ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/5/24
ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠵᠥᠩ ᠨᠠᠨ ᠬᠠᠶ ᠶᠢᠨ ᠽᠢ ᠭᠤᠸᠠᠩ ᠭᠧ ᠳᠤ ᠫᠠᠺᠢᠰᠲ᠋ᠠᠨ ᠤ ᠶᠡᠷᠦᠩᠬᠡᠶ ᠰᠠᠶᠢᠳ ᠢᠮᠦᠯᠠᠨ · ᠬᠠᠨ ᠲᠠᠢ ᠪᠣᠯᠵᠤᠭ᠎ᠠ ᠶᠣᠰᠣᠭᠠᠷ ᠤᠲᠠᠰᠤ ᠪᠠᠷ ᠶᠠᠷᠢᠯᠴᠠᠪᠠ᠃
     ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠫᠠᠺᠢᠰᠲ᠋ᠠᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ ᠃ ᠮᠠᠷᠭᠠᠰᠢ ᠪᠣᠯ ᠬᠤᠶᠠᠷ ᠤᠯᠤᠰ ᠤᠨ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ 70 ᠵᠢᠯ ᠤᠨ ᠤᠢ ᠶᠢᠨ ᠳᠤᠷᠠᠰᠬᠠᠯ ᠤᠨ ᠡᠳᠦᠷ ᠪᠠᠶᠢᠵᠤ᠂ ᠰᠢ ᠶᠢᠨ ᠫᠢᠩ ᠲᠡᠷᠢᠭᠦᠯᠡᠭᠴᠢ ᠪᠣᠯᠤᠨ ᠠᠷᠸᠢ ᠶᠡᠷᠦᠩᠬᠡᠶᠢᠯᠡᠭᠴᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠫᠠᠺᠢᠰᠲ᠋ᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠪᠣᠯᠬᠤ ᠡᠨᠡ ᠬᠦ ᠡᠷᠬᠢᠮ ᠨᠠᠨᠳᠢᠨ ᠡᠳ᠋ ᠬᠦᠷᠦᠩᠭᠡ ᠶᠢ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠬᠤᠶᠠᠷ ᠤᠯᠤᠰ ᠤᠨ ᠶᠡᠷᠦᠩᠬᠡᠶ ᠰᠠᠶᠢᠳ ᠭᠤᠣᠯᠳᠠᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠣᠯᠠᠨ ᠤᠯᠤᠰ ᠤᠨ ᠬᠠᠮᠲᠤᠷᠠᠯᠴᠠᠭᠠᠨ ᠤ ᠲᠤᠬᠠᠶ ᠰᠠᠨᠠᠯ ᠰᠣᠯᠢᠯᠴᠠᠪᠠ᠃ ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠪᠦᠬᠦ ᠳᠡᠯᠡᠬᠡᠶ ᠶᠢᠨ ᠬᠡᠪᠴᠢᠶᠡᠨ ᠳᠤ ᠥᠷᠪᠢᠰᠴᠦ ᠪᠠᠶᠢᠨ᠎ᠠ᠂ ᠬᠥᠮᠦᠨ ᠲᠥᠷᠥᠯᠬᠢᠲᠡᠨ ᠤ ᠬᠠᠮᠲᠤ ᠶᠢᠨ ᠳᠠᠶᠢᠰᠤᠨ ᠪᠣᠯᠬᠤ ᠸᠢᠷᠦ᠋ᠰ ᠤᠨ ᠡᠮᠦᠨ᠎ᠡ᠂ ᠳᠡᠯᠡᠬᠡᠶ ᠨᠡᠶᠢᠲᠡ ᠪᠠᠷ ᠢᠶᠠᠨ ᠬᠠᠮᠲᠤᠷᠠᠯᠴᠠᠨ ᠪᠦᠯᠬᠦᠮᠳᠡᠬᠦ ᠪᠠᠷ ᠳᠠᠮᠵᠢᠭᠤᠯᠤᠨ ᠥᠷᠢᠰᠥᠯᠳᠦᠭᠡᠨ ᠢ ᠠᠷᠭᠠᠴᠠᠭᠠᠬᠤ ᠬᠡᠷᠡᠭᠲᠡᠶ᠃ ᠫᠠᠺᠢᠰᠲ᠋ᠠᠨ ᠤ ᠲᠠᠯ᠎ᠠ ᠶᠢᠨ  ᠬᠢᠨ ᠤ ᠬᠢᠵᠢᠭ ᠢ ᠡᠰᠡᠷᠭᠦᠴᠡᠬᠦ ᠠᠵᠢᠯᠯᠠᠭ᠎ᠠ ᠳᠤ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠴᠢᠳᠠᠯ ᠤᠨ ᠬᠢᠷᠢ ᠪᠠᠷ ᠢᠶᠠᠨ ᠳᠡᠮᠵᠢᠯᠭᠡ ᠦᠵᠡᠭᠦᠯᠦᠨ᠎ᠡ ᠭᠡᠵᠡᠢ᠃
     ᠢᠮᠦᠯᠠᠨ · ᠬᠠᠨ ᠢᠯᠡᠷᠬᠡᠶᠢᠯᠡᠬᠦ ᠳᠤ ᠪᠠᠨ᠂ ᠫᠠᠺᠢᠰᠲ᠋ᠠᠨ ᠤ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠠᠬᠢᠭᠤᠯᠬᠤ ᠶᠢ ᠬᠦᠰᠡᠵᠦ ᠪᠠᠶᠢᠨ᠎ᠠ᠃ ᠣᠳᠣᠬᠠᠨ ᠤ ᠪᠠᠶᠢᠳᠠᠯ ᠳᠣᠣᠷ᠎ᠠ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠣᠨᠴᠠᠭᠠᠶᠢᠯᠠᠨ ᠬᠦᠰᠡᠵᠦ ᠪᠠᠶᠢᠨ᠎ᠠ᠃ ᠫᠠᠺᠢᠰᠲ᠋ᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠤᠯᠤᠰ ᠤᠨ ᠬᠠᠷᠢᠴᠠᠭ᠎ᠠ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠭᠡᠯ ᠭᠠᠷᠭᠠᠨ᠎ᠠ ᠭᠡᠵᠡᠢ᠃      ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号