ᠮᠠᠨ ᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠤᠯ ᠤᠨ ᠸᠠᠺᠼᠢᠨ ᠤ ᠲᠠᠷᠢᠯᠭ᠎ᠠ ᠶᠢᠨ ᠠᠵᠢᠯ ᠳᠤ ᠲᠣᠬᠢᠷᠠᠭᠤᠯᠤᠯᠲᠠ ᠬᠢᠬᠦ  ᠲᠤᠬᠠᠶ  ᠵᠠᠷᠯᠠᠯ
ᠨᠡᠶᠢᠲᠡᠯᠡᠭᠰᠡᠨ ᠴᠠᠭ᠄
2021/6/4
    ᠥᠪᠡᠷᠲᠡᠭᠡᠨ ᠵᠠᠰᠠᠬᠤ ᠣᠷᠣᠨ ᠤ ᠸᠠᠺᠼᠢᠨ ᠤ ᠲᠠᠷᠢᠯᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠤᠯᠠᠭᠠᠨᠬᠠᠳᠠ ᠬᠤᠲᠠ ᠨᠢᠭᠡᠨᠲᠡ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠤᠯ  ᠤᠨ ᠲᠠᠷᠢᠯᠭ᠎ᠠ ᠶᠢᠨ ᠸᠠᠺᠼᠢᠨ ᠤ ᠠᠩᠬᠠᠨ ᠤ ᠲᠠᠷᠢᠯᠭ᠎ᠠ ᠶᠢᠨ ᠡᠭᠦᠷᠭᠡ ᠪᠠᠨ ᠱᠠᠲᠤᠴᠢ ᠴᠢᠨᠠᠷᠲᠠᠶ ᠪᠡᠶᠡᠯᠡᠭᠦᠯᠦᠭᠰᠡᠨ ᠪᠠᠶᠢᠨ᠎ᠠ ᠃ 2021 ᠤᠨ ᠤ 6 ᠰᠠᠷ᠎ᠠ ᠶᠢᠨ 3 ᠤ ᠡᠳᠦᠷ ᠠᠴᠠ ᠡᠬᠢᠯᠡᠨ ᠬᠤᠶᠠᠳᠤᠭᠠᠷ᠂ ᠭᠤᠷᠪᠠᠳᠤᠭᠠᠷ ᠤᠳᠠᠭ᠎ᠠ ᠶᠢᠨ ᠲᠠᠷᠢᠯᠭ᠎ᠠ ᠶᠢᠨ ᠠᠵᠢᠯ ᠢ ᠵᠠᠯᠭᠠᠭ᠎ᠠ ᠪᠠᠷ ᠥᠷᠨᠢᠭᠦᠯᠦᠨ᠎ᠡ᠂ ᠠᠩᠬᠠᠨ ᠤ ᠲᠠᠷᠢᠯᠭ᠎ᠠ ᠶᠢᠨ ᠠᠵᠢᠯ ᠢ ᠲᠦᠷ ᠬᠢᠬᠦ ᠥᠬᠡᠶ᠂ ᠬᠡᠵᠢᠶ᠎ᠡ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠢ ᠬᠦᠯᠢᠶᠡᠨ᠎ᠡ᠃ ᠥᠷᠭᠡᠨ ᠣᠯᠠᠨ ᠬᠤᠲᠠ ᠶᠢᠨ ᠠᠷᠠᠳ ︽ᠤᠯᠠᠭᠠᠨᠬᠠᠳᠠ ᠶᠢᠨ ᠨᠡᠶᠢᠲᠡᠯᠡᠯ︾᠂ ︽ᠡᠷᠡᠭᠦᠯ ᠮᠡᠨᠳᠦ ᠤᠯᠠᠭᠠᠨᠬᠠᠳᠠ ᠶᠢᠨ ᠬᠤᠷᠳᠤᠨ ᠲᠡᠷᠭᠡ︾᠂ ︽ᠤᠯᠠᠭᠠᠨᠬᠠᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ︾ ᠵᠡᠷᠭᠡ ᠣᠯᠠᠨ ᠨᠡᠶᠢᠲᠡ ᠶᠢᠨ ᠲᠠᠪᠴᠡᠩ ᠢᠶᠠᠷ ᠨᠡᠶᠢᠲᠡᠯᠡᠭᠰᠡᠨ ᠲᠠᠷᠢᠯᠭ᠎ᠠ ᠶᠢᠨ ᠰᠠᠨᠠᠭᠤᠯᠤᠮᠵᠢ ᠶᠢ ᠴᠠᠭ ᠲᠤᠬᠠᠶ ᠳᠤ ᠨᠢ ᠠᠩᠬᠠᠷᠴᠤ᠂ ᠸᠠᠺᠼᠢᠨ ᠤ ᠲᠠᠷᠢᠯᠭ᠎ᠠ ᠶᠢ ᠴᠠᠭ ᠲᠤᠬᠠᠶ  ᠳᠤ ᠨᠢ ᠬᠢᠬᠦ ᠶᠢ ᠬᠦᠰᠡᠵᠦ ᠪᠠᠶᠢᠨ᠎ᠠ᠃                              ᠤᠯᠠᠭᠠᠨᠬᠠᠳᠠ ᠬᠤᠲᠠ ᠶᠢᠨ ᠡᠪᠡᠳᠴᠢᠨ                              ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ                                                                 2021 ᠣᠨ ᠤ 6 ᠰᠠᠷ᠎ᠠ ᠶᠢᠨ 3 ᠤ ᠡᠳᠦᠷ  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号