ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2021/5/7
        ᠠᠮᠤᠷ ᠲᠦᠪᠰᠢᠨ ᠪᠥᠭᠡᠳ ᠰᠠᠨᠠᠭ᠎ᠠ ᠠᠮᠠᠷ ᠢᠳᠡᠭᠡᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠢᠳᠡᠭᠡᠨ ᠡᠵᠡᠩᠨᠡᠵᠦ ᠪᠠᠶᠢᠭ᠎ᠠ ᠡᠷᠦᠬᠡ ᠶᠢᠨ ᠵᠢᠷᠤᠮᠵᠢᠭᠤᠯᠤᠨ ᠡᠵᠡᠩᠨᠡᠬᠦ ᠶᠢ ᠲᠦᠯᠬᠢᠨ ᠠᠬᠢᠭᠤᠯᠬᠤ ᠶᠢᠨ ᠲᠤᠰᠠᠳᠠ  ᠣᠶᠢᠷ᠎ᠠ ᠳᠤ᠂ ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠢᠳᠡᠭᠡᠨ ᠤ ᠡᠵᠡᠩᠨᠡᠯᠲᠡ ᠶᠢᠨ ᠡᠷᠦᠬᠡ ᠳᠤ ᠲᠤᠰᠬᠠᠶ ᠪᠠᠶᠢᠴᠠᠭᠠᠯᠲᠠ ᠪᠠ ᠵᠢᠯᠣᠭᠤᠳᠣᠯᠭ᠎ᠠ ᠬᠢᠵᠦ᠂ ᠨᠢᠭᠡ ᠪᠦᠯᠦᠭ ᠵᠢᠱᠢᠶ᠎ᠡ ᠦᠵᠡᠭᠦᠯᠬᠦ ᠳᠡᠯᠭᠡᠭᠦᠷ ᠪᠠᠶᠢᠭᠤᠯᠬᠤ ᠪᠠᠷ ᠳᠠᠮᠵᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠬᠦ ᠴᠡᠭ ᠤᠨ ᠦᠶᠯᠡᠳᠦᠯ ᠢ ᠪᠠᠳᠠᠷᠠᠭᠤᠯᠵᠤ᠂ ᠬᠠᠷᠢᠶ᠎ᠠ ᠣᠷᠣᠨ ᠤ ᠢᠳᠡᠭᠡᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠢ ᠵᠢᠷᠤᠮᠵᠢᠭᠤᠯᠪᠠ  ᠃        ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢᠶᠠᠷ ᠴᠡᠭᠴᠡᠯᠡᠨ ᠥᠭᠡᠷᠡᠴᠢᠯᠡᠬᠦ ᠭᠤᠤᠯᠳᠠᠯᠭ᠎ᠠ ᠪᠣᠯᠭᠠᠪᠠ᠃ ᠢᠳᠡᠭᠡᠨ ᠡᠵᠡᠩᠨᠡᠭᠴᠢ ᠶᠢᠨ ᠪᠠᠷᠠᠭ᠎ᠠ ᠣᠷᠣᠭᠤᠯᠬᠤ ᠳᠠᠬᠢ ᠪᠠᠶᠢᠴᠠᠭᠠᠨ ᠰᠢᠯᠭᠠᠬᠤ ᠳᠦᠷᠢᠮ ᠢ ᠭᠦᠢᠴᠡᠳᠬᠡᠵᠦ ᠪᠠᠶᠢᠭ᠎ᠠ ᠡᠰᠡᠬᠦ᠂ ᠡᠬᠡ ᠳᠠᠩᠰᠠ ᠪᠠᠶᠢᠭᠤᠯᠬᠤ ᠶᠢ ᠵᠢᠷᠤᠮᠵᠢᠭᠤᠯᠤᠨ᠂ ᠢᠳᠡᠭᠡᠨ ᠤ ᠣᠭ ᠦᠨᠳᠦᠰᠦ ᠠᠴᠠ ᠨᠢ ᠡᠷᠢᠬᠦ ᠳᠦᠷᠢᠮ ᠢ ᠲᠡᠭᠦᠯᠳᠡᠷᠵᠢᠭᠦᠯᠦᠭᠰᠡᠨ ᠬᠠᠮᠢᠶ᠎ᠠ ᠪᠦᠬᠦᠢ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠭᠰᠠᠨ ᠪᠠᠶᠢᠨ᠎ᠠ᠂ ᠢᠳᠡᠭᠡᠨ ᠡᠵᠡᠩᠨᠡᠭᠴᠢ ᠶᠢ ᠵᠢᠯᠣᠭᠤᠳᠤᠨ ᠢᠳᠡᠭᠡᠨ ᠬᠠᠳᠠᠭᠠᠯᠠᠬᠤ ᠱᠠᠭᠠᠷᠳᠠᠯᠭ᠎ᠠ ᠶᠣᠰᠣᠭᠠᠷ ᠬᠡᠰᠡᠭ ᠬᠤᠪᠢᠶᠠᠨ ᠬᠠᠳᠠᠭᠠᠯᠠᠭᠤᠯᠪᠠ᠂ ᠥᠪᠡᠷᠲᠡᠭᠡᠨ ᠪᠡᠯᠡᠳᠬᠡᠭᠰᠡᠨ ᠬᠦᠢᠲᠡᠨ ᠬᠥᠮᠥᠷᠭᠡ ᠶᠢ ᠬᠡᠷᠡᠭᠯᠡᠬᠦ ᠢᠳᠡᠭᠡᠨ ᠤ ᠡᠵᠡᠩᠨᠡᠯᠲᠡ ᠶᠢᠨ ᠡᠷᠦᠬᠡ᠂ ᠬᠦᠢᠲᠡᠨ ᠬᠥᠮᠥᠷᠭᠡ ᠶᠢᠨ ᠠᠵᠢᠯᠯᠠᠭᠠᠨ ᠤ ᠳᠤᠯᠠᠭᠠᠨ ᠤ ᠬᠡᠮᠵᠢᠶ᠎ᠡ ᠨᠢ ᠡᠷᠬᠡᠪᠰᠢ ᠬᠦᠢᠲᠡᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠭᠰᠠᠨ ᠳᠤᠯᠠᠭᠠᠨ ᠤ ᠬᠡᠮᠵᠢᠶ᠎ᠡ ᠶᠢᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠶ᠂ ᠲᠦᠭᠰᠢᠭᠦᠷᠢ ᠶᠢ ᠳᠡᠰ ᠬᠤᠪᠢᠶᠠᠬᠤ ᠳᠦᠷᠢᠮ ᠪᠠ ᠢᠲᠡᠭᠡᠮᠵᠢ ᠶᠢᠨ ᠳᠠᠩᠰᠠ ᠡᠪᠬᠡᠮᠡᠯ ᠤᠨ ᠱᠠᠭᠠᠷᠳᠠᠯᠭ᠎ᠠ  ᠶᠢ ᠦᠨᠳᠦᠰᠦᠯᠡᠨ᠂ ᠢᠳᠡᠭᠡᠨ ᠤ ᠡᠵᠡᠩᠨᠡᠯᠲᠡ ᠶᠢᠨ ᠡᠷᠦᠬᠡ ᠶᠢᠨ ᠳᠠᠩᠰᠠ ᠡᠪᠬᠡᠮᠡᠯ ᠢ ᠪᠠᠶᠢᠭᠤᠯᠵᠤ᠂ ᠨᠢᠭᠡ ᠨᠢᠭᠡ  ᠪᠠᠷ ᠲᠥᠷᠥᠯ ᠬᠤᠪᠢᠶᠠᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ ᠭᠡᠵᠡᠢ᠂ ᠲᠠᠸᠠᠷ ᠪᠠ ᠦᠶᠯᠡᠴᠢᠯᠡᠭᠡᠨ ᠤ ᠶᠠᠰᠤ ᠴᠢᠨᠠᠷ ᠨᠢ ᠨᠡᠯᠢᠶᠡᠳ ᠰᠠᠶᠢᠨ᠂ ᠠᠷᠠᠯᠵᠢᠶᠠᠯᠠᠬᠤ ᠦᠶᠯᠡ ᠠᠵᠢᠯᠯᠠᠭ᠎ᠠ ᠨᠢ ᠵᠢᠷᠤᠮᠵᠢᠯ ᠲᠠᠢ᠂ ᠣᠯᠠᠨ ᠨᠡᠶᠢᠲᠡ ᠶᠢᠨ ᠬᠡᠷᠡᠭᠯᠡᠭᠡ ᠶᠢᠨ ᠬᠠᠨᠤᠮᠵᠢ ᠶᠢᠨ ᠬᠡᠮᠵᠢᠶ᠎ᠡ ᠪᠠᠷ ᠨᠡᠯᠢᠶᠡᠳ ᠥᠨᠳᠥᠷ 7 ᠬᠤᠳᠠᠯᠳᠤᠭᠠᠴᠢᠨ ᠡᠷᠦᠬᠡ ᠶᠢ ᠵᠢᠱᠢᠶ᠎ᠡ ᠦᠵᠡᠭᠦᠯᠬᠦ ᠳᠡᠯᠭᠡᠭᠦᠷ ᠢᠶᠠᠷ ᠦᠨᠡᠯᠡᠨ ᠲᠤᠭᠲᠠᠭᠠᠪᠠ  ᠃        ᠣᠲᠣ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠢᠳᠡᠭᠡᠨ ᠤ ᠵᠦᠶᠯ ᠤᠨ ᠡᠵᠡᠩᠨᠡᠯᠲᠡ ᠶᠢᠨ ᠡᠷᠦᠬᠡ 237 ᠶᠢ ᠳᠠᠷᠠᠭᠠᠯᠠᠨ ᠪᠠᠶᠢᠴᠠᠭᠠᠵᠤ᠂ ᠢᠳᠡᠭᠡᠨ ᠤ ᠵᠦᠶᠯ ᠢ ᠲᠠᠯᠪᠢᠬᠤ ᠳᠠᠭᠠᠨ ᠪᠣᠯᠭᠤᠭᠰᠠᠨ ᠪᠠ ᠲᠦᠭᠦᠬᠡᠢ ᠭᠡᠵᠦ ᠢᠯᠭᠠᠭᠰᠠᠨ ᠦᠭᠡᠢ᠂ ᠭᠠᠵᠠᠷ ᠳᠡᠭᠡᠷ᠎ᠡ᠂ ᠬᠡᠷᠡᠮ ᠳᠡᠭᠡᠷ᠎ᠡ ᠰᠢᠭᠤᠳ ᠲᠠᠯᠪᠢᠵᠦ ᠪᠠᠶᠢᠭ᠎ᠠ ᠵᠡᠷᠭᠡ ᠠᠰᠠᠭᠤᠳᠠᠯ ᠢ 25 ᠴᠡᠭᠴᠡᠯᠡᠨ ᠰᠠᠶᠢᠵᠢᠷᠠᠭᠤᠯᠵᠤ᠂ ᠬᠡᠰᠡᠭ ᠢᠳᠡᠭᠡᠨ ᠤ ᠵᠦᠶᠯ ᠤᠨ ᠠᠵᠢᠯ ᠡᠷᠭᠢᠯᠡᠭᠰᠡᠳ ᠲᠤ ᠡᠷᠡᠭᠦᠯ ᠮᠡᠨᠳᠦ ᠶᠢᠨ ᠦᠨᠡᠮᠯᠡᠯ ᠤᠨ ᠬᠤᠭᠤᠴᠠᠭ᠎ᠠ ᠬᠡᠲᠦᠷᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ  ᠃ ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠢᠳᠡᠭᠡᠨ ᠤ ᠡᠵᠡᠩᠨᠡᠯᠲᠡ ᠶᠢᠨ ᠡᠷᠦᠬᠡ ᠶᠢᠨ ᠵᠢᠷᠤᠮᠵᠢᠭᠰᠠᠨ ᠡᠵᠡᠩᠨᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠢᠳᠡᠭᠡᠨ ᠤ ᠭᠦᠶᠯᠭᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠴᠡᠪᠡᠷᠰᠢᠭᠦᠯᠵᠦ᠂ ᠦᠶᠯᠡᠳᠬᠦᠨ ᠤ ᠶᠠᠰᠤ ᠴᠢᠨᠠᠷ  ᠤᠨ ᠪᠣᠭᠤᠮᠲᠠ ᠶᠢ ᠴᠢᠩᠭ᠎ᠠ ᠰᠠᠬᠢᠵᠤ᠂ ᠠᠷᠠᠳ ᠣᠯᠠᠨ ᠤ ᠡᠷᠡᠭᠦᠯ ᠮᠡᠨᠳᠦ ᠶᠢᠨ ᠲᠦᠪᠰᠢᠨ ᠢ ᠪᠦᠲᠦᠮᠵᠢᠲᠡᠶ  ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号