᠡᠪᠡ᠃ ᠰᠢ ᠶᠢᠨ ᠫᠢᠩ ᠳᠤᠮᠳᠠᠳᠤ ᠤᠷᠤᠰ ᠤᠨ ᠴᠥᠮ᠎ᠡ ᠶᠢᠨ ᠡᠨᠧᠷᠭᠢ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠵᠦ᠂ ᠬᠤᠶᠠᠷ ᠤᠯᠤᠰ ᠤᠨ ᠪᠦᠳᠦᠭᠡᠨ ᠪᠠᠶᠢᠭᠤᠯᠤᠭᠴᠢᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ᠂ ᠡᠨᠡ ᠵᠢᠯ ᠪᠣᠯ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠤᠬᠢᠷᠠᠯᠴᠠᠬᠰᠠᠨ 20 ᠵᠢᠯ ᠤᠨ ᠤᠢ ᠪᠣᠯᠤᠨ᠎ᠠ᠃ ᠪᠢ ᠶᠡᠷᠦᠩᠬᠡᠶᠢᠯᠡᠭᠴᠢ ᠫᠦᠲ᠋ᠢᠨ ᠲᠠᠢ ᠨᠡᠩ ᠥᠨᠳᠥᠷ ᠲᠦᠪᠰᠢᠨ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠪᠠᠷ ᠵᠥᠪᠳᠡᠯᠴᠡᠨ ᠲᠣᠭᠲᠠᠪᠠ᠃ ᠡᠷᠢᠨ ᠵᠠᠭᠤᠨ ᠤ ᠬᠢᠵᠢᠭ ᠤᠨ ᠪᠠᠶᠢᠳᠠᠯ ᠳᠠᠪᠬᠤᠴᠠᠭᠰᠠᠨ ᠵᠠᠭᠤᠨ ᠵᠢᠯ ᠤᠨ ᠬᠤᠪᠢᠷᠠᠯᠲᠠ ᠶᠢᠨ ᠡᠮᠦᠨ᠎ᠡ᠂ ᠳᠤᠮᠳᠠᠳᠤ ᠣᠷᠣᠰ ᠬᠠᠷᠢᠯᠴᠠᠨ ᠡᠷᠡᠰ ᠳᠡᠮᠵᠢᠵᠦ᠂ ᠨᠢᠭᠲᠠ ᠪᠦᠲᠦᠮᠵᠢᠲᠡᠶ ᠬᠠᠮᠵᠢᠯᠴᠠᠵᠤ᠂ ᠳᠤᠮᠳᠠᠳᠤ ᠣᠷᠣᠰ ᠤᠨ ᠰᠢᠨ᠎ᠡ ᠴᠠᠭ ᠦᠶ᠎ᠡ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠪᠠ ᠬᠡᠵᠤ ᠵᠢᠭᠠᠵᠤ ᠭᠠᠷᠭᠠᠪᠠ᠃ ᠰᠢ ᠶᠢᠨ ᠫᠢᠩ᠂ ᠡᠨᠧᠷᠭᠢ ᠶᠢᠨ ᠬᠠᠮᠲᠤᠷᠠᠯᠴᠠᠭ᠎ᠠ ᠪᠣᠯ ᠬᠤᠶᠠᠷ ᠤᠯᠤᠰ ᠤᠨ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠳᠠᠬᠢ ᠬᠠᠮᠤᠭ ᠤᠨ ᠴᠢᠬᠤᠯᠠ᠂ ᠦᠷ᠎ᠡ ᠪᠦᠲᠦᠭᠡᠯ ᠬᠠᠮᠤᠭ ᠤᠨ ᠤᠯᠠᠨ᠂ ᠬᠡᠪᠴᠢ᠊ ᠡᠶ᠎ᠡ ᠬᠠᠮᠤᠭ ᠤᠨ ᠥᠷᠭᠡᠨ ᠬᠦᠷᠢᠶ᠎ᠡ ᠴᠠᠷᠠᠭ᠎ᠠ ᠪᠣᠯᠤᠨ᠎ᠠ᠂ ᠴᠥᠮ᠎ᠡ ᠶᠢᠨ ᠡᠨᠧᠷᠭᠢ ᠪᠣᠯ ᠲᠡᠭᠦᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠤᠷᠢᠳ ᠢᠶᠠᠷ ᠬᠥᠭᠵᠢᠭᠦᠯᠬᠦ ᠬᠠᠮᠲᠤᠷᠠᠯᠴᠠᠭᠠᠨ ᠤ ᠴᠢᠭᠯᠡᠯ ᠪᠣᠯᠤᠨ᠎ᠠ᠂ ᠠᠯᠢ ᠤᠯᠠᠨ ᠴᠢᠬᠤᠯᠠ ᠶᠡᠭᠡ ᠲᠦᠷᠦᠯ ᠵᠦᠢᠯ ᠬᠤᠶᠢᠨ᠎ᠠ ᠬᠤᠶᠢᠨ᠎ᠠ ᠠᠴᠠ ᠪᠠᠨ ᠪᠠᠶᠢᠭᠤᠯᠤᠭᠳᠠᠵᠤ ᠠᠰᠢᠬᠯᠠᠯᠳᠠ ᠳᠤ ᠣᠷᠣᠪᠠ᠃ ᠡᠨᠡ ᠡᠳᠤᠷ ᠠᠴᠠ ᠡᠬᠢᠯᠡᠭᠰᠡᠨ 4 ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠪᠣᠯ ᠳᠤᠮᠳᠠᠳᠤ ᠣᠷᠣᠰ ᠤᠨ ᠴᠥᠮ᠎ᠡ ᠶᠢᠨ ᠡᠨᠧᠷᠭᠢ ᠶᠢᠨ ᠬᠠᠮᠵᠢᠯᠴᠠᠭᠠᠨ ᠤ ᠪᠠᠰᠠ ᠨᠢᠭᠡ ᠴᠢᠬᠤᠯᠠ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠪᠣᠯᠤᠨ᠎ᠠ ᠬᠡᠵᠤ ᠴᠢᠬᠤᠯᠠᠴᠢᠯᠠᠪᠠ᠃ ᠰᠢ ᠶᠢᠨ ᠫᠢᠩ ᠭᠤᠷᠪᠠᠨ ᠳᠠᠯ᠎ᠠ ᠶᠢᠨ ᠬᠦᠰᠡᠯ ᠳᠤᠷᠠᠳᠴᠠᠢ᠃ ᠨᠢᠭᠡᠳᠦᠭᠡᠷ ᠲᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠴᠥᠮ᠎ᠡ ᠶᠢᠨ ᠡᠨᠧᠷᠭᠢ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠶ᠎ᠠ᠃ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ 4 ᠮᠠᠰᠢᠨ ᠴᠣᠭᠴᠠᠯᠠᠪᠤᠷᠢ ᠶᠢ ᠪᠥᠲᠥᠭᠡᠨ ᠪᠠᠶᠢᠭᠤᠯᠬᠤ ᠪᠠ ᠰᠠᠶᠢᠲᠤᠷ ᠠᠵᠢᠯᠯᠠᠭᠤᠯᠵᠤ᠂ ᠴᠥᠮ᠎ᠡ ᠶᠢᠨ ᠠᠮᠤᠷ ᠲᠦᠪᠰᠢᠨ ᠤ ᠬᠦᠷᠢᠶᠡᠨ ᠤ ᠪᠥᠬᠦ ᠪᠥᠮᠪᠥᠷᠴᠡᠭ ᠤᠨ ᠬᠡᠪ ᠳᠠᠭᠤᠷᠢᠶᠠᠯ ᠢ ᠪᠣᠶ ᠪᠣᠯᠭᠠᠶ᠎ᠠ᠃ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠥᠮ᠎ᠡ ᠶᠢᠨ ᠬᠦᠷᠢᠶᠡᠨ ᠳᠠᠬᠢ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠮᠲᠤᠷᠠᠯᠴᠠᠭᠠᠨ ᠤ ᠥᠷᠭᠡᠴᠡ ᠪᠠ ᠭᠦᠨᠴᠡ ᠶᠢ ᠥᠷᠭᠡᠳᠬᠡᠵᠦ᠂ ᠳᠡᠯᠡᠬᠡᠢ ᠶᠢᠨ ᠴᠥᠮ᠎ᠡ ᠶᠢᠨ ᠡᠨᠧᠷᠭᠢ ᠶᠢᠨ ᠦᠢᠯᠡᠰ ᠤᠨ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠶ᠎ᠠ᠃ ᠬᠤᠶᠠᠳᠤᠭᠠᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠴᠥᠮ᠎ᠡ ᠶᠢᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠠᠭᠤᠯᠤᠭᠳᠠᠬᠤᠨ ᠢ ᠭᠦᠨᠵᠡᠭᠡᠶᠢᠷᠡᠭᠦᠯᠦᠶ᠎ᠠ᠃ ᠴᠥᠮ᠎ᠡ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠴᠥᠮ᠎ᠡ ᠶᠢᠨ ᠡᠮᠴᠢᠯᠡᠭᠡ᠂ ᠴᠥᠮ᠎ᠡ ᠶᠢᠨ ᠰᠢᠲᠠᠭᠠᠯᠭ᠎ᠠ ᠶᠢᠨ ᠮᠠᠲ᠋ᠧᠷᠢᠶᠠᠯ᠂ ᠲᠡᠷᠢᠭᠦᠨ ᠤ ᠴᠥᠮ᠎ᠡ ᠶᠢᠨ ᠴᠠᠬᠢᠯᠭᠠᠨ ᠤ ᠮᠡᠷᠭᠡᠵᠢᠯ ᠢᠶᠠᠷ ᠴᠢᠬᠤᠯᠠ ᠭᠠᠷᠳᠠᠴᠠ ᠪᠣᠯᠭᠠᠵᠤ᠂ ᠴᠥᠮ᠎ᠡ ᠶᠢᠨ ᠡᠨᠧᠷᠭᠢ ᠶᠢᠨ ᠬᠦᠷᠢᠶᠡᠨ ᠤ ᠰᠠᠭᠤᠷᠢ ᠰᠤᠳᠤᠯᠭᠠᠨ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠤᠨ᠂ ᠴᠥᠮ᠎ᠡ ᠶᠢᠨ ᠡᠨᠧᠷᠭᠢ ᠶᠢᠨ ᠠᠵᠤ ᠦᠢᠯᠡᠰ ᠪᠣᠯᠤᠨ ᠰᠢᠨ᠎ᠡ ᠨᠢᠭᠡ ᠦᠶ᠎ᠡ ᠶᠢᠨ ᠲᠣᠭᠠᠴᠢᠯᠠᠭᠰᠠᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠬᠦ ᠪᠥᠮᠪᠥᠷᠴᠡᠭ ᠤᠨ ᠴᠥᠮ᠎ᠡ ᠶᠢᠨ ᠡᠨᠧᠷᠭᠢ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠢᠶᠠᠨ ᠡᠷᠭᠦᠶ᠎ᠠ᠃ ᠭᠤᠷᠪᠠᠳᠤᠭᠠᠷ ᠲᠤ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠪᠠᠷᠢᠮᠲᠠᠯᠠᠵᠤ᠂ ᠪᠦᠬᠦ ᠪᠥᠮᠪᠥᠷᠴᠡᠭ ᠤᠨ ᠡᠨᠧᠷᠭᠢ ᠶᠢᠨ ᠵᠠᠰᠠᠯᠲᠠ ᠶᠢᠨ ᠰᠢᠰᠲ᠋ᠧᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠶ᠎ᠠ᠃ ᠨᠡᠩ ᠡᠷᠬᠡ ᠲᠡᠭᠰᠢ ᠲᠥᠪ ᠭᠤᠣᠯᠴᠢ᠂ ᠲᠡᠩᠴᠡᠭᠦᠷᠢᠲᠡᠢ ᠲᠦᠭᠡᠮᠡᠯ ᠠᠰᠢᠭ ᠬᠦᠷᠲᠡᠭᠡᠬᠦ᠂ ᠨᠡᠭᠡᠭᠡᠯᠲᠡᠲᠡᠢ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ ᠡᠨᠧᠷᠭᠢ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠡᠨᠧᠷᠭᠢ ᠶᠢᠨ ᠵᠠᠰᠠᠯᠲᠠ ᠳᠤ ᠨᠡᠩ ᠤᠯᠠᠨ ᠲᠥᠰᠦᠯ ᠨᠡᠮᠡᠷᠢᠯᠡᠶ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠣᠯ ᠡᠯ᠎ᠡ ᠤᠯᠤᠰ ᠤᠨ ᠬᠠᠮᠲᠤ ᠶᠢᠨ ᠡᠭᠦᠷᠭᠡ ᠮᠥᠨ᠃ ᠳᠤᠮᠳᠠᠳᠤ ᠤᠷᠤᠰ ᠨᠡᠩ ᠤᠯᠠᠨ ᠪᠠᠭ᠎ᠠ ᠨᠡᠭᠦᠷᠡᠰᠦᠲᠥ᠋ᠷᠥᠭᠴᠢᠳᠤ ᠬᠠᠮᠲᠤᠷᠠᠯᠴᠠᠭᠠᠨ ᠤ ᠲᠦᠷᠦᠯ ᠵᠦᠢᠯ ᠢ ᠠᠬᠢᠭᠤᠯᠵᠤ᠂ ᠪᠦᠬᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠶ᠎ᠡ ᠭᠡᠵᠦ ᠴᠢᠬᠤᠯᠠᠴᠢᠯᠠᠪᠠ᠃ ᠫᠦᠲ᠋ᠢᠨ᠂ ᠲᠢᠶᠠᠨ ᠸᠠᠨ ᠴᠥᠮ᠎ᠡ ᠶᠢᠨ ᠴᠠᠬᠢᠯᠭᠠᠨ ᠦᠷᠳᠡᠭᠡ ᠪᠣᠯᠤᠨ ᠰᠢᠤᠢ ᠳ᠋ᠠ ᠪᠦᠦ ᠴᠥᠮ᠎ᠡ ᠶᠢᠨ ᠴᠠᠬᠢᠯᠭᠠᠨ ᠦᠷᠳᠡᠭᠡ ᠶᠢᠨ ᠪᠠᠷᠢᠯᠭ᠎ᠠ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠤᠷᠤᠰ ᠤᠨ ᠬᠢᠨ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠤᠷᠤᠭᠰᠢᠲᠠᠢ᠂ ᠠᠮᠤᠷ ᠲᠦᠪᠰᠢᠨ ᠢᠶᠠᠷ ᠠᠬᠢᠭᠤᠯᠬᠤ ᠢᠲᠡᠭᠡᠯ ᠲᠠᠢ ᠪᠠᠶᠢᠨ᠎ᠠ᠃ ᠡᠨᠡ ᠵᠢᠯ ᠪᠣᠯ ︽ᠤᠷᠤᠰ ᠳᠤᠮᠳᠠᠳᠤ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠤᠬᠢᠷᠠᠯᠴᠠᠭᠰᠠᠨ 20 ᠵᠢᠯ ᠤᠨ ᠤᠢ ᠪᠣᠯᠤᠨ᠎ᠠ᠂ ᠤᠷᠤᠰ ᠳᠤᠮᠳᠠᠳᠤ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠪᠠ ᠬᠠᠮᠤᠭ ᠤᠨ ᠥᠨᠳᠣ᠋ ‍ᠷ ᠲᠦᠪᠰᠢᠨ ᠳᠤ ᠣᠷᠣᠰᠢᠵᠤ ᠪᠠᠶᠢᠨ᠎ᠠ᠂ ᠮᠢᠨᠦ ᠲᠡᠷᠢᠭᠦᠯᠡᠭᠴᠢ ᠰᠢ ᠶᠢᠨ ᠫᠢᠩ ᠯᠦᠭᠡ ᠲᠤᠬᠢᠷᠠᠯᠴᠠᠭᠰᠠᠠ ᠡᠯ᠎ᠡ ᠵᠦᠢᠯ ᠤᠨ ᠬᠠᠮᠲᠤ ᠶᠢᠨ ᠲᠠᠨᠢᠯᠲᠠ ᠴᠥᠮ ᠮᠠᠰᠢ ᠰᠠᠶᠢᠨ ᠨᠠᠶᠢᠳᠠᠪᠤᠷᠢᠵᠢᠭᠳᠠᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠬᠦᠷᠢᠶ᠎ᠡ ᠡᠳᠦᠷ ᠢᠷᠡᠬᠦᠶ᠎ᠡ ᠥᠷᠭᠡᠵᠢᠵᠦ ᠪᠠᠶᠢᠨ᠎ᠠ᠃ ᠴᠥᠮ᠎ᠡ ᠶᠢᠨ ᠡᠨᠧᠷᠭᠢ ᠶᠢ ᠡᠩᠬᠡ ᠲᠠᠶᠢᠪᠤᠩ ᠢᠶᠠᠷ ᠠᠰᠢᠬᠯᠠᠬᠤ ᠬᠠᠮᠲᠤᠷᠠᠯᠴᠠᠭ᠎ᠠ ᠪᠣᠯ ᠤᠷᠤᠰ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠡᠨᠡ ᠡᠳᠦᠷ ᠡᠬᠢᠯᠡᠭᠦᠯᠦᠭᠰᠡᠨ 4 ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠲᠦᠷᠦᠯ ᠵᠦᠢᠯ ᠨᠢ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠴᠢᠨᠠᠭᠰᠢᠳᠠ ᠶᠢᠨ ᠬᠥᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠪᠠᠰᠠ ᠨᠡᠭᠦᠷᠡᠰᠦᠲᠥ᠋ᠷᠥᠭᠴᠢ ᠶᠢ ᠤᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠥᠮᠦᠨ ᠲᠥᠷᠥᠯᠬᠢᠲᠡᠨ ᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠪᠠ ᠬᠤᠪᠢ ᠨᠡᠮᠡᠷᠢ ᠦᠵᠡᠭᠦᠯᠬᠦ ᠪᠤᠯᠤᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ ᠲᠢᠶᠠᠨ ᠸᠠᠨ ᠴᠥᠮ᠎ᠡ ᠶᠢᠨ ᠴᠠᠬᠢᠯᠭᠠᠨ ᠥᠷᠲᠡᠭᠡᠨ ᠤ ᠬᠤᠪᠢᠶᠠᠷᠢ ᠬᠤᠷᠠᠯ ᠤᠨ ᠲᠠᠯᠠᠪᠠᠢ ᠪᠣᠯᠤᠨ ᠰᠢᠤᠢ ᠳ᠋ᠠ ᠪᠦᠦ ᠴᠥᠮ᠎ᠡ ᠶᠢᠨ ᠴᠠᠬᠢᠯᠭᠠᠨ ᠥᠷᠲᠡᠭᠡᠨ ᠤ ᠬᠤᠪᠢᠶᠠᠷᠢ ᠬᠤᠷᠠᠯ ᠤᠨ ᠲᠠᠯᠠᠪᠠᠢ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠲᠥᠯᠥᠭᠡᠯᠡᠭᠴᠢ ᠬᠤᠶᠠᠷ ᠤᠯᠤᠰ ᠤᠨ ᠲᠡᠷᠢᠭᠦᠨ ᠳᠤ᠂ ᠪᠠᠷᠢᠯᠭ᠎ᠠ ᠶᠢ ᠡᠬᠢᠯᠡᠭᠦᠯᠬᠦ ᠪᠠᠷ ᠪᠡᠯᠡᠬᠡᠨ ᠪᠤᠯᠤᠭᠰᠠᠨ ᠢᠶᠠᠨ ᠮᠡᠳᠡᠭᠦᠯᠪᠡ᠃ ᠰᠢ ᠶᠢᠨ ᠫᠢᠩ ︽ᠠᠵᠢᠯ ᠢᠶᠠᠨ ᠡᠬᠢᠯᠡᠭᠦᠯ︕︾ ᠭᠡᠵᠦ ᠵᠠᠷᠯᠢᠭ ᠪᠠᠭᠤᠯᠭᠠᠪᠠ᠃ ᠠᠲ᠋ᠣᠮ ᠤᠨ ᠡᠨᠧᠷᠭᠢ ᠶᠢᠨ ᠮᠠᠰᠢᠨ ᠮᠧᠬᠠᠨᠢᠭ ᠤᠨ ᠦᠢᠯᠡᠳᠪᠦᠷᠢ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠪᠠᠶᠢᠭ᠎ᠠ ᠤᠷᠤᠰ ᠤᠨ ᠲᠥᠯᠥᠭᠡᠯᠡᠭᠴᠢ ᠬᠤᠶᠠᠷ ᠤᠯᠤᠰ ᠤᠨ ᠲᠡᠷᠢᠭᠦᠨ ᠳᠤ᠂ ᠲᠤᠨᠤᠭ ᠲᠥᠬᠦᠭᠡᠷᠦᠮᠵᠢ ᠶᠢ ᠤᠭᠰᠠᠷᠠᠵᠤ ᠳᠠᠭᠤᠰᠤᠭᠰᠠᠨ ᠢᠶᠠᠨ ᠮᠡᠳᠡᠭᠦᠯᠪᠡ᠃ ᠫᠦᠲ᠋ᠢᠨ ︽ᠡᠬᠢᠯᠡᠭᠦᠯ︕︾ ᠭᠡᠵᠤ ᠵᠠᠷᠯᠢᠭ ᠪᠠᠭᠤᠯᠭᠠᠪᠠ᠃ ᠲᠢᠶᠠᠨ ᠸᠠᠨ ᠴᠥᠮ᠎ᠡ ᠶᠢᠨ ᠴᠠᠬᠢᠯᠭᠠᠨ ᠥᠷᠲᠡᠭᠡ ᠪᠣᠯᠤᠨ ᠰᠢᠤᠢ ᠳ᠋ᠠ ᠪᠦᠦ ᠴᠥᠮ᠎ᠡ ᠶᠢᠨ ᠴᠠᠬᠢᠯᠭᠠᠨ ᠥᠷᠲᠡᠭᠡᠨ ᠤ ᠪᠠᠷᠢᠯᠭ᠎ᠠ ᠶᠢᠨ ᠠᠬᠤᠢ ᠲᠠᠯᠠᠪᠠᠶ ᠳᠤ ᠱᠦᠶ᠋ᠨᠢ ᠴᠢᠳᠬᠤᠬᠤ ᠶᠢᠨ ᠤᠯᠠᠮ ᠢᠶᠠᠷ ᠪᠠᠷᠢᠯᠭ᠎ᠠ ᠵᠢᠩᠬᠢᠨᠢ ᠪᠠᠷ ᠡᠬᠢᠯᠡᠪᠡ᠃ ᠶᠠᠩ ᠵᠢᠶᠧ ‍ᠤᠤᠢ᠂ ᠸᠠᠩ ᠢ ᠨᠡᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ ᠲᠢᠶᠠᠨ ᠸᠠᠨ ᠴᠥᠮ᠎ᠡ ᠶᠢᠨ ᠴᠠᠬᠢᠯᠭᠠᠨ ᠥᠷᠲᠡᠭᠡᠨ ᠤ 7 ᠳ᠋ᠤᠭᠠᠷ᠂ 8 ᠳ᠋ᠤᠭᠠᠷ ᠮᠠᠰᠢᠨ ᠴᠣᠭᠴᠠᠯᠠᠪᠤᠷᠢ ᠪᠣᠯᠤᠨ ᠰᠢᠤᠢ ᠳ᠋ᠠ ᠪᠦᠦ ᠴᠥᠮ᠎ᠡ ᠶᠢᠨ ᠴᠠᠬᠢᠯᠭᠠᠨ ᠥᠷᠲᠡᠭᠡᠨ ᠤ 3 ᠳ᠋ᠤᠭᠠᠷ᠂ 4 ᠳ᠋ᠦ᠋ᠭᠡᠷ ᠮᠠᠰᠢᠨ ᠴᠣᠭᠴᠠᠯᠠᠪᠤᠷᠢ ᠪᠣᠯ 2018 ᠣᠨ ᠤ 6 ᠰᠠᠷ᠎ᠠ ᠳᠤ ᠬᠤᠶᠠᠷ ᠤᠯᠤᠰ ᠤᠨ ᠲᠡᠷᠢᠭᠦᠨ ᠤ ᠭᠠᠷ ᠤᠨ ᠥᠰᠥᠭ ᠵᠢᠷᠤᠬᠤ ᠶᠢ ᠭᠡᠷᠡᠴᠢᠯᠡᠭᠰᠡᠨ ᠬᠤᠶᠠᠷ ᠲᠠᠯ᠎ᠠ ᠶᠢᠨ ᠴᠥᠮ᠎ᠡ ᠶᠢᠨ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠨᠤᠭᠤᠳ ᠤᠨ ᠵᠥᠪᠯᠡᠯᠴᠡᠭᠡᠷ ᠲᠠᠬᠢ ᠴᠢᠬᠤᠯᠠ ᠲᠥᠷᠥᠯ ᠵᠦᠢᠯ ᠪᠣᠯᠤᠨ᠎ᠠ᠂ ᠪᠠᠶᠢᠭᠤᠯᠵᠤ ᠳᠠᠭᠤᠰᠤᠭᠠᠳ ᠠᠰᠢᠬᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 376 ᠳ᠋ᠦᠩᠰᠢᠭᠤᠷ ᠬᠢᠯᠦᠸᠠᠲ ᠴᠠᠭ ᠲᠤ ᠬᠦᠷᠴᠦ᠂ ᠵᠢᠯ ᠪᠦᠷᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 3068 ᠲᠦᠮᠡᠨ ᠲᠣᠨ ᠪᠠᠭᠠᠰᠬᠠᠭᠰᠠᠨ ᠲᠠᠢ ᠲᠡᠩᠴᠡᠨ᠎ᠡ᠃
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号