| | | ︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾ | ︵2020 ᠣᠨ ᠤ 11 ᠰᠠᠷ᠎ᠠ ᠶᠢᠨ 6 ᠤ ᠡᠳᠦᠷ ᠤᠨ ᠤᠯᠠᠭᠠᠨᠬᠠᠳᠠ ᠬᠤᠲᠠ ᠶᠢᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠬᠤᠶᠠᠳᠤᠭᠠᠷ ᠬᠤᠷᠠᠯᠳᠤᠭᠠᠨ ᠢᠶᠠᠷ ᠪᠠᠲᠤᠯᠠᠪᠠ᠃ 2020 ᠣᠨ ᠤ 11 ᠰᠠᠷ᠎ᠠ ᠶᠢᠨ 26 ᠤ ᠡᠳᠦᠷ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ | ᠵᠥᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠠᠷᠠᠳ ᠢᠷᠭᠡᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ | ᠬᠠᠮᠠᠭᠠᠯᠠᠨ ᠰᠠᠢᠵᠢᠷᠠᠭᠤᠯᠵᠤ᠂ ᠣᠷᠣᠰᠢᠨ ᠨᠤᠲᠤᠭᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠢᠷᠠᠮᠳᠠᠬᠤ ᠳᠤᠮᠳᠠᠳᠤ | ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠢᠷᠠᠮᠳᠠᠬᠤ ᠳᠤᠮᠳᠠᠳᠤ | ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ | ᠰᠡᠷᠭᠡᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ | ᠪᠣᠳᠠᠲᠠᠢ ᠲᠠᠢ ᠤᠶᠠᠯᠳᠤᠭᠤᠯᠤᠨ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ | ᠲᠣᠰ ᠳᠦᠷᠢᠮ ᠨᠢ ᠲᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠤᠨ ᠵᠠᠰᠠᠯᠲᠠ ᠶᠢᠨ ᠠᠵᠢᠯᠯᠠᠭ᠎ᠠ ᠳᠤ ᠲᠣᠬᠢᠷᠠᠨ᠎ᠠ᠃ ᠳᠡᠭᠡᠳᠦ ᠳᠡᠰ ᠤᠨ ᠬᠠᠤᠯᠢ ᠳᠤ ᠨᠢᠭᠡᠨᠲᠡ | ᠲᠣᠭᠲᠠᠭᠠᠯ ᠭᠠᠷᠭᠠᠭᠰᠠᠨ ᠪᠠᠶᠢᠪᠠᠯ᠂ ᠤᠤᠯ ᠲᠣᠭᠲᠠᠭᠠᠯ ᠢ ᠵᠢᠷᠤᠮᠯᠠᠨ᠎ᠠ᠃ | ᠭᠤᠷᠪᠠᠳᠤᠭᠠᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ | ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠲᠣᠰᠬᠤᠨ ᠤ ᠠᠷᠠᠳ ᠭᠤᠣᠯ ᠴᠣᠭᠴᠠ ᠪᠣᠯᠬᠤ᠂ ᠨᠡᠶᠢᠭᠡᠮ | ᠳᠠᠶᠠᠭᠠᠷ ᠣᠷᠣᠯᠴᠠᠬᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠲᠥᠯᠥᠪᠵᠢᠭᠦᠯᠭᠡ ᠶᠢ ᠤᠷᠢᠳᠠᠪᠠᠷ | ᠬᠡᠷᠡᠭᠵᠢᠭᠦᠯᠬᠦ᠂ ᠪᠠᠶᠢᠭᠤᠯᠬᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠤᠷᠲᠤ ᠬᠤᠭᠤᠴᠠᠭᠠᠨ ᠤ | ᠪᠦᠲᠦᠮᠵᠢᠲᠡᠢ ᠳᠦᠷᠢᠮ ᠲᠣᠭᠲᠠᠴᠠ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ | ᠠᠵᠤ ᠠᠬᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠵᠠᠰᠠᠭ ᠵᠠᠬᠢᠷᠭᠠᠨ ᠤ ᠣᠷᠣᠨ ᠳᠠᠬᠢ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ᠂ ᠠᠮᠢ | ᠠᠬᠤᠶ ᠶᠢᠨ ᠣᠷᠴᠢᠨ ᠨᠥᠬᠦᠴᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ | ᠪᠡᠯᠴᠢᠭᠡᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠬᠤᠲᠠ ᠶᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ | ᠪᠣᠯᠤᠨ ᠨᠢᠭᠡᠴᠢ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠵᠠᠰᠠᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠤᠨ ᠵᠠᠰᠠᠯᠲᠠ ᠶᠢᠨ ᠪᠣᠳᠠᠲᠠᠶ ᠠᠵᠢᠯ ᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠷᠠᠳ ᠤᠨ | ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠱᠠᠭᠠᠷᠳᠠᠵᠤ ᠪᠠᠶᠢᠭᠠᠳ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ | ᠥᠷᠨᠢᠭᠦᠯᠦᠨ᠎ᠡ᠃ | ᠲᠠᠪᠤᠳᠤᠭᠠᠷ ᠵᠦᠢᠯ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠲᠣᠰᠬᠤᠨ ᠤ ᠳᠦᠷᠢᠮ ᠠᠷᠠᠳ ᠤᠨ | ᠭᠡᠷ᠎ᠡ ᠳᠤ ᠣᠷᠣᠭᠤᠯᠵᠤ᠂ ᠲᠣᠰᠬᠤᠨ ᠤ ᠠᠷᠠᠳ ᠪᠠ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢ ᠵᠣᠬᠢᠶᠠᠨ | ᠪᠠᠶᠢᠭᠤᠯᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ | ᠵᠢᠷᠭᠤᠳᠤᠭᠠᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠨᠥᠬᠦᠪᠥᠷᠢ ᠪᠡᠯᠡ ᠮᠥᠩᠭᠦ ᠶᠢ ᠲᠣᠰ ᠵᠢᠯ ᠤᠨ | ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠠᠯᠠ ᠮᠥᠩᠭᠦ ᠴᠤᠭᠯᠠᠭᠤᠯᠤᠨ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠬᠡᠷᠡᠭᠯᠡᠬᠦ ᠬᠡᠷᠡᠭᠲᠡᠶ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠬᠠᠮᠲᠤ ᠶᠢᠨ ᠠᠵᠤ | ᠠᠬᠤᠶ ᠶᠢᠨ ᠠᠰᠢᠭ ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠤᠨ ᠪᠠᠯᠠ ᠮᠥᠩᠭᠦ ᠭᠠᠷᠭᠠᠨ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠵᠠᠷᠤᠴᠠᠭᠤᠯᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠠᠭᠠᠯᠵᠠᠯ ᠪᠠ ᠤᠷᠮᠠᠰᠢᠭᠤᠯᠤᠨ ᠵᠤᠷᠢᠭᠵᠢᠭᠤᠯᠬᠤ ᠠᠷᠭ᠎ᠠ | ᠬᠡᠮᠵᠢᠶ᠎ᠡ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠵᠠᠰᠠᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠂ | ᠨᠡᠶᠢᠭᠡᠮ ᠤᠨ ᠡᠯ᠎ᠡ ᠡᠲᠡᠭᠡᠳ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠤᠨ ᠵᠠᠰᠠᠯᠲᠠ ᠶᠢᠨ ᠦᠢᠯᠡᠰ ᠲᠤ ᠪᠠᠯᠠ ᠮᠥᠩᠭᠦ ᠪᠠ ᠪᠡᠯᠡᠳᠬᠡᠯ ᠲᠥᠬᠦᠭᠡᠷᠦᠮᠵᠢ ᠬᠠᠨᠳᠢᠪᠯᠠᠬᠤ ᠶᠢ | ᠵᠣᠷᠢᠭᠵᠢᠭᠤᠯᠤᠨ᠎ᠠ᠃ | ᠳᠣᠯᠣᠳᠤᠭᠠᠷ ᠵᠦᠢᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠵᠣᠬᠢᠶᠠᠨ | ᠪᠠᠶᠢᠭᠤᠯᠤᠯᠲᠠ ᠨᠤᠭᠤᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠵᠠᠰᠠᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠮᠠᠯᠴᠢᠨ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ | ᠳᠠᠳᠬᠠᠯ ᠲᠠᠢ ᠪᠣᠯᠭᠠᠬᠤ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠨᠢ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠨᠡᠶᠢᠲᠡ ᠶᠢᠨ ᠠᠰᠠᠷᠠᠮᠵᠢ ᠶᠢᠨ | ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠥᠷᠨᠢᠭᠦᠯᠬᠦ ᠬᠡᠷᠡᠭᠲᠡᠶ᠃ | ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠮᠠᠯᠵᠢᠬᠤ | ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠠᠭᠤᠯᠭ᠎ᠠ ᠳᠤ | ᠣᠷᠣᠭᠤᠯᠬᠤ ᠬᠡᠷᠡᠭᠲᠡᠶ᠃ | ᠬᠤᠶᠠᠳᠤᠭᠠᠷ ᠪᠦᠯᠦᠭ | ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠬᠠᠮᠢᠶᠠᠷᠬᠤ | ᠨᠠᠢᠮᠠᠳᠣᠭᠠᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠰᠦᠪᠯᠡᠨ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠢ ᠥᠭᠡᠷᠡᠴᠢᠯᠡᠬᠦ᠂ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠲᠣᠰᠬᠤᠨ ᠤ ᠳᠦᠷᠰᠦ ᠪᠠᠶᠢᠳᠠᠯ ᠢ | ᠵᠠᠰᠠᠨ ᠰᠠᠶᠢᠵᠢᠷᠠᠭᠤᠯᠬᠤ ᠵᠡᠷᠭᠡ ᠲᠤᠰᠬᠠᠶ ᠲᠦᠯᠦᠪᠯᠡᠭᠡ ᠶᠢ ᠲᠥᠯᠥᠪᠵᠢᠭᠦᠯᠭᠡ ᠳᠤ ᠣᠷᠣᠭᠤᠯᠵᠤ ᠂ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠥᠬᠦᠶ ᠲᠤᠰᠬᠠᠶ | ᠲᠥᠯᠥᠪᠵᠢᠭᠦᠯᠭᠡ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ | ᠵᠣᠬᠢᠴᠠᠭᠤᠯᠵᠤ᠂ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠯᠦᠭᠡ ᠬᠠᠷᠢᠯᠴᠠᠨ ᠵᠣᠯᠭᠠᠭᠤᠯᠬᠤ | ᠬᠡᠷᠡᠭᠲᠡᠶ᠃ | ᠶᠢᠰᠦᠳᠦᠭᠡᠷ ᠵᠦᠢᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠢ ᠵᠠᠰᠠᠬᠤ ᠬᠡᠷᠡᠭᠴᠡᠭᠡ ᠪᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠰᠠᠭᠤᠷᠢ ᠲᠦᠬᠦᠭᠡᠷᠦᠮᠵᠢ ᠶᠢ ᠵᠦᠶ ᠵᠣᠬᠢᠰᠲᠠᠶ ᠪᠠᠶᠢᠷᠢᠰᠢᠭᠤᠯᠤᠨ | ᠪᠠᠶᠢᠭᠤᠯᠬᠤ ᠬᠡᠷᠡᠭᠲᠡᠶ᠃ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ | ᠰᠠᠯᠠᠭ᠎ᠠ ᠮᠥᠴᠢᠷ ᠨᠢ ᠡᠭᠦᠷᠭᠡ ᠲᠤᠰᠢᠶᠠᠯ ᠠᠵᠢᠯ ᠤᠨ ᠬᠤᠪᠢᠶᠠᠷᠢ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢ ᠪᠦᠲᠦᠭᠡᠨ | ᠪᠠᠶᠢᠭᠤᠯᠬᠤ᠂ ᠠᠵᠢᠯᠯᠠᠭᠤᠯᠬᠤ᠂ ᠬᠠᠮᠢᠶᠠᠷᠴᠤ ᠬᠠᠮᠠᠭᠠᠯᠠᠬᠤ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ | ᠪᠠᠶᠢᠴᠠᠭᠠᠨ ᠬᠢᠨᠠᠯᠲᠠ ᠬᠢᠬᠦ ᠬᠡᠷᠡᠭᠲᠡᠶ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ | ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠪᠠ ᠰᠠᠭᠤᠷᠢ ᠲᠦᠬᠦᠭᠡᠷᠦᠮᠵᠢ ᠶᠢᠨ | ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠳᠤᠭᠠᠷ ᠵᠦᠢᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ | ᠪᠠᠶᠢᠭᠤᠯᠬᠤ ᠶᠢᠨ ᠬᠠᠮᠲᠤ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ | ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠪᠠ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ | ᠰᠢᠰᠲ᠋ᠧᠮᠵᠢ ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠬᠠᠮᠠᠭᠠᠯᠠᠬᠤ᠂ ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ ᠶᠢ ᠦᠢᠯᠡᠳᠦᠯᠭᠡᠵᠢᠭᠦᠯᠬᠦ ᠪᠠᠷ ᠪᠣᠯᠪᠠᠰᠤᠨ | ᠬᠡᠷ ᠪᠦᠯᠢ ᠶᠢ ᠰᠢᠯᠭᠠᠷᠠᠭᠤᠯᠬᠤ ᠨᠥᠬᠦᠴᠡᠯ ᠪᠣᠯᠭᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ | ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠲᠠᠢ᠂ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠬᠤᠬᠢᠷᠠᠭᠤᠯᠤᠭᠰᠠᠨ᠂ ᠡᠪᠳᠡᠭᠰᠡᠨ ᠦᠢᠯᠡ ᠠᠵᠢᠯᠯᠠᠭ᠎ᠠ ᠶᠢ ᠢᠳᠬᠠᠨ ᠰᠤᠷᠭᠠᠬᠤ᠂ | ᠬᠤᠷᠢᠭᠯᠠᠨ ᠵᠣᠭᠰᠣᠭᠠᠬᠤ ᠪᠤᠶᠤ ᠢᠯᠡᠴᠢᠯᠡᠨ ᠮᠡᠳᠡᠭᠦᠯᠬᠦ ᠡᠷᠬᠡ ᠲᠠᠢ᠃ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠬᠠᠮᠠᠭᠠᠯᠠᠯᠲᠠ ᠶᠢ ᠡᠪᠳᠡᠭᠰᠡᠨ ᠠᠵᠢᠯᠯᠠᠭ᠎ᠠ ᠶᠢ | ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠤᠨ ᠵᠠᠰᠠᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠬᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠳᠤᠮᠳᠠ ᠢᠯᠡᠳᠲᠡ ᠠᠮᠵᠢᠯᠲᠠ | ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠢ᠃ | ᠭᠤᠷᠪᠠᠳᠤᠭᠠᠷ ᠪᠦᠯᠦᠭ | ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ | ᠠᠷᠪᠠᠨ ᠭᠤᠷᠪᠠᠳᠤᠭᠠᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠴᠤᠭᠯᠠᠭᠤᠯᠬᠤ᠂ ᠰᠢᠯᠵᠢᠭᠦᠯᠦᠨ | ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ ᠪᠠᠶᠢᠭᠤᠯᠵᠤ᠂ ᠬᠤᠭ | ᠨᠣᠪᠰᠢ ᠶᠢ ᠲᠥᠷᠥᠯ ᠬᠤᠪᠢᠶᠠᠬᠤ ᠲᠠᠢ ᠬᠠᠷᠢᠯᠴᠠᠨ ᠵᠣᠯᠭᠠᠭᠤᠯᠤᠭᠰᠠᠨ ᠡᠴᠦᠰ ᠤᠨ ᠰᠢᠢᠳᠪᠦᠷᠢᠯᠡᠬᠦ | ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠠᠴᠠ ᠬᠠᠮᠢᠶᠠᠷᠬᠤ᠂ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠡᠭᠦᠰᠦᠯ ᠠᠴᠠ ᠨᠢ | ᠪᠠᠭᠠᠰᠬᠠᠬᠤ ᠪᠠ ᠲᠤᠬᠠᠶ ᠶᠢᠨ ᠭᠠᠵᠠᠷ ᠲᠤᠨᠢ ᠲᠥᠷᠥᠯ ᠬᠤᠪᠢᠶᠠᠬᠤ ᠶᠢ ᠬᠡᠷᠡᠭᠵᠢᠭᠦᠯᠦᠨ᠂ ᠬᠤᠤᠷ ᠥᠬᠡᠶᠢᠳᠡᠭᠦᠯᠦᠨ | ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠭᠦᠯᠬᠦ ᠬᠡᠷᠡᠭᠲᠡᠶ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠲᠦᠷᠢᠮ ᠲᠣᠭᠲᠠᠭᠠᠯ ᠢ ᠦᠨᠳᠦᠰᠦᠯᠡᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ | ᠵᠢᠯᠣᠭᠤᠳᠬᠤ ᠰᠠᠨᠠᠯ ᠢ ᠲᠣᠭᠲᠠᠭᠠᠬᠤ ᠬᠡᠷᠡᠭᠲᠡᠶ︔ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠬᠠᠢ ᠶᠢᠨ ᠵᠠᠰᠠᠭ | ᠵᠠᠬᠢᠷᠭᠠᠨ ᠤ ᠣᠷᠣᠨ ᠤ ᠪᠠᠨ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠨ ᠰᠢᠢᠳᠪᠦᠷᠢᠯᠡᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | | ᠠᠷᠪᠠᠨ ᠳᠥᠷᠪᠡᠳᠦᠭᠡᠷ ᠵᠦᠢᠯ | ᠬᠡᠨ ᠠᠰᠢᠭ ᠬᠦᠷᠲᠡᠪᠡᠯ ᠲᠡᠷᠡ ᠰᠦᠢᠳᠬᠡᠯ ᠲᠤᠰᠢᠶᠠᠬᠤ ᠵᠠᠷᠴᠢᠮ ᠤᠨ ᠶᠣᠰᠣᠭᠠᠷ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ | ᠲᠣᠰᠬᠤᠨ ᠤ ᠠᠷᠠᠳ ᠤᠨ ᠬᠦᠯᠢᠶᠡᠨ ᠳᠠᠭᠠᠭᠠᠬᠤ ᠴᠢᠳᠠᠪᠤᠷᠢ ᠪᠣᠯᠤᠨ ᠪᠡᠯᠡ ᠮᠥᠩᠭᠦ ᠶᠢᠨ ᠬᠡᠷᠡᠭᠴᠡᠭᠡ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰᠬᠤᠨ ᠤ ᠠᠷᠠᠳ ᠤᠨ ᠬᠤᠷᠠᠯ ᠪᠤᠶᠤ ᠲᠣᠰᠬᠤᠨ ᠤ | ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ᠂ | ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢ ᠬᠤᠭ ᠨᠣᠪᠰᠢ ᠰᠢᠢᠳᠪᠦᠷᠢᠯᠡᠬᠦ ᠰᠦᠢᠳᠬᠡᠯ ᠲᠤᠰᠢᠶᠠᠯᠭᠠᠬᠤ ᠪᠠᠷ | ᠲᠣᠭᠲᠠᠭᠠᠵᠤ ᠪᠣᠯᠤᠨ᠎ᠠ᠃ ᠬᠤᠭ ᠨᠣᠪᠰᠢ ᠰᠢᠢᠳᠪᠦᠷᠢᠯᠡᠬᠦ ᠰᠦᠢᠳᠬᠡᠯ ᠢ ᠠᠮᠢᠳᠤᠷᠠᠯ ᠤᠨ ᠬᠤᠭ ᠨᠣᠪᠰᠢ ᠶᠢ | ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠵᠡᠷᠭᠡ ᠲᠤᠰᠬᠠᠶ ᠵᠦᠢᠯ ᠳᠤ ᠬᠡᠷᠡᠭᠯᠡᠵᠦ᠂ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠢᠯᠡ ᠨᠡᠶᠢᠲᠡᠯᠡᠵᠦ᠂ ᠲᠣᠰᠬᠤᠨ ᠤ ᠠᠷᠠᠳ ᠪᠣᠯᠤᠨ ᠨᠡᠶᠢᠭᠡᠮ ᠤᠨ ᠬᠢᠨ ᠤ | ᠬᠢᠨᠠᠯᠲᠠ ᠶᠢ ᠬᠦᠯᠢᠶᠡᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠳᠤᠤᠷᠠᠬᠢ ᠮᠡᠲᠦ ᠲᠠᠪᠤᠨ | ᠲᠥᠷᠥᠯ ᠳᠤ ᠬᠤᠪᠢᠶᠠᠵᠤ ᠪᠣᠯᠤᠨ᠎ᠠ᠄ ︵ᠨᠢᠭᠡ︶ ᠣᠪᠣᠭᠠᠷᠠᠭᠰᠠᠨ ᠪᠣᠷᠳᠣᠭᠤᠷ ᠬᠤᠭ ᠨᠣᠪᠰᠢ᠂ ᠬᠤᠭᠤᠯᠠᠨ | ᠭᠡᠷ ᠤᠨ ᠬᠤᠭ ᠨᠣᠪᠰᠢ᠂ ᠢᠳᠡᠰᠢᠨ ᠨᠣᠭᠤᠭ᠎ᠠ ᠭᠤᠸ᠎ᠠ ᠵᠢᠮᠢᠰ ᠤᠨ ᠬᠤᠭ ᠨᠣᠪᠰᠢ᠂ ᠰᠢᠨ᠎ᠡ ᠰᠣᠷᠭᠤᠭ | ᠤᠷᠭᠤᠮᠠᠯ ᠤᠨ ᠡᠰᠢ ᠨᠠᠪᠴᠢ ᠵᠡᠷᠭᠡ ᠶᠢ ᠪᠠᠭᠲᠠᠭᠠᠨ᠎ᠠ᠃ ︵ᠬᠤᠶᠠᠷ︶ ᠲᠦᠯᠡᠰᠢᠨ ᠬᠤᠭ ᠨᠣᠪᠰᠢ᠂ | ᠡᠭᠦᠨ ᠳᠤ ᠡᠷᠳᠡᠨᠢ ᠰᠢᠰᠢ ᠶᠢᠨ ᠭᠤᠣᠯ᠂ ᠬᠠᠲᠠᠭᠰᠠᠨ ᠤᠷᠭᠤᠮᠠᠯ ᠤᠨ ᠡᠰᠢ ᠨᠠᠪᠴᠢ᠂ ᠬᠠᠶᠠᠭᠳᠠᠮᠠᠯ ᠮᠣᠳᠣᠨ | ᠮᠠᠲ᠋ᠧᠷᠢᠶᠠᠯ ᠵᠡᠷᠭᠡ ᠪᠠᠭᠲᠠᠨ᠎ᠠ᠃ ︵ᠭᠤᠷᠪᠠ︶ ᠨᠦᠬᠡ ᠳᠠᠶᠢᠯᠠᠬᠤ ᠬᠤᠭ ᠨᠣᠪᠰᠢ ᠳᠤ ᠦᠨᠡᠰᠦ ᠰᠢᠷᠣᠶ᠂ | ᠨᠡᠭᠦᠷᠡᠰᠦᠨ ᠰᠢᠭᠠᠷᠤ᠂ ᠦᠯᠡᠳᠡᠭᠳᠡᠯ ᠰᠢᠷᠣᠶ᠂ ᠬᠠᠶᠠᠭᠳᠠᠮᠠᠯ ᠪᠠᠷᠢᠯᠭ᠎ᠠ ᠶᠢᠨ ᠲᠣᠭᠤᠰᠬ᠎ᠠ ᠸᠠᠭᠠᠷ ᠴᠢᠯᠠᠭᠤ ᠵᠡᠷᠭᠡ | ᠪᠠᠭᠲᠠᠨ᠎ᠠ᠃ ︵ᠳᠥᠷᠪᠡ︶ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠳᠤ ᠬᠠᠶᠠᠭᠳᠠᠮᠠᠯ ᠴᠠᠭᠠᠰᠤ᠂ | ᠬᠠᠶᠠᠭᠳᠠᠮᠠᠯ ᠰᠦᠯᠢᠶᠣᠣ᠂ ᠬᠠᠶᠠᠭᠳᠠᠮᠠᠯ ᠲᠡᠮᠦᠷᠯᠢᠭ᠂ ᠬᠠᠶᠠᠭᠳᠠᠮᠠᠯ ᠪᠤᠭᠤᠳᠠᠯ ᠪᠠᠭᠯᠠᠭ᠎ᠠ ᠯᠣᠩᠬᠤ ᠰᠠᠪᠠ᠂ | ᠬᠠᠶᠠᠭᠳᠠᠮᠠᠯ ᠬᠠᠭᠤᠴᠢᠨ ᠨᠡᠬᠡᠮᠡᠯ ᠡᠳ᠋᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠳ᠋ᠷᠣᠨ ᠦᠢᠯᠡᠳᠬᠦᠨ᠂ | ᠬᠠᠶᠠᠭᠳᠠᠮᠠᠯ ᠰᠢᠯ ᠪᠣᠯᠤᠨ ᠬᠠᠶᠠᠭᠳᠠᠮᠠᠯ ᠴᠠᠭᠠᠰᠤ ᠰᠦᠯᠢᠶᠣᠣ ᠬᠥᠩᠭᠡᠨ ᠴᠠᠭᠠᠨ ᠤ ᠨᠡᠶᠢᠯᠡᠮᠡᠯ ᠪᠣᠭᠤᠳᠠᠯ ᠵᠡᠷᠭᠡ | ᠪᠠᠭᠲᠠᠨ᠎ᠠ᠃ ︵ᠲᠠᠪᠤ︶ ᠬᠤᠣᠷᠲᠠᠢ ᠬᠤᠭ ᠨᠣᠪᠰᠢ ᠳᠤ ᠬᠠᠶᠠᠭᠳᠠᠮᠠᠯ ᠳ᠋ᠢᠶᠠᠨ ᡂᠢ᠂ ᠬᠠᠶᠠᠭᠳᠠᠮᠠᠯ ᠴᠡᠭᠡᠨ | ᠬᠡᠷᠡᠯ ᠤᠨ ᠳ᠋ᠧᠩ ᠤᠨ ᠬᠤᠭᠤᠯᠠᠶ᠂ ᠬᠠᠶᠠᠭᠳᠠᠮᠠᠯ ᠳᠤᠯᠠᠭᠠᠨ ᠤ ᠬᠡᠮᠵᠢᠭᠦᠷ᠂ ᠬᠠᠶᠠᠭᠳᠠᠮᠠᠯ ᠴᠢᠰᠤᠨ ᠳᠠᠷᠤᠯᠲᠠ ᠶᠢᠨ | ᠬᠡᠮᠵᠢᠭᠦᠷ᠂ ᠬᠠᠶᠠᠭᠳᠠᠮᠠᠯ ᠡᠮ ᠤᠨ ᠵᠦᠢᠯ ᠵᠢᠴᠢ ᠯᠣᠩᠬᠤ ᠰᠠᠪᠠ᠂ ᠬᠠᠶᠠᠭᠳᠠᠮᠠᠯ ᠰᠢᠷ ᠪᠣᠯᠤᠨ ᠠᠭᠤᠰᠬᠠᠭᠴᠢ ᠵᠢᠴᠢ | ᠪᠣᠭᠤᠳᠠᠯ ᠰᠠᠪᠠ᠂ ᠬᠠᠶᠠᠭᠳᠠᠮᠠᠯ ᠬᠤᠷᠣᠬᠠᠶ ᠠᠯᠠᠬᠤ ᠰᠦᠷᠴᠢᠭᠦᠷ ᠪᠣᠯᠤᠨ ᠠᠷᠢᠭᠤᠳᠬᠠᠬᠤ ᠰᠦᠷᠴᠢᠭᠦᠷ ᠵᠢᠴᠢ | ᠪᠣᠭᠤᠳᠠᠯ ᠰᠠᠪᠠ ᠂ ᠬᠠᠶᠠᠭᠳᠠᠮᠠᠯ ᠢᠯᠳᠠᠰᠤ ᠵᠢᠴᠢ ᠬᠠᠶᠠᠭᠳᠠᠮᠠᠯ ᠬᠡᠷᠡᠯ ᠵᠢᠷᠤᠭ ᠤᠨ ᠴᠠᠭᠠᠰᠤ᠂ | ᠬᠤᠭᠤᠴᠠᠭᠠᠨ ᠠᠴᠠ ᠪᠠᠨ ᠬᠡᠲᠦᠷᠡᠭᠰᠡᠨ ᠭᠤᠶᠤᠯᠠᠯ ᠤᠨ ᠡᠳ᠋ ᠪᠣᠯᠤᠨ ᠭᠡᠵᠢᠭᠡᠨ ᠤ ᠪᠤᠳᠤᠭ ᠵᠡᠷᠭᠡ ᠶᠢ ᠪᠠᠭᠲᠠᠭᠠᠨ᠎ᠠ᠃ | | ᠠᠷᠪᠠᠨ ᠵᠢᠷᠭᠤᠳᠤᠭᠠᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠠᠷᠢᠯᠭᠠᠨ ᠴᠡᠪᠡᠷᠯᠡᠬᠦ᠂ ᠲᠥᠷᠥᠯ | ᠬᠤᠪᠢᠶᠠᠬᠤ ᠠᠵᠢᠯ ᠳᠤ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ ᠬᠠᠷᠢᠭᠤᠴᠠᠭᠴᠢ ᠨᠢ ᠬᠠᠷᠢᠭᠤᠴᠠᠭᠰᠠᠨ | ᠣᠷᠣᠨ ᠤ ᠪᠠᠨ ᠬᠡᠪᠴᠢᠶᠡᠨ ᠳᠠᠬᠢ ᠬᠤᠭ ᠨᠣᠪᠰᠢ ᠶᠢ ᠠᠷᠢᠯᠭᠠᠨ ᠴᠡᠪᠡᠷᠯᠡᠬᠦ ᠪᠠ ᠲᠥᠷᠥᠯ ᠬᠤᠪᠢᠶᠠᠬᠤ ᠶᠢ | ᠬᠠᠷᠢᠭᠤᠴᠠᠨ᠎ᠠ᠄ ︵ᠨᠢᠭᠡ︶ ᠮᠠᠯᠴᠢᠨ ᠲᠠᠷᠢᠶᠠᠴᠢᠳ ᠤᠨ ᠰᠠᠭᠤᠵᠤ ᠪᠠᠶᠢᠭ᠎ᠠ ᠭᠡᠷ ᠵᠢᠴᠢ ᠬᠦᠷᠢᠶ᠎ᠡ | ᠬᠠᠰᠢᠶᠠᠨ ᠤ ᠡᠷᠭᠢᠨ ᠲᠣᠭᠤᠷᠢᠨ ᠤ ᠬᠠᠷᠢᠭᠤᠴᠠᠯᠭᠠᠲᠠᠨ ᠨᠢ ᠲᠤᠬᠠᠢ ᠶᠢᠨ ᠰᠠᠭᠤᠭᠠᠯᠢ ᠢᠷᠭᠡᠨ ᠪᠤᠶᠤ ᠲᠤᠬᠠᠢ ᠶᠢᠨ | ᠬᠡᠷᠡᠭᠯᠡᠭᠴᠢ ᠪᠣᠯᠤᠨ᠎ᠠ᠃ ︵ᠬᠤᠶᠠᠷ︶ ᠭᠠᠴᠠᠭ᠎ᠠ ᠲᠣᠰᠬᠤᠨ ᠤ ᠬᠡᠪᠴᠢᠶᠡᠨ ᠳᠣᠲᠣᠷᠠᠬᠢ ᠵᠠᠮ᠂ ᠭᠤᠤᠯ ᠤᠨ | ᠵᠠᠮ᠂ ᠭᠤᠤ ᠰᠤᠪᠠᠭ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠣᠯᠠᠨ ᠨᠡᠶᠢᠲᠡ ᠶᠢᠨ ᠭᠠᠵᠠᠷ ᠤᠨ | ᠬᠠᠷᠢᠭᠤᠴᠠᠯᠭᠠᠲᠠᠨ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ | ᠪᠣᠯᠤᠨ᠎ᠠ᠃ ︵ᠭᠤᠷᠪᠠ︶ ᠴᠤᠭᠯᠠᠭ᠎ᠠ ᠮᠠᠶᠢᠮᠠᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ | ᠬᠠᠷᠢᠭᠤᠴᠠᠯᠭᠠᠲᠠᠨ ᠨᠢ ᠬᠠᠮᠢᠶᠠᠷᠤᠭᠴᠢ ᠪᠣᠯᠤᠨ᠎ᠠ᠃ ︵ᠲᠦᠷᠪᠡ︶ ᠳᠡᠯᠭᠡᠭᠦᠷ᠂ ᠵᠤᠭᠠᠴᠠᠯ ᠤᠨ ᠭᠠᠵᠠᠷ᠂ | ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ᠡᠵᠡᠩᠨᠡᠯᠲᠡ ᠶᠢᠨ ᠲᠠᠯᠠᠪᠤᠷ ᠤᠨ ᠡᠵᠡᠩᠨᠡᠭᠴᠢ ᠨᠢ ᠬᠠᠷᠢᠭᠤᠴᠠᠯᠭᠠᠲᠠᠨ | ᠮᠥᠨ᠃ ︵ᠲᠠᠪᠤ︶ ᠴᠡᠴᠡᠷᠯᠢᠭ᠂ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠣᠯᠠᠨ | ᠨᠡᠶᠢᠲᠡ ᠶᠢᠨ ᠲᠠᠯᠠᠪᠤᠷ ᠤᠨ ᠬᠠᠮᠢᠶᠠᠷᠤᠭᠴᠢ ᠨᠢ ᠬᠠᠷᠢᠭᠤᠴᠠᠯᠭᠠᠲᠠᠨ ᠮᠥᠨ᠃ ︵ᠵᠢᠷᠭᠤᠭ᠎ᠠ︶ ᠪᠠᠶᠢᠭᠤᠯᠭ᠎ᠠ | ᠨᠢᠭᠡᠴᠢ ᠶᠢᠨ ᠠᠵᠢᠯ ᠤᠨ ᠭᠠᠵᠠᠷ ᠪᠠ ᠦᠢᠯᠡᠳᠪᠦᠷᠢ ᠶᠢᠨ ᠭᠠᠵᠠᠷ ᠪᠣᠯ ᠨᠢᠭᠡᠴᠢ ᠨᠢ ᠬᠠᠷᠢᠭᠤᠴᠠᠯᠭᠠᠲᠠᠨ ᠪᠣᠯᠤᠨ᠎ᠠ᠃ | ︵ᠲᠤᠯᠤᠭ᠎ᠠ︶ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠪᠠᠷᠢᠯᠭ᠎ᠠ ᠪᠠᠷᠢᠬᠤ ᠨᠢᠭᠡᠴᠢ ᠨᠢ | ᠬᠠᠷᠢᠭᠤᠴᠠᠯᠭᠠᠲᠠᠨ ᠮᠦᠨ᠃ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠬᠠᠷᠢᠭᠤᠴᠠᠯᠭ᠎ᠠ ᠡᠭᠦᠷᠭᠡᠯᠡᠭᠴᠢ ᠶᠢ | ᠲᠣᠭᠲᠠᠭᠠᠵᠤ ᠳᠡᠶᠢᠯᠬᠦ ᠦᠭᠡᠶ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠣᠭᠲᠠᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠳᠤᠤᠷᠠᠬᠢ ᠱᠠᠭᠠᠷᠳᠠᠯᠭ᠎ᠠ ᠶᠣᠰᠣᠭᠠᠷ | ᠲᠥᠷᠥᠯ ᠬᠤᠪᠢᠶᠠᠨ ᠲᠠᠯᠪᠢᠵᠤ᠂ ᠲᠥᠷᠥᠯ ᠬᠤᠪᠢᠶᠠᠨ ᠴᠤᠭᠯᠠᠭᠤᠯᠵᠤ᠂ ᠲᠥᠷᠥᠯ ᠬᠤᠪᠢᠶᠠᠨ ᠰᠢᠢᠳᠪᠦᠷᠢᠯᠡᠨ᠎ᠡ᠄ | ︵ᠨᠢᠭᠡ︶ ᠪᠤᠷᠳᠤᠭᠤᠷ ᠢᠶᠠᠷ ᠬᠡᠷᠡᠭᠯᠡᠵᠦ ᠪᠤᠯᠬᠤ ᠬᠤᠭ ᠨᠣᠪᠰᠢ ᠶᠢ ᠬᠤᠪᠢ ᠡᠷᠤᠭᠡ ᠶᠢᠨ ᠬᠦᠷᠢᠶ᠎ᠡ | ᠬᠠᠰᠢᠶᠠᠨ ᠳᠠᠭᠠᠨ ᠪᠠᠶᠢᠭᠤᠯᠤᠭᠰᠠᠨ ᠪᠤᠷᠳᠤᠭᠤᠷ ᠣᠪᠣᠭᠠᠯᠠᠬᠤ ᠲᠠᠲᠠᠭᠠᠯ ᠳᠤ ᠬᠠᠶᠠᠬᠤ ᠪᠤᠶᠤ ᠭᠠᠴᠠᠭ᠎ᠠ | ᠳᠤᠭᠤᠶᠢᠯᠠᠩ ᠤᠨ ᠲᠥᠪᠯᠡᠷᠡᠭᠰᠡᠨ ᠪᠤᠷᠳᠤᠭᠤᠷ ᠣᠪᠣᠭᠠᠯᠠᠬᠤ ᠲᠠᠲᠠᠭᠠᠯ ᠳᠤ ᠬᠠᠶᠠᠵᠤ᠂ ᠪᠣᠷᠳᠤᠭᠤᠷ ᠪᠣᠯᠭᠠᠵᠤ | ᠲᠠᠷᠢᠶᠠᠨ ᠳᠤ ᠬᠢᠨ᠎ᠡ᠃ ︵ᠬᠤᠶᠠᠷ︶ ᠲᠦᠯᠡᠵᠦ ᠪᠤᠯᠬᠤ ᠬᠤᠭ ᠨᠣᠪᠰᠢ ᠶᠢ ᠲᠣᠭᠲᠠᠭᠰᠠᠨ ᠭᠠᠵᠠᠷ ᠲᠤ | ᠬᠠᠳᠠᠭᠠᠯᠠᠵᠤ᠂ ᠠᠮᠢᠳᠤᠷᠠᠯ ᠤᠨ ᠲᠦᠯᠡᠰᠢ ᠪᠣᠯᠭᠠᠬᠤ ᠳᠤ ᠬᠡᠷᠡᠭᠯᠡᠬᠦ ᠬᠡᠷᠡᠭᠲᠡᠢ᠃ ︵ᠭᠤᠷᠪᠠ︶ ᠨᠥᠬᠡ | ᠳᠠᠶᠢᠯᠠᠬᠤ ᠬᠤᠭ ᠨᠣᠪᠰᠢ ᠶᠢ ᠭᠠᠴᠠᠭ᠎ᠠ ᠳᠤᠭᠤᠶᠢᠯᠠᠩ ᠤᠨ ᠲᠤᠭᠲᠠᠭᠠᠭᠰᠠᠨ ᠭᠠᠵᠠᠷ ᠲᠤ ᠵᠥᠭᠡᠭᠡᠪᠦᠷᠢᠯᠡᠨ ᠠᠪᠠᠴᠢᠵᠤ | ᠂ ᠵᠠᠮ ᠳᠡᠪᠢᠰᠴᠦ ᠨᠦᠭᠡ ᠪᠦᠭᠯᠡᠵᠦ ᠲᠡᠭᠰᠢᠯᠡᠬᠦ ᠳᠤ ᠬᠡᠷᠡᠭᠯᠡᠬᠦ ᠬᠡᠷᠡᠭᠲᠡᠢ᠃ ︵ᠳᠥᠷᠪᠡ︶ ᠡᠭᠡᠭᠦᠯᠦᠨ | ᠬᠤᠷᠢᠶᠠᠵᠤ ᠪᠣᠯᠬᠤ ᠬᠤᠭ ᠨᠣᠪᠰᠢ ᠶᠢ ᠦᠪᠡᠷᠲᠡᠭᠡᠨ ᠬᠤᠳᠠᠯᠳᠣᠬᠤ ᠪᠤᠶᠤ ᠵᠣᠬᠢᠰᠲᠠᠢ ᠬᠤᠭ ᠨᠣᠪᠰᠢ ᠬᠤᠷᠢᠶᠠᠨ | ᠴᠤᠭᠯᠠᠭᠤᠯᠬᠤ ᠰᠠᠪᠠ ᠳᠤ ᠬᠢᠵᠦ᠂ ᠴᠡᠪᠡᠷᠯᠡᠭᠴᠢ ᠬᠤᠷᠢᠶᠠᠨ ᠴᠤᠭᠯᠠᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ | ᠡᠭᠡᠭᠦᠯᠦᠨ ᠬᠤᠷᠢᠶᠠᠵᠤ ᠠᠰᠢᠭᠯᠠᠨ᠎ᠠ᠃ ︵ᠲᠠᠪᠤ︶ ᠬᠤᠣᠷᠲᠠᠢ ᠬᠤᠭ ᠨᠣᠪᠰᠢ ᠶᠢ ᠲᠣᠬᠢᠲᠠᠢ ᠬᠠᠳᠠᠭᠠᠯᠠᠵᠤ᠂ | ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠤᠰᠬᠠᠢ ᠠᠵᠢᠯ ᠤᠨ ᠨᠢᠭᠡᠴᠢ ᠳᠤ ᠨᠠᠶᠢᠳᠠᠵᠤ ᠲᠤᠰᠠᠭᠠᠷ ᠬᠤᠷᠢᠶᠠᠨ | ᠲᠡᠭᠡᠭᠡᠪᠦᠷᠢᠯᠡᠵᠦ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠠᠮᠢᠶ᠎ᠠ ᠪᠦᠬᠦᠢ ᠭᠠᠵᠠᠷ ᠲᠤ ᠠᠪᠠᠴᠢᠨ | ᠰᠢᠢᠳᠪᠦᠷᠢᠯᠡᠬᠦ ᠬᠡᠷᠡᠭᠲᠡᠢ᠃ ᠬᠤᠪᠢ ᠬᠤᠷᠠᠮᠳᠤᠭᠤᠯᠵᠤ ᠱᠠᠩᠨᠠᠯ ᠣᠯᠭᠤᠬᠤ᠂ ᠣᠳᠣᠨ ᠲᠠᠰ ᠤᠨ ᠦᠨᠡᠯᠡᠨ | ᠲᠣᠭᠲᠠᠭᠠᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ᠂ ᠲᠣᠰᠬᠤᠨ ᠳᠤ ᠰᠠᠭᠤᠭ᠎ᠠ | ᠨᠢᠭᠡᠴᠢ ᠵᠡᠷᠭᠡ ᠶᠢᠨ ᠠᠮᠢᠳᠤᠷᠠᠯ ᠤᠨ ᠬᠤᠭ ᠨᠣᠪᠰᠢ ᠪᠠᠨ ᠲᠥᠷᠥᠯ ᠬᠤᠪᠢᠶᠠᠨ ᠪᠠᠭᠠᠰᠬᠠᠬᠤ ᠶᠢ ᠵᠣᠷᠢᠭᠵᠢᠭᠤᠯᠤᠨ᠎ᠠ᠃ | | ᠠᠷᠪᠠᠨ ᠨᠠᠢᠮᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ ᠲᠡᠭᠡᠭᠡᠪᠦᠷᠢᠯᠡᠵᠦ᠂ ᠲᠡᠭᠡᠭᠡᠪᠦᠷᠢᠯᠡᠬᠦ ᠶᠠᠪᠤᠴᠠ ᠳᠤ ᠨᠢᠭᠲᠠ | ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠶᠠᠬᠤ᠂ ᠬᠡᠶᠢᠰᠬᠡᠬᠦ᠂ ᠣᠷᠬᠢᠭᠳᠠᠭᠤᠯᠬᠤ ᠶᠢ ᠰᠡᠷᠭᠡᠶᠢᠯᠡᠨ | ᠬᠤᠷᠢᠭᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠡᠳ᠋ ᠪᠣᠳᠠᠰ ᠪᠤᠶᠤ ᠳᠠᠬᠢᠨ | ᠠᠰᠢᠭᠯᠠᠬᠤ ᠡᠬᠢ ᠪᠠᠶᠠᠯᠢᠭ ᠢ ᠲᠥᠪᠯᠡᠷᠡᠭᠦᠯᠦᠨ ᠡᠭᠡᠭᠦᠯᠦᠨ ᠬᠤᠷᠢᠶᠠᠬᠤ ᠴᠡᠭ ᠭᠠᠷᠭᠠᠵᠤ᠂ ᠳᠠᠬᠢᠨ ᠠᠰᠢᠭᠯᠠᠬᠤ ᠡᠬᠢ | ᠪᠠᠶᠠᠯᠢᠭ ᠯᠤᠭ᠎ᠠ ᠵᠣᠬᠢᠴᠠᠯᠳᠤᠭᠰᠠᠨ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠪᠠᠶᠢᠭᠤᠯᠬᠤ ᠶᠢ ᠬᠥᠲᠥᠯᠦᠨ | ᠵᠢᠯᠣᠭᠤᠳᠬᠤ ᠬᠡᠷᠡᠭᠲᠡᠶ᠃ | ᠬᠤᠷᠢᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠲᠠᠷᠢᠶᠠᠯᠠᠬᠤ ᠮᠠᠯᠵᠢᠬᠤ ᠣᠷᠣᠨ ᠤ ᠬᠤᠭ ᠨᠣᠪᠰᠢ | ᠣᠪᠣᠭᠠᠯᠠᠬᠤ ᠲᠤᠰᠬᠠᠢ ᠪᠤᠰᠤ ᠴᠡᠭ ᠢ ᠲᠣᠭᠲᠠᠮᠠᠯ ᠬᠤᠭᠤᠴᠠᠭ᠎ᠠ ᠲᠠᠢ ᠪᠠᠷ ᠳᠠᠷᠤᠨ ᠪᠠᠶᠢᠴᠠᠭᠠᠬᠤ ᠪᠠ ᠴᠡᠭᠴᠡᠯᠡᠨ | ᠵᠠᠰᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠳᠣᠣᠷᠠᠬᠢ ᠮᠡᠲᠦ ᠥᠢᠯᠡ | ᠠᠵᠢᠯᠯᠠᠭ᠎ᠠ ᠶᠢ ᠬᠢᠵᠦ ᠪᠣᠯᠬᠤ ᠥᠭᠡᠢ᠄ ︵ᠨᠢᠭᠡ︶ ᠲᠣᠭᠲᠠᠭᠰᠠᠨ ᠭᠠᠵᠠᠷ ᠲᠤ ᠲᠦᠷᠦᠯ ᠬᠤᠪᠢᠶᠠᠨ ᠬᠤᠭ | ᠨᠣᠪᠰᠢ ᠬᠠᠶᠠᠭᠰᠠᠨ ᠦᠭᠡᠢ᠃ ︵ᠬᠤᠶᠠᠷ︶ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠬᠤ᠂ ᠬᠠᠶᠠᠬᠤ᠂ | ᠴᠢᠳᠬᠤᠬᠤ᠂ ᠪᠤᠯᠠᠬᠤ ᠪᠤᠶᠤ ᠰᠢᠲᠠᠭᠠᠬᠤ᠃ ︵ᠭᠤᠷᠪᠠ︶ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠶᠢ | ᠬᠠᠶᠠᠬᠤ᠂ ᠬᠡᠶᠢᠰᠬᠡᠬᠦ᠂ ᠭᠡᠭᠡᠭᠳᠡᠭᠦᠯᠬᠦ᠃ ︵ᠲᠦᠷᠪᠡ︶ ᠬᠤᠭ ᠨᠣᠪᠰᠢ ᠴᠤᠭᠯᠠᠭᠤᠯᠬᠤ᠂ ᠲᠡᠭᠡᠭᠡᠪᠦᠷᠢᠯᠡᠬᠦ | ᠲᠦᠬᠦᠭᠡᠷᠦᠮᠵᠢ ᠪᠣᠯᠤᠨ ᠲᠠᠯᠠᠪᠤᠷ ᠢ ᠡᠪᠳᠡᠵᠦ ᠰᠦᠢᠳᠬᠡᠭᠰᠡᠨ᠂ ᠡᠵᠡᠯᠡᠭᠰᠡᠨ ᠪᠤᠶᠤ ᠬᠤᠭ ᠨᠣᠪᠰᠢ ᠰᠢᠢᠳᠪᠦᠷᠢᠯᠡᠬᠦ | ᠲᠦᠬᠦᠭᠡᠷᠦᠮᠵᠢ ᠪᠣᠯᠤᠨ ᠲᠠᠯᠠᠪᠤᠷ ᠢ ᠳᠤᠷ᠎ᠠ ᠪᠠᠷ ᠢᠶᠠᠨ ᠬᠠᠭᠠᠭᠰᠠᠨ᠂ ᠰᠤᠯᠠ ᠣᠷᠬᠢᠭᠰᠠᠨ᠂ ᠡᠪᠳᠡᠵᠦ ᠨᠤᠷᠠᠭᠠᠭᠰᠠᠨ᠃ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ᠃ | ᠳᠥᠷᠪᠡᠳᠦᠭᠡᠷ ᠪᠦᠯᠦᠭ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠬᠤᠷᠢᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠷᠣᠨ ᠪᠠᠶᠢᠷᠢ ᠶᠢᠨ ᠨᠥᠬᠦᠴᠡᠯ᠂ ᠠᠶᠢᠯ | ᠲᠣᠰᠬᠤᠨ ᠤ ᠬᠥᠮᠦᠨ ᠠᠮᠠ ᠶᠢᠨ ᠲᠥᠪᠯᠡᠷᠡᠭᠰᠡᠨ ᠬᠡᠮᠵᠢᠶ᠎ᠡ᠂ ᠪᠣᠬᠢᠷ ᠤᠰᠤ ᠭᠠᠷᠬᠤ ᠬᠡᠪᠴᠢᠶ᠎ᠡ ᠶᠢ ᠦᠨᠳᠦᠰᠦᠯᠡᠨ᠂ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ | ᠲᠣᠭᠲᠠᠭᠠᠬᠤ ᠬᠡᠷᠡᠭᠲᠡᠶ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠨᠡᠯᠢᠶᠡᠳ | ᠣᠶᠢᠷ᠎ᠠ ᠪᠠᠶᠢᠭ᠎ᠠ ᠠᠶᠢᠯ ᠲᠣᠰᠬᠤᠨ ᠨᠢ ᠠᠮᠢᠳᠤᠷᠠᠯ ᠤᠨ ᠪᠣᠬᠢᠷ ᠤᠰᠤ ᠪᠠᠨ ᠬᠤᠲᠠ ᠪᠠᠯᠭᠠᠰᠤᠨ ᠤ ᠪᠣᠬᠢᠷ ᠤᠰᠤᠨ ᠤ | ᠬᠤᠭᠤᠯᠠᠶ ᠶᠢᠨ ᠲᠤᠤᠷ ᠲᠤ ᠤᠷᠤᠰᠬᠠᠨ ᠤᠷᠤᠭᠤᠯᠵᠤ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠶ᠃ ᠬᠤᠲᠠ | ᠪᠠᠯᠭᠠᠰᠤ ᠠᠴᠠ ᠨᠡᠯᠢᠶᠡᠳ ᠬᠤᠯᠠ᠂ ᠬᠥᠮᠦᠨ ᠠᠮᠠ ᠨᠢᠭᠲᠠ᠂ ᠨᠢᠭᠡᠨᠲᠡ ᠪᠣᠬᠢᠷ ᠤᠰᠤᠨ ᠤ ᠬᠤᠭᠤᠯᠠᠶ ᠶᠢᠨ ᠲᠣᠣᠷ | ᠭᠠᠷᠭᠠᠭᠰᠠᠨ ᠠᠶᠢᠯ ᠲᠣᠰᠬᠤᠨ ᠨᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠪᠠᠶᠢᠭᠤᠯᠵᠤ | ᠰᠢᠢᠳᠪᠦᠷᠢᠯᠡᠬᠦ ᠬᠡᠷᠡᠭᠲᠡᠶ᠃ ᠭᠠᠵᠠᠷ ᠤᠨ ᠪᠠᠶᠢᠴᠠ ᠨᠢ ᠪᠤᠳᠤᠯᠢᠶᠠᠨᠲᠠᠶ᠂ ᠬᠥᠮᠦᠨ ᠠᠮᠠ ᠨᠡᠯᠢᠶᠡᠳ ᠴᠥᠭᠡᠨ᠂ ᠲᠠᠷᠠᠬᠠᠶ | ᠪᠤᠲᠠᠷᠬᠠᠶ ᠰᠠᠭᠤᠷᠢᠰᠢᠵᠤ ᠪᠠᠶᠢᠭ᠎ᠠ ᠠᠶᠢᠯ ᠲᠣᠰᠬᠤᠨ ᠨᠢ ᠡᠷᠦᠬᠡ ᠳᠤ ᠬᠡᠷᠡᠭᠯᠡᠬᠦ ᠪᠣᠬᠢᠷ ᠤᠰᠤ ᠶᠢ ᠰᠢᠢᠳᠪᠦᠷᠢᠯᠡᠬᠦ | ᠲᠦᠬᠦᠭᠡᠷᠦᠮᠵᠢ ᠶᠢ ᠬᠡᠷᠡᠭᠯᠡᠨ ᠰᠢᠢᠳᠪᠦᠷᠢᠯᠡᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠳᠤ | ᠤᠰᠤᠨ ᠤ ᠴᠢᠨᠠᠷ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠭᠠᠳᠠᠭᠰᠢᠯᠠᠭᠤᠯᠬᠤ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠤᠰᠤᠨ ᠤ ᠣᠷᠴᠢᠨ | ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠳᠤ ᠣᠷᠣᠭᠤᠯᠵᠤ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ | ᠪᠠᠶᠢᠭᠠᠳ ᠪᠣᠬᠢᠷ ᠦᠮᠡᠬᠡᠶ ᠤᠰᠤᠨ ᠴᠣᠭᠴᠠ ᠶᠢ ᠠᠷᠢᠯᠭᠠᠨ᠂ ᠤᠰᠤᠨ ᠤ ᠠᠮᠢ ᠠᠬᠤᠶ ᠶᠢ ᠰᠡᠷᠭᠦᠭᠡᠬᠦ ᠪᠠ | ᠬᠠᠮᠠᠭᠠᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ | ᠶᠠᠮᠠᠷᠪᠠ ᠨᠢᠭᠡᠴᠢ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ | ᠦᠭᠡᠢ᠄ ︵ᠨᠢᠭᠡ︶ ᠤᠯᠠᠨ ᠨᠡᠶᠢᠲᠡ ᠶᠢᠨ ᠲᠠᠯᠠᠪᠤᠷ᠂ ᠠᠶᠢᠯ ᠲᠣᠰᠬᠤᠨ ᠵᠡᠭᠡᠯᠢ ᠭᠤᠳᠤᠮᠵᠢ᠂ ᠭᠤᠣᠯ ᠤᠨ | ᠤᠷᠤᠰᠬᠠᠯ ᠳᠤ ᠠᠮᠢᠳᠤᠷᠠᠯ ᠤᠨ ᠪᠣᠬᠢᠷ ᠤᠰᠤ ᠴᠢᠳᠬᠤᠬᠤ ︵ᠬᠤᠶᠠᠷ︶ ᠤᠰᠤ ᠨᠡᠪᠴᠢᠭᠦᠯᠬᠦ ᠬᠤᠳᠳᠤᠭ᠂ | ᠤᠰᠤ ᠨᠡᠪᠴᠢᠭᠦᠯᠬᠦ ᠨᠦᠬᠡ ᠵᠡᠷᠭᠡ ᠪᠠᠷ ᠳᠠᠮᠵᠢᠭᠤᠯᠤᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ︵ | ᠭᠤᠷᠪᠠ︶ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠲᠣᠣᠷ᠂ ᠰᠢᠢᠳᠪᠦᠷᠢᠯᠡᠬᠦ ᠲᠦᠬᠦᠭᠡᠷᠦᠮᠵᠢ ᠶᠢ ᠨᠢ ᠡᠪᠳᠡᠵᠦ | ᠰᠦᠢᠳᠬᠡᠭᠡᠳ᠂ ᠲᠡᠭᠦᠨ ᠳᠤ ᠬᠤᠭ ᠨᠣᠪᠰᠢ᠂ ᠬᠠᠶᠠᠭᠳᠠᠮᠠᠯ ᠰᠢᠷᠣᠶ᠂ ᠪᠠᠷᠢᠯᠭ᠎ᠠ ᠶᠢᠨ ᠠᠵᠢᠯ ᠤᠨ ᠬᠠᠶᠠᠭᠳᠠᠭᠰᠠᠨ | ᠰᠢᠪᠠᠷ ᠵᠡᠷᠭᠡ ᠬᠠᠶᠠᠭᠳᠠᠮᠠᠯ ᠵᠶᠠᠨ ᠴᠢᠳᠬᠤᠬᠤ ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ | ᠲᠠᠪᠤᠳᠤᠭᠠᠷ ᠪᠦᠯᠦᠭ ᠵᠣᠷᠯᠣᠩ ᠢ ᠥᠭᠡᠷᠡᠴᠢᠯᠡᠬᠦ ᠪᠠ ᠪᠠᠶᠢᠭᠤᠯᠬᠤ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠣᠷᠣᠨ ᠤ ᠪᠠᠨ ᠭᠠᠵᠠᠷ ᠵᠦᠶ ᠶᠢᠨ | ᠣᠷᠴᠢᠨ ᠲᠣᠭᠤᠷᠢᠨ᠂ ᠠᠭᠤᠷ ᠠᠮᠢᠰᠬᠤᠯ ᠤᠨ ᠣᠨᠴᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠᠨ ᠦᠨᠳᠦᠰᠦᠯᠡᠨ᠂ ᠲᠥᠬᠦᠮ᠂ ᠬᠡᠷᠡᠭᠯᠡᠵᠦ ᠪᠤᠯᠬᠤ᠂ | ᠥᠪᠡᠷ ᠤᠨ ᠥᠷᠲᠡᠭ ᠨᠢ ᠲᠣᠬᠢᠷᠠᠮᠵᠢᠲᠠᠶ᠂ ᠮᠡᠷᠭᠡᠵᠢᠯ ᠨᠢ ᠪᠣᠯᠪᠠᠰᠤᠷᠠᠩᠭᠤᠶ᠂ ᠣᠯᠠᠨ ᠲᠦᠮᠡᠨ ᠭᠥᠯᠢᠶᠡᠨ ᠠᠪᠴᠤ | ᠳᠡᠶᠢᠯᠬᠦ ᠵᠣᠷᠯᠣᠩ ᠤᠨ ᠥᠭᠡᠷᠡᠴᠢᠯᠡᠯᠲᠡ ᠶᠢᠨ ᠵᠠᠭᠪᠤᠷ ᠢ ᠰᠣᠩᠭᠤᠵᠤ᠂ ᠡᠷᠦᠬᠡ ᠳᠤ ᠬᠡᠷᠡᠭᠯᠡᠬᠦ ᠵᠣᠷᠯᠣᠩ ᠢ | ᠲᠦᠭᠡᠮᠡᠯᠵᠢᠭᠦᠯᠦᠨ ᠳᠡᠯᠭᠡᠷᠡᠭᠦᠯᠬᠦ ᠬᠡᠷᠡᠭᠲᠡᠶ᠃ ᠡᠷᠦᠬᠡ ᠳᠤ ᠬᠡᠷᠡᠭᠯᠡᠬᠦ ᠵᠣᠷᠯᠣᠩ ᠢ ᠪᠠᠶᠢᠭᠤᠯᠵᠤ ᠳᠠᠭᠤᠰᠤᠭᠰᠠᠨ ᠤ | ᠳᠠᠷᠠᠭ᠎ᠠ᠂ ᠤᠤᠯ ᠤᠨ ᠪᠠᠶᠢᠭᠰᠠᠨ ᠵᠣᠷᠯᠣᠩ ᠢ ᠨᠢ ᠨᠤᠷᠠᠭᠠᠵᠤ ᠬᠠᠶᠠᠬᠤ ᠬᠡᠷᠡᠭᠲᠡᠶ᠃ ᠲᠠᠷᠢᠶᠠᠯᠠᠬᠤ ᠮᠠᠯᠵᠢᠬᠤ | ᠣᠷᠣᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠡᠷᠦᠬᠡ ᠳᠤ ᠬᠡᠷᠡᠭᠯᠡᠬᠦ ᠵᠣᠷᠯᠣᠩ ᠢ ᠵᠡᠷᠭᠡ ᠳᠤᠨᠢ ᠢᠵᠢ | ᠪᠦᠷᠢᠳᠦᠭᠦᠯᠦᠨ ᠪᠠᠶᠢᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠠᠷᠢᠭᠤᠨ ᠴᠡᠪᠡᠷ ᠤᠨ ᠪᠠᠷᠢᠮᠵᠢᠶ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ | ᠨᠡᠶᠢᠲᠡ ᠶᠢᠨ ᠵᠣᠷᠯᠣᠩ ᠪᠣᠯᠤᠨ ᠵᠢᠭᠤᠯᠴᠢᠯᠠᠯ ᠤᠨ ᠵᠣᠷᠯᠣᠩ ᠢ ᠵᠦᠶ ᠵᠣᠬᠢᠰᠲᠠᠶ ᠪᠠᠶᠢᠷᠢᠰᠢᠭᠤᠯᠤᠨ ᠪᠠᠶᠢᠭᠤᠯᠬᠤ | ᠬᠡᠷᠡᠭᠲᠡᠶ᠃ ᠨᠥᠬᠦᠴᠡᠯ ᠲᠠᠢ ᠠᠶᠢᠯ ᠲᠣᠰᠬᠤᠨ ᠨᠢ ᠤᠰᠤ ᠪᠠᠷ ᠵᠠᠶᠢᠯᠠᠬᠤ ᠨᠡᠶᠢᠲᠡ ᠶᠢᠨ ᠵᠣᠷᠯᠣᠩ ᠪᠠᠶᠢᠭᠤᠯᠬᠤ | ᠬᠡᠷᠡᠭᠲᠡᠶ᠃ | ᠬᠤᠷᠢᠨ ᠨᠠᠢᠮᠠᠳᠤᠭᠠᠷ ᠵᠦᠢᠯ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠳ ᠵᠣᠷᠯᠣᠩ ᠢ ᠦᠭᠡᠷᠡᠴᠢᠯᠡᠨ ᠪᠠᠶᠢᠭᠤᠯᠬᠤ ᠪᠠ ᠪᠠᠷᠢᠯᠭ᠎ᠠ ᠪᠠᠶᠢᠭᠤᠯᠬᠤ ᠠᠵᠢᠯ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠵᠣᠷᠯᠣᠩ ᠢ ᠬᠠᠮᠢᠶᠠᠷᠴᠤ | ᠬᠠᠮᠠᠭᠠᠯᠠᠬᠤ ᠲᠣᠭᠲᠠᠴᠠ ᠪᠣᠯᠤᠨ ᠰᠡᠯᠪᠢᠨ ᠵᠠᠰᠠᠬᠤ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠬᠡᠷᠡᠭᠲᠡᠶ᠃ | ᠬᠤᠷᠢ ᠶᠢᠰᠦᠳᠦᠭᠡᠷ ᠵᠦᠢᠯ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠰᠢᠰᠲ᠋ᠧᠮᠵᠢ ᠪᠠᠶᠢᠭᠤᠯᠬᠤ ᠶᠢ ᠬᠥᠲᠥᠯᠦᠨ | ᠵᠢᠯᠣᠭᠤᠳᠴᠤ᠂ ᠵᠣᠷᠯᠣᠩ ᠤᠨ ᠪᠠᠭᠠᠰᠤ ᠰᠢᠭᠡᠰᠦ ᠶᠢ ᠴᠤᠭᠯᠠᠭᠤᠯᠤᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠬᠤ ᠬᠡᠷᠡᠭᠲᠡᠶ᠃ | ᠵᠢᠷᠭᠤᠳᠤᠭᠠᠷ ᠪᠦᠯᠦᠭ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠯ ᠡᠳ᠋ ᠤᠨ ᠵᠠᠰᠠᠯᠲᠠ | ᠭᠤᠴᠢᠳᠤᠭᠠᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠮᠤ ᠪᠤᠳᠠᠭ᠎ᠠ᠂ | ᠢᠳᠡᠰᠢᠨ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ ᠵᠡᠷᠭᠡ ᠲᠠᠷᠢᠮᠠᠯ ᠤᠨ ᠡᠰᠢ ᠰᠦᠷᠡᠯ ᠢ ᠴᠤᠭᠯᠠᠭᠤᠯᠬᠤ᠂ | ᠲᠡᠭᠡᠭᠡᠪᠦᠷᠢᠯᠡᠬᠦ᠂ ᠬᠠᠳᠠᠭᠠᠯᠠᠬᠤ ᠪᠠ ᠠᠰᠢᠭᠯᠠᠬᠤ ᠶᠢ ᠨᠢᠭᠡ ᠴᠣᠭᠴᠠᠵᠢᠭᠤᠯᠬᠤ ᠰᠢᠰᠲ᠋ᠧᠮᠵᠢ ᠪᠠᠶᠢᠭᠤᠯᠬᠤ ᠶᠢ | ᠬᠥᠲᠥᠯᠥᠨ ᠵᠢᠯᠣᠭᠤᠳᠴᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠠᠪᠤᠳᠠᠯ ᠤᠨ ᠬᠡᠪᠴᠢᠶᠡᠵᠢᠭᠰᠡᠨ᠂ ᠠᠵᠤ | ᠦᠢᠯᠡᠰᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ | ᠲᠠᠷᠢᠶᠠᠯᠠᠩ ᠮᠠᠯ ᠠᠵᠤ ᠠᠬᠤᠶ ᠳᠤ ᠣᠷᠣᠭᠤᠯᠬᠤ ᠡᠳ᠋ ᠤᠨ ᠦᠢᠯᠡᠳᠪᠦᠷᠢᠯᠡᠭᠴᠢ᠂ ᠪᠣᠷᠣᠯᠠᠭᠤᠯᠤᠭᠴᠢ | ᠪᠣᠯᠤᠨ ᠬᠡᠷᠡᠭᠯᠡᠭᠴᠢ ᠨᠢ ᠲᠠᠷᠢᠶᠠᠨ ᠡᠮ᠂ ᠪᠣᠷᠲᠣᠭᠤᠷ ᠵᠡᠷᠭᠡ ᠲᠠᠷᠢᠶᠠᠯᠠᠩ ᠮᠠᠯ ᠠᠵᠤ ᠠᠬᠤᠶ ᠳᠤ ᠣᠷᠣᠭᠤᠯᠬᠤ | ᠡᠳ᠋ ᠤᠨ ᠪᠣᠭᠤᠳᠠᠯ ᠪᠠᠭᠯᠠᠭ᠎ᠠ᠂ ᠯᠣᠩᠬᠤ ᠰᠠᠪᠠ ᠶᠢᠨ ᠬᠠᠶᠠᠭᠳᠠᠯ ᠪᠣᠯᠤᠨ ᠲᠠᠷᠢᠶᠠᠯᠠᠩ ᠳᠤ ᠬᠡᠷᠡᠭᠯᠡᠬᠦ ᠨᠢᠮᠭᠡᠨ | ᠰᠦᠯᠢᠶᠣᠣ ᠪᠦᠷᠬᠦᠪᠴᠢ᠂ ᠤᠰᠤᠯᠠᠯᠲᠠ ᠶᠢᠨ ᠬᠤᠭᠤᠯᠠᠶ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ | ᠤᠷᠭᠤᠭᠤᠯᠬᠤ ᠤᠭᠤᠲᠠ ᠵᠡᠷᠭᠡ ᠶᠢ ᠴᠠᠭ ᠲᠤᠬᠠᠶ ᠳᠤᠨᠢ ᠬᠤᠷᠢᠶᠠᠨ ᠠᠪᠬᠤ ᠶᠢᠨ ᠬᠠᠮᠲᠤ᠂ ᠲᠠᠷᠢᠶᠠᠨ ᠡᠮ ᠤᠨ | ᠯᠣᠩᠬᠤ ᠰᠠᠪᠠ ᠶᠢᠨ ᠬᠠᠶᠠᠭᠳᠠᠮᠠᠯ ᠢ ᠲᠤᠰᠬᠠᠶ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠳᠤ ᠲᠤᠰᠢᠶᠠᠨ | ᠬᠤᠤᠷ ᠥᠬᠡᠶᠢᠳᠡᠭᠦᠯᠦᠨ ᠰᠢᠢᠳᠪᠦᠷᠢᠯᠡᠭᠦᠯᠬᠦ ᠬᠡᠷᠡᠭᠲᠡᠶ᠃ ᠬᠤᠲᠠ᠂ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠯᠠᠩ ᠳᠤ ᠬᠡᠷᠡᠭᠯᠡᠭᠰᠡᠨ ᠨᠢᠮᠭᠡᠨ ᠰᠦᠯᠢᠶᠣᠣ ᠪᠦᠷᠬᠦᠪᠴᠢ᠂ | ᠤᠰᠤᠯᠠᠯᠲᠠ ᠶᠢᠨ ᠬᠤᠭᠤᠯᠠᠶ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ | ᠲᠠᠷᠢᠶᠠᠯᠠᠩ ᠮᠠᠯ ᠠᠵᠤ ᠠᠬᠤᠶ ᠳᠤ ᠣᠷᠣᠭᠤᠯᠤᠭᠰᠠᠨ ᠡᠳ᠋ ᠤᠨ ᠬᠠᠶᠠᠭᠳᠠᠮᠠᠯ ᠢ ᠡᠭᠡᠭᠦᠯᠦᠨ ᠬᠤᠷᠢᠶᠠᠵᠤ ᠠᠰᠢᠭᠯᠠᠬᠤ | ᠰᠢᠰᠲ᠋ᠧᠮᠵᠢ ᠪᠠᠶᠢᠭᠤᠯᠬᠤ ᠶᠢ ᠬᠥᠲᠥᠯᠥᠨ ᠵᠢᠯᠣᠭᠤᠳᠬᠤ ᠬᠡᠷᠡᠭᠲᠡᠶ ᠃ | ᠭᠤᠴᠢᠨ ᠬᠤᠶᠠᠳᠤᠭᠠᠷ ᠵᠦᠢᠯ | ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ ᠪᠠ ᠬᠤᠪᠢ ᠬᠥᠮᠦᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯ ᠵᠢᠭᠦᠷᠲᠡᠨ ᠤ ᠢᠯᠭᠠᠳᠠᠰᠤ ᠪᠠ ᠡᠪᠡᠳᠴᠢᠨ ᠢᠶᠠᠷ ᠦᠬᠦᠭᠰᠡᠨ ᠮᠠᠯ | ᠵᠢᠭᠦᠷᠲᠡᠨ ᠢ ᠰᠢᠢᠳᠪᠦᠷᠢᠯᠡᠵᠦ᠂ ᠣᠷᠴᠢᠨ ᠠᠬᠤᠢ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃ ᠮᠠᠯ | ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠨᠤᠭᠤᠳ ᠮᠠᠯ ᠵᠢᠭᠦᠷᠲᠡᠨ ᠤ ᠢᠯᠭᠠᠳᠠᠰᠤ ᠶᠢ | ᠰᠢᠢᠳᠪᠦᠷᠢᠯᠡᠬᠦ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ | ᠪᠠ ᠡᠬᠢ ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ | ᠪᠤᠷᠳᠤᠭᠤᠷ ᠣᠪᠣᠭᠠᠯᠠᠵᠤ ᠲᠠᠷᠢᠶᠠᠨ ᠳᠤ ᠣᠷᠣᠭᠤᠯᠬᠤ᠂ ᠣᠷᠭᠠᠨᠢᠭ ᠪᠤᠷᠳᠤᠭᠤᠷ ᠦᠢᠯᠡᠳᠬᠦ ᠵᠡᠷᠭᠡ ᠠᠷᠭ᠎ᠠ | ᠮᠠᠶ᠋ᠢᠭ ᠢᠶᠠᠷ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠨᠥᠬᠦᠴᠡᠯ ᠲᠠᠢ ᠠᠶᠢᠯ ᠲᠣᠰᠬᠤᠨ ᠨᠢ ᠲᠥᠪᠯᠡᠷᠡᠭᠦᠯᠦᠨ ᠪᠣᠷᠳᠣᠭᠤᠷ | ᠣᠪᠣᠭᠠᠯᠠᠬᠤ ᠲᠠᠲᠠᠭᠠᠯ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠵᠦ ᠪᠣᠯᠤᠨ᠎ᠠ᠃ | | ᠭᠤᠴᠢᠨ ᠭᠤᠷᠪᠠᠳᠤᠭᠠᠷ ᠵᠦᠢᠯ | ᠶᠠᠮᠠᠷᠪᠠ ᠨᠢᠭᠡᠴᠢ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ | ᠦᠭᠡᠢ᠄ ︵ᠨᠢᠭᠡ︶ ᠡᠰᠢ ᠰᠦᠷᠡᠯ ᠢ ᠢᠯᠡ ᠪᠠᠷ ᠰᠢᠲᠠᠭᠠᠬᠤ ︵ᠬᠤᠶᠠᠷ︶ ᠠᠶᠢᠯ ᠲᠣᠰᠬᠤᠨ ᠤ | ᠵᠠᠮ ᠤᠨ ᠬᠤᠶᠠᠷ ᠲᠠᠯ᠎ᠠ ᠳᠤ ᠡᠰᠢ ᠰᠦᠷᠡᠯ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠣᠪᠣᠭᠠᠯᠠᠵᠤ ᠲᠠᠯᠪᠢᠬᠤ | ︵ᠭᠤᠷᠪᠠ︶ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠬᠤ᠂ ᠪᠤᠯᠠᠬᠤ᠂ ᠰᠢᠲᠠᠭᠠᠬᠤ | ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ | ᠳᠣᠯᠣᠳᠤᠭᠠᠷ ᠪᠦᠯᠦᠭ ᠲᠣᠰᠬᠤᠨ ᠤ ᠳᠦᠷᠰᠦ ᠪᠠᠶᠢᠳᠠᠯ ᠤᠨ ᠵᠠᠰᠠᠯᠲᠠ | ᠭᠤᠴᠢᠨ ᠳᠥᠷᠪᠡᠳᠦᠭᠡᠷ ᠵᠦᠢᠯ | ᠭᠠᠴᠠᠭ᠎ᠠ ᠲᠣᠰᠬᠤᠨ ᠴᠡᠪᠡᠷ ᠲᠡᠭᠰᠢ ᠪᠠᠶᠢᠬᠤ ᠬᠡᠷᠡᠭᠲᠡᠢ᠃ ᠵᠠᠮ ᠢ ᠰᠠᠶᠢᠲᠤᠷ ᠵᠠᠰᠠᠨ ᠬᠠᠮᠠᠭᠠᠯᠠᠵᠤ᠂ | ᠵᠠᠮ ᠤᠨ ᠭᠠᠳᠠᠷᠭᠤ ᠲᠡᠭᠰᠢ ᠳᠠᠷᠳᠠᠩ ᠪᠠᠶᠢᠬᠤ ᠶᠢ ᠪᠠᠲᠤᠯᠠᠬᠤ ᠬᠡᠷᠡᠭᠲᠡᠶ᠃ ᠭᠡᠷ ᠪᠠᠷᠢᠯᠭ᠎ᠠ ᠶᠢᠨ ᠬᠡᠷᠡᠮ᠂ ᠳᠡᠭᠡᠪᠦᠷ ᠨᠢ | ᠪᠦᠷᠢᠨ ᠪᠦᠲᠦᠨ᠂ ᠬᠡᠷᠡᠮ ᠬᠠᠨ᠎ᠠ ᠨᠢ ᠠᠷᠢᠭᠤᠨ ᠴᠡᠪᠡᠷ ᠪᠠᠶᠢᠬᠤ ᠬᠡᠷᠡᠭᠲᠡᠢ᠃ ᠭᠡᠷ ᠤᠨ ᠭᠠᠳᠠᠨᠠᠬᠢ ᠵᠠᠷ ᠮᠡᠳᠡᠭᠡ᠂ | ᠬᠤᠳᠠᠯᠳᠤᠭᠠᠨ ᠤ ᠫᠠᠶᠢᠰᠠ᠂ ᠲᠡᠮᠳᠡᠭ ᠫᠠᠶᠢᠰᠠ ᠢ ᠠᠮᠤᠷ ᠲᠦᠪᠰᠢᠨ ᠪᠠᠲᠤ ᠪᠠᠬᠢ ᠪᠠᠶᠢᠯᠭᠠᠨ᠂ ᠵᠢᠷᠤᠭ ᠪᠢᠴᠢᠭ ᠨᠢ | ᠲᠣᠳᠣᠷᠬᠠᠶ᠂ ᠪᠦᠷᠢᠨ ᠪᠦᠲᠦᠨ ᠪᠠᠶᠢᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ | ᠴᠤᠭᠯᠠᠭ᠎ᠠ ᠮᠠᠶᠢᠮᠠᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠣᠷᠴᠢᠨ ᠠᠬᠤᠢ ᠶᠢᠨ | ᠡᠷᠡᠭᠦᠯ ᠬᠠᠮᠠᠭᠠᠯᠠᠯ ᠤᠨ ᠢᠵᠢ ᠪᠦᠷᠢᠳᠦᠬᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠭ ᠨᠣᠪᠰᠢ ᠶᠢ | ᠬᠤᠷᠢᠶᠠᠨ ᠴᠤᠭᠯᠠᠭᠤᠯᠬᠤ ᠰᠠᠪᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠲᠠᠯᠠᠪᠤᠷ ᠵᠢᠴᠢ ᠡᠷᠬᠢᠨ ᠲᠣᠭᠤᠷᠢᠨ ᠤ | ᠣᠷᠴᠢᠨ ᠠᠬᠤᠢ ᠶᠢᠨ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ | ᠮᠠᠯᠵᠢᠬᠤ ᠲᠠᠷᠢᠶᠠᠯᠠᠬᠤ ᠣᠷᠣᠨ ᠤ ᠭᠤᠤᠯ ᠵᠠᠮ ᠤᠨ ᠬᠤᠶᠠᠷ ᠬᠠᠵᠠᠭᠤ ᠶᠢᠨ ᠬᠤᠭᠤᠯᠠ ᠤᠮᠳᠠᠭᠠᠨ | ᠬᠤᠨᠤᠭ ᠪᠠᠭᠤᠳᠠᠯ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠲᠠᠯᠠᠪᠤᠷ ᠤᠨ ᠭᠠᠳᠠᠨᠠᠬᠢ ᠡᠳ᠋ ᠪᠣᠳᠠᠰ ᠢ ᠵᠢᠭᠳᠡ ᠡᠮᠬᠢ | ᠵᠢᠷᠤᠮ ᠲᠠᠢ ᠲᠠᠯᠪᠢᠵᠤ᠂ ᠠᠶᠢᠯ ᠲᠤᠰᠬᠤᠨ ᠤ ᠴᠡᠪᠡᠷ ᠲᠡᠭᠰᠢ ᠪᠠᠶᠢᠳᠠᠯ ᠪᠠ ᠵᠠᠮ ᠤᠨ ᠰᠠᠭᠠᠳ ᠥᠬᠡᠶ ᠨᠡᠪᠲᠡᠷᠡᠬᠦ ᠶᠢ | ᠨᠥᠯᠥᠭᠡᠯᠡᠵᠦ ᠪᠣᠯᠬᠤ ᠥᠬᠡᠶ᠃ | ᠭᠤᠴᠢᠨ ᠳᠣᠯᠣᠳᠤᠭᠠᠷ ᠵᠦᠢᠯ | ᠲᠠᠷᠢᠶᠠᠯᠠᠬᠤ ᠮᠠᠯᠵᠢᠬᠤ ᠣᠷᠣᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠦᠬᠦᠭᠡᠷᠦᠮᠵᠢ ᠶᠢᠨ | ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠶ᠃ ᠨᠥᠬᠦᠴᠡᠯ ᠲᠠᠢ ᠠᠶᠢᠯ ᠲᠣᠰᠬᠤᠨ ᠨᠢ ᠮᠠᠯ ᠵᠢᠭᠦᠷᠲᠡᠨ | ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠠᠮᠢᠳᠤᠷᠠᠯ ᠤᠨ ᠲᠣᠭᠤᠷᠢᠭ ᠠᠴᠠ ᠰᠠᠯᠭᠠᠨ ᠪᠠᠶᠢᠷᠢᠯᠠᠭᠤᠯᠪᠠᠯ | ᠵᠤᠬᠢᠨ᠎ᠠ᠃ ᠭᠤᠣᠯ ᠤᠨ ᠤᠷᠤᠰᠬᠠᠯ ᠤᠨ ᠬᠠᠮᠢᠶᠠᠷᠤᠯᠲᠠ ᠶᠢᠨ ᠬᠡᠪᠴᠢᠶ᠎ᠡ᠂ ᠤᠰᠤᠨ ᠰᠤᠷᠪᠤᠯᠵᠢ ᠶᠢᠨ ᠭᠠᠵᠠᠷ ᠤᠨ | ᠬᠠᠮᠠᠭᠠᠯᠠᠯᠲᠠ ᠶᠢᠨ ᠣᠷᠣᠨ᠂ ᠬᠥᠳᠡᠭᠡ ᠲᠣᠰᠬᠤᠨ᠂ ᠠᠶᠢᠯ ᠠᠶᠢᠮᠠᠭ ᠤᠨ ᠳᠤᠮᠳᠠᠬᠢ ᠵᠠᠮ ᠤᠨ ᠬᠤᠶᠠᠷ ᠬᠠᠵᠠᠭᠤ ᠳᠤ | ᠮᠠᠯ ᠵᠢᠭᠦᠷᠲᠡᠨ ᠲᠡᠵᠢᠭᠡᠨ ᠦᠷᠡᠵᠢᠭᠦᠯᠬᠦ ᠫᠧᠩ ᠰᠠᠷᠠᠪᠴᠢ ᠪᠠᠷᠢᠬᠤ ᠪᠤᠶᠤ ᠮᠠᠯ ᠵᠢᠭᠦᠷᠲᠡᠨ ᠢ ᠰᠤᠯᠠ ᠲᠡᠵᠢᠭᠡᠵᠦ | ᠪᠣᠯᠬᠤ ᠥᠭᠡᠢ᠃ ᠠᠶᠢᠯ ᠲᠣᠰᠬᠤᠨ ᠤ ᠵᠠᠮ ᠢᠶᠠᠷ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠢᠯᠭᠠᠳᠠᠰᠤ ᠶᠢ | ᠲᠡᠭᠡᠭᠡᠪᠦᠷᠢᠯᠡᠬᠦ ᠳᠡᠭᠡᠨ ᠰᠠᠶᠢᠲᠤᠷ ᠠᠷᠭ᠎ᠠ ᠬᠡᠮᠵᠢᠶ᠎ᠡ ᠠᠪᠴᠤ ᠠᠰᠬᠠᠵᠤ ᠭᠤᠭᠤᠵᠢᠬᠤ ᠶᠢ ᠰᠡᠷᠭᠡᠶᠢᠯᠡᠬᠦ ᠬᠡᠷᠡᠭᠲᠠᠢ᠃ | ᠬᠡᠷᠪᠡ ᠠᠰᠬᠠᠵᠤ ᠭᠤᠭᠤᠵᠢᠭᠰᠠᠨ ᠪᠠᠶᠢᠪᠠᠯ ᠳᠠᠷᠦ᠋ᠢᠬᠠᠨ ᠴᠡᠪᠡᠷᠯᠡᠵᠦ ᠠᠷᠢᠯᠭᠠᠬᠤ ᠬᠡᠷᠡᠭᠲᠡᠶ᠃ | ᠭᠤᠴᠢᠨ ᠨᠠᠢᠮᠠᠳᠣᠭᠠᠷ ᠵᠦᠢᠯ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠨᠢ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠶᠢᠯ ᠲᠣᠰᠬᠤᠨ ᠤ ᠮᠣᠳᠣ ᠲᠠᠷᠢᠵᠤ ᠨᠣᠭᠤᠭᠠᠷᠠᠭᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠯ ᠲᠣᠰᠬᠤᠨ ᠤ ᠣᠷᠴᠢᠨ ᠲᠣᠭᠤᠷᠢᠨ ᠢ | ᠭᠤᠶᠤᠵᠢᠭᠤᠯᠬᠤ ᠬᠡᠷᠡᠭᠲᠡᠢ᠃ | ᠭᠤᠴᠢ ᠶᠢᠰᠦᠳᠦᠭᠡᠷ ᠵᠦᠢᠯ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠭᠤᠶᠤ ᠰᠠᠶᠢᠬᠠᠨ ᠬᠦᠷᠢᠶ᠎ᠡ ᠬᠠᠰᠢᠶ᠎ᠠ ᠵᠡᠷᠭᠡ | ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠪᠠ ᠵᠣᠷᠢᠭᠵᠢᠭᠤᠯᠵᠤ᠂ ᠮᠠᠯᠴᠢᠨ ᠲᠠᠷᠢᠶᠠᠴᠢᠳ ᠢ ᠬᠥᠲᠥᠯᠥᠨ | ᠵᠢᠯᠣᠭᠤᠳᠴᠤ ᠦᠵᠡᠰᠬᠦᠯᠡᠩᠲᠦ ᠰᠠᠶᠢᠬᠠᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠪᠣᠯᠪᠠᠰᠤᠨ ᠨᠤᠲᠤᠭ ᠤᠨ ᠰᠤᠷᠲᠠᠯ ᠢ ᠪᠦᠷᠢᠯᠳᠦᠭᠦᠯᠬᠦ ᠬᠡᠷᠡᠭᠲᠠᠢ᠃ | ᠨᠠᠢᠮᠠᠳᠤᠭᠠᠷ ᠪᠦᠯᠦᠭ | ᠬᠠᠤᠯᠢ ᠶᠢᠨ ᠬᠠᠷᠢᠭᠤᠴᠠᠯᠭ᠎ᠠ | ᠳᠥᠴᠢᠳᠦᠭᠡᠷ ᠵᠦᠢᠯ | ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠠᠴᠠ | ᠵᠥᠷᠢᠴᠡᠨ᠂ ᠵᠢᠭᠠᠨ ᠲᠣᠭᠲᠠᠭᠠᠭᠰᠠᠨ ᠭᠠᠵᠠᠷ ᠲᠤ ᠲᠥᠷᠥᠯ ᠬᠤᠪᠢᠶᠠᠨ ᠬᠤᠭ ᠨᠣᠪᠰᠢ ᠬᠠᠶᠠᠭᠰᠠᠨ ᠦᠭᠡᠶ ᠪᠣᠯ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠤᠯᠤᠭᠰᠠᠨ | ᠪᠠᠶᠢᠭᠤᠯᠭ᠎ᠠ ᠨᠢᠭᠡᠴᠢ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ᠂ ᠬᠤᠪᠢ ᠬᠥᠮᠦᠨ ᠢ 20 ᠲᠥᠭᠦᠷᠢᠭ ᠠᠴᠠ ᠳᠡᠭᠡᠭᠰᠢ 100 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ | ᠳᠥᠴᠢᠨ ᠨᠢᠭᠡᠳᠦᠭᠡᠷ ᠵᠦᠢᠯ | ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠠᠴᠠ | ᠵᠥᠷᠢᠴᠡᠨ᠂ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ᠂ ᠠᠰᠬᠠᠭᠰᠠᠨ᠂ ᠴᠢᠳᠬᠤᠭᠰᠠᠨ᠂ | ᠪᠤᠯᠠᠭᠰᠠᠨ ᠪᠤᠶᠤ ᠰᠢᠲᠠᠭᠠᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠶᠢ 5 | ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ ᠬᠤᠪᠢ | ᠬᠥᠮᠦᠨ ᠢ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | | ᠳᠥᠴᠢᠨ ᠬᠤᠶᠠᠳᠤᠭᠠᠷ ᠵᠦᠢᠯ | ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠠᠴᠠ | ᠵᠥᠷᠢᠴᠡᠨ᠂ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠬᠠᠶᠠᠭᠰᠠᠨ᠂ ᠰᠠᠴᠤᠭᠰᠠᠨ ᠂ ᠭᠡᠭᠡᠵᠦ | ᠣᠷᠬᠢᠭᠳᠠᠭᠤᠯᠤᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠶᠢ ᠪᠣᠯ 5 | ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ ᠬᠤᠪᠢ | ᠬᠥᠮᠦᠨ ᠢ ᠪᠣᠯ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | | ᠳᠥᠴᠢᠨ ᠭᠤᠷᠪᠠᠳᠤᠭᠠᠷ ᠵᠦᠢᠯ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠳᠥᠷᠪᠡᠳᠦᠭᠡᠷ | ᠵᠤᠷᠪᠤᠰ ᠤᠨ ᠲᠣᠭᠲᠠᠭᠠᠯ ᠠᠴᠠ ᠵᠥᠷᠢᠴᠡᠨ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ | ᠴᠤᠭᠯᠠᠭᠤᠯᠬᠤ᠂ ᠲᠡᠭᠡᠭᠡᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ ᠡᠪᠳᠡᠬᠦ ᠪᠤᠶᠤ ᠡᠵᠡᠯᠡᠭᠰᠡᠨ ᠪᠣᠯ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠪᠣᠯ 1000 ᠲᠥᠭᠦᠷᠢᠭ ᠠᠴᠠ ᠳᠡᠭᠡᠭᠰᠢ 5000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ | 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠡᠷᠪᠡ ᠬᠤᠬᠢᠷᠠᠯ ᠤᠴᠠᠷᠠᠭᠤᠯᠤᠭᠰᠠᠨ ᠪᠠᠶᠢᠪᠠᠯ | ᠬᠠᠤᠯᠢ ᠶᠣᠰᠣᠭᠠᠷ ᠲᠥᠯᠥᠪᠦᠷᠢ ᠠᠪᠤᠨ᠎ᠠ᠃ | ᠲᠣᠰ ᠲᠦᠷᠢᠮ ᠤᠨ ᠬᠤᠷᠢᠨ ᠨᠢᠭᠡᠳᠦᠭᠡᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ | ᠵᠥᠷᠢᠴᠡᠵᠦ ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ | ᠪᠠ ᠲᠠᠯᠠᠪᠤᠷ ᠢ ᠳᠤᠷ᠎ᠠ ᠪᠠᠷ ᠢᠶᠠᠨ ᠬᠠᠭᠠᠭᠰᠠᠨ᠂ ᠰᠤᠯᠠ ᠣᠷᠬᠢᠭᠰᠠᠨ᠂ ᠨᠤᠷᠠᠭᠠᠭᠰᠠᠨ ᠪᠠᠶᠢᠪᠠᠯ᠂ ᠬᠤᠲᠠ᠂ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 10 | ᠲᠦᠮᠡᠨ ᠲᠥᠭᠦᠷᠢᠭ ᠠᠴᠠ ᠳᠡᠭᠡᠭᠰᠢ 100 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠳᠥᠷᠪᠡᠳᠦᠭᠡᠷ ᠵᠦᠢᠯ | ᠲᠣᠰ ᠳᠦᠷᠢᠮ ᠤᠨ ᠬᠤᠷᠢᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ | ᠵᠥᠷᠢᠴᠡᠵᠦ᠂ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠲᠣᠣᠷ᠂ ᠰᠢᠢᠳᠪᠦᠷᠢᠯᠡᠬᠦ ᠲᠦᠬᠦᠭᠡᠷᠦᠮᠵᠢ ᠶᠢ | ᠡᠪᠳᠡᠭᠰᠡᠨ ᠪᠤᠶᠤ ᠲᠡᠭᠦᠨ ᠳᠤ ᠬᠤᠭ ᠨᠣᠪᠰᠢ᠂ ᠰᠢᠭᠠᠷᠤ ᠰᠢᠷᠣᠢ᠂ ᠪᠠᠷᠢᠯᠭ᠎ᠠ ᠶᠢᠨ ᠰᠢᠪᠠᠷ ᠵᠡᠷᠭᠡ ᠬᠠᠶᠠᠭᠳᠠᠮᠠᠯ ᠢ | ᠴᠢᠳᠬᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠤᠶᠤ ᠪᠤᠰᠤᠳ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠵᠤ᠂ ᠰᠡᠷᠡᠮᠵᠢᠯᠡᠭᠦᠯᠦᠨ᠎ᠡ᠃ ᠬᠡᠷᠪᠡ ᠬᠤᠭᠤᠴᠠᠭ᠎ᠠ ᠥᠩᠭᠡᠷᠡᠲᠡᠯ᠎ᠡ ᠨᠥᠬᠦᠪᠥᠷᠢᠯᠡᠬᠦ ᠠᠷᠭ᠎ᠠ | ᠬᠡᠮᠵᠢᠶ᠎ᠡ ᠠᠪᠤᠭᠰᠠᠨ ᠦᠭᠡᠶ ᠪᠤᠶᠤ ᠬᠦᠨᠳᠦ ᠨᠣᠴᠢᠲᠠᠶ ᠦᠷ᠎ᠡ ᠳᠠᠭᠠᠪᠤᠷᠢ ᠭᠠᠷᠭᠠᠭᠰᠠᠨ ᠪᠣᠯ ᠪᠠᠶᠢᠭᠤᠯᠭ᠎ᠠ ᠨᠢᠭᠡᠴᠢ ᠶᠢ | 10 ᠲᠦᠮᠡᠨ ᠲᠥᠭᠦᠷᠢᠭ ᠠᠴᠠ ᠳᠡᠭᠡᠭᠰᠢ 30 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ | ᠬᠤᠪᠢ ᠬᠥᠮᠦᠨ ᠢ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠠᠪᠤᠨ᠎ᠠ᠃ | ᠳᠥᠴᠢᠨ ᠲᠠᠪᠤᠳᠤᠭᠠᠷ ᠵᠦᠢᠯ | ᠲᠣᠰ ᠳᠦᠷᠢᠮ ᠤᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠲᠠᠷᠢᠶᠠᠯᠠᠩ ᠮᠠᠯ | ᠠᠵᠤ ᠠᠬᠤᠢ ᠳᠤ ᠣᠷᠣᠭᠤᠯᠬᠤ ᠡᠳ᠋ ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠬᠡᠷᠡᠭᠯᠡᠭᠴᠢ ᠲᠣᠭᠲᠠᠭᠠᠯ | ᠶᠣᠰᠣᠭᠠᠷ ᠪᠣᠷᠳᠣᠭᠤᠷ ᠵᠡᠷᠭᠡ ᠲᠠᠷᠢᠶᠠᠯᠠᠩ ᠮᠠᠯ ᠠᠵᠤ ᠠᠬᠤᠢ ᠲᠤ ᠣᠷᠣᠭᠤᠯᠬᠤ ᠡᠳ᠋ ᠤᠨ ᠪᠤᠭᠤᠳᠠᠯ ᠪᠠᠭᠯᠠᠭ᠎ᠠ | ᠤᠭᠤᠲᠠ ᠵᠡᠷᠭᠡ ᠪᠤᠶᠤ ᠲᠠᠷᠢᠶᠠᠯᠠᠩ ᠳᠤ ᠬᠡᠷᠡᠭᠯᠡᠭᠰᠡᠨ ᠨᠢᠮᠭᠡᠨ ᠰᠦᠯᠢᠶᠣᠣ ᠪᠦᠷᠬᠦᠪᠴᠢ᠂ ᠤᠰᠤᠯᠠᠯᠲᠠ ᠶᠢᠨ | ᠬᠤᠭᠤᠯᠠᠢ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ ᠶᠢ ᠴᠠᠭ | ᠲᠤᠬᠠᠢ ᠳᠤᠨᠢ ᠬᠤᠷᠢᠶᠠᠨ ᠠᠪᠤᠭᠰᠠᠨ ᠦᠭᠡᠢ᠂ ᠡᠰᠡᠬᠦᠯ᠎ᠡ ᠲᠣᠭᠲᠠᠭᠠᠯ ᠶᠣᠰᠣᠭᠠᠷ ᠲᠠᠷᠢᠶᠠᠨ ᠡᠮ ᠤᠨ ᠯᠣᠩᠬᠤ ᠰᠠᠪᠠ | ᠮᠡᠲᠦ ᠶᠢᠨ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠬᠤᠷᠢᠶᠠᠨ ᠠᠪᠴᠤ ᠲᠤᠰᠬᠠᠢ ᠪᠠᠶᠢᠭᠤᠯᠤᠮᠵᠢ ᠪᠤᠶᠤ | ᠵᠣᠬᠢᠶᠠᠨ ᠪᠠᠶᠢᠭᠤᠯᠤᠯᠲᠠ ᠳᠤ ᠲᠤᠰᠢᠶᠠᠨ ᠬᠤᠣᠷ ᠦᠭᠡᠢᠳᠡᠭᠦᠯᠦᠨ ᠰᠢᠢᠳᠪᠦᠷᠢᠯᠡᠭᠰᠡᠨ ᠦᠭᠡᠢ ᠪᠠᠶᠢᠪᠠᠯ᠂ ᠬᠤᠲᠠ᠂ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ | 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠠᠷᠢᠶᠠᠯᠠᠩ ᠮᠠᠯ ᠠᠵᠤ ᠠᠬᠤᠶ ᠳᠤ | ᠣᠷᠣᠭᠤᠯᠬᠤ ᠡᠳ᠋ ᠤᠨ ᠬᠡᠷᠡᠭᠯᠡᠭᠴᠢ ᠨᠢ ᠬᠤᠪᠢ ᠬᠥᠮᠦᠨ ᠪᠠᠶᠢᠪᠠᠯ᠂ 200 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠵᠢᠷᠭᠤᠳᠤᠭᠠᠷ ᠵᠦᠢᠯ ᠲᠤᠰ ᠳᠦᠷᠢᠮ ᠤᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ | ᠵᠤᠷᠪᠤᠰ ᠤᠨ ᠲᠣᠭᠲᠠᠭᠠᠯ ᠠᠴᠠ ᠵᠥᠷᠢᠴᠡᠨ᠂ ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠪᠤᠶᠤ ᠬᠠᠤᠯᠢ | ᠶᠣᠰᠣᠭᠠᠷ ᠣᠨᠴᠠᠭᠠᠢ ᠬᠠᠮᠠᠭᠠᠯᠠᠬᠤ ᠴᠢᠬᠤᠯᠠ ᠲᠠᠢ ᠪᠤᠰᠤᠳ ᠣᠷᠣᠨ ᠤ ᠳᠣᠲᠣᠷ᠎ᠠ ᠡᠰᠢ ᠰᠦᠷᠡᠯ ᠢ ᠵᠠᠳᠠᠭᠠᠶ | ᠰᠢᠲᠠᠭᠠᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠳᠣᠯᠣᠳᠤᠭᠠᠷ ᠵᠦᠢᠯ | ᠲᠣᠰ ᠳᠦᠷᠢᠮ ᠤᠨ ᠭᠤᠴᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ | ᠵᠥᠷᠢᠴᠡᠵᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠵᠤ ᠂ ᠪᠤᠯᠠᠵᠤ᠂ | ᠰᠢᠲᠠᠭᠠᠭᠰᠠᠨ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠮᠠᠯ ᠠᠵᠤ ᠠᠬᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠣᠷ | ᠦᠭᠡᠶᠢᠳᠡᠭᠦᠯᠦᠨ ᠰᠢᠢᠳᠪᠦᠷᠢᠯᠡᠵᠦ᠂ ᠬᠡᠷᠡᠭᠯᠡᠭᠰᠡᠨ ᠵᠠᠷᠤᠳᠠᠯ ᠮᠦᠩᠭᠦ ᠶᠢ ᠬᠠᠤᠯᠢ ᠵᠦᠷᠢᠴᠡᠭᠰᠡᠳ ᠢᠶᠠᠷ | ᠡᠭᠦᠷᠭᠡᠯᠡᠭᠦᠯᠦᠨ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ᠃ | ᠳᠥᠴᠢᠨ ᠨᠠᠢᠮᠠᠳᠤᠭᠠᠷ ᠵᠦᠢᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠲᠠ᠂ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠠᠵᠢᠯ ᠤᠨ ᠳᠤᠮᠳᠠ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠵᠶᠠᠨ ᠣᠮᠲᠣᠭᠠᠶᠢᠯᠠᠨ ᠬᠠᠷᠢᠭᠤᠴᠠᠯᠭ᠎ᠠ ᠠᠯᠳᠠᠵᠤ᠂ | ᠬᠤᠪᠢ ᠶᠢᠨ ᠲᠥᠯᠥᠭᠡ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ | ᠥᠭᠭᠦᠨ᠎ᠡ᠃ ᠶᠠᠯᠠᠲᠤ ᠬᠡᠷᠡᠭ ᠪᠣᠯᠣᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢ ᠶᠢᠰᠦᠳᠦᠭᠡᠷ ᠵᠦᠢᠯ ᠲᠣᠰ ᠲᠦᠷᠢᠮ ᠢ 2021 ᠣᠨ ᠤ 5 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | |