| | | | | | ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ᠄ | ︽ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠥᠲᠥᠯᠪᠦᠷᠢ ︵ᠵᠠᠰᠠᠪᠤᠷᠢ ᠣᠷᠣᠭᠤᠯᠤᠭᠰᠠᠨ | ᠬᠡᠪᠯᠡᠯ︶︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠭᠠᠷᠠᠢ | ᠃ | 2021 ᠣᠨ ᠤ 8 ᠰᠠᠷ᠎ᠠ ᠶᠢᠨ 7 ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ | ᠬᠥᠲᠥᠯᠪᠦᠷᠢ ︵ᠵᠠᠰᠠᠪᠤᠷᠢ ᠣᠷᠣᠭᠤᠯᠤᠭᠰᠠᠨ ᠬᠡᠪᠯᠡᠯ︶ ᠤᠯᠤᠰ ᠤᠨ ︽ᠭᠠᠳᠠᠨ᠎ᠠ ᠠᠴᠠ ᠬᠠᠯᠳᠠᠪᠤᠷᠢᠯᠠᠬᠤ ᠶᠢ | ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠰᠡᠷᠭᠡᠶᠢᠯᠡᠨ ᠡᠵᠡᠮᠳᠡᠬᠦ ᠠᠷᠭ᠎ᠠ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠲᠣᠰ ᠬᠥᠲᠥᠯᠪᠦᠷᠢ ᠶᠢ ᠲᠣᠭᠲᠠᠭᠠᠪᠠ᠃ | ᠨᠢᠭᠡ᠂ ᠬᠢᠵᠢᠭ ᠤᠨ ᠬᠠᠯᠳᠠᠪᠤᠷᠢᠯᠠᠨ ᠲᠠᠷᠬᠠᠵᠤ ᠲᠡᠯᠭᠡᠷᠡᠬᠦ ᠶᠢ ᠴᠢᠩᠭ᠎ᠠ ᠰᠡᠷᠭᠡᠶᠢᠯᠡᠨ᠎ᠡ | 1. ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ︽ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠲᠠᠷᠬᠠᠵᠤ ᠲᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ︵ᠥᠪᠥᠷ ᠰᠡᠷᠭᠡᠶᠢᠯᠡᠯᠲᠡ | ᠵᠢᠯᠤᠭᠤᠳᠬᠤ ᠴᠠᠬᠢᠯᠭᠠᠨ ﹇2020﹈ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠬᠢᠯᠢ ᠶᠢᠨ | ᠭᠠᠳᠠᠨ᠎ᠠ ᠠᠴᠠ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ᠂ ᠤᠯᠤᠰ ᠤᠨ ᠬᠥᠳᠡᠯᠦᠩᠭᠦᠶ ᠪᠠᠷ | ᠲᠣᠬᠢᠷᠠᠭᠤᠯᠤᠯᠲᠠ ᠬᠢᠭᠰᠡᠨ ᠳᠤᠮᠳᠠ ᠥᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ᠂ ᠨᠢᠭᠲᠠ | ᠣᠶᠢᠷᠠᠳᠤᠭᠰᠠᠳ᠂ ᠳᠠᠮ ᠢᠶᠠᠷ ᠨᠢᠭᠲᠠ ᠣᠶᠢᠷᠠᠲᠤᠭᠰᠠᠳ ᠵᠢᠴᠢ ᠵᠠᠰᠠᠵᠤ ᠡᠳᠡᠭᠡᠷᠡᠭᠰᠡᠨ ᠤ ᠳᠠᠷᠠᠭ᠎ᠠ ᠡᠮᠨᠡᠯᠭᠡ ᠠᠴᠠ | ᠭᠠᠷᠤᠭᠰᠠᠨ ᠡᠪᠡᠳᠴᠢᠲᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠪᠢᠲᠡᠭᠦᠦ ᠬᠡᠯᠬᠢᠶᠡᠲᠦ ᠬᠠᠮᠢᠶᠠᠷᠤᠨ ᠡᠵᠡᠮᠳᠡᠬᠦ᠂ ᠵᠠᠪᠰᠠᠷ ᠥᠬᠡᠶ | ᠵᠣᠯᠭᠠᠭᠤᠯᠬᠤ︾ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠨ᠂ ᠬᠥᠮᠦᠰ ᠢ ᠬᠠᠮᠢᠶᠠᠷᠬᠤ᠂ ᠲᠤᠰᠠᠭᠠᠷᠯᠠᠵᠤ ᠦᠯᠡᠳᠡᠭᠡᠨ | ᠠᠵᠢᠭᠯᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠡᠵᠡᠮᠳᠡᠯ ᠠᠴᠠ ᠠᠯᠳᠠᠬᠤ᠂ | ᠬᠠᠮᠢᠶᠠᠷᠤᠯᠲᠠ ᠠᠴᠠ ᠭᠤᠭᠤᠵᠢᠬᠤ ᠠᠴᠠ ᠡᠷᠡᠰ ᠵᠠᠶᠢᠯᠠᠰᠬᠢᠨ᠎ᠡ᠃ | 2. ᠢᠳᠡᠭᠡᠨ ᠪᠠ ᠡᠳ᠋ ᠪᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠥᠪᠦᠷ ᠮᠣᠩᠭᠤᠯ ᠤᠨ ᠬᠦᠯᠳᠡᠭᠦᠦ ᠪᠠᠷ ᠲᠡᠭᠡᠭᠡᠪᠦᠷᠢᠯᠡᠬᠦ︾ | ᠲᠠᠪᠴᠠᠩ ᠤᠨ ᠬᠡᠷᠡᠭᠯᠡᠯᠲᠡ ᠶᠢ ᠲᠦᠷᠦᠭᠦᠯᠡᠨ ᠠᠬᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠯᠳᠡᠭᠦᠦ ᠪᠠᠷ | ᠲᠡᠭᠡᠭᠡᠪᠦᠷᠢᠯᠡᠬᠦ ᠢᠳᠡᠭᠡᠨ ᠤ ᠣᠷᠤᠵᠤ ᠢᠷᠡᠬᠦ ᠶᠢᠨ ᠡᠮᠦᠨ᠎ᠡ 24 ᠴᠠᠭ ᠤᠨ ᠮᠡᠳᠡᠭᠦᠯᠦᠨ ᠳᠠᠩᠰᠠᠯᠠᠭᠤᠯᠬᠤ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠭᠤᠷᠪᠠᠨ | ᠲᠤᠰᠬᠠᠶ ᠳᠥᠷᠪᠡᠨ ᠦᠨᠡᠮᠯᠡᠯ︾ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ | ᠱᠠᠭᠠᠷᠳᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠲᠠᠨ᠂ | ᠦᠢᠯᠡᠳᠬᠦᠨ᠂ ᠣᠷᠴᠢᠨ ᠲᠣᠭᠤᠷᠢᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠦᠨ᠎ᠡ᠃ ᠬᠤᠳᠠᠯᠳᠤᠭᠠᠨ ᠤ | ᠶᠠᠪᠤᠳᠠᠯ ᠤᠨ ᠰᠠᠯᠠᠭ᠎ᠠ ᠮᠥᠴᠢᠷ ᠤᠳ ᠭᠠᠳᠠᠭᠠᠳᠤ ᠠᠴᠠ ᠣᠷᠣᠭᠤᠯᠬᠤ ᠬᠦᠯᠳᠡᠭᠦᠦ ᠪᠠᠷ ᠲᠡᠭᠡᠭᠡᠪᠦᠷᠢᠯᠡᠬᠦ ᠪᠤᠰᠤ ᠡᠳ᠋ | ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠤᠳᠠᠯᠳᠤᠭ᠎ᠠ᠂ | ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠭᠠᠵᠠᠷ ᠪᠠ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠬᠦᠯᠳᠡᠭᠦᠦ ᠪᠠᠷ ᠲᠡᠭᠡᠭᠡᠪᠦᠷᠢᠯᠡᠬᠦ | ᠪᠤᠰᠤ ᠡᠳ᠋ ᠪᠣᠳᠠᠰ ᠢ ᠵᠢᠭᠰᠠᠭᠠᠨ ᠪᠠᠶᠢᠴᠠᠭᠠᠬᠤ ᠶᠢ ᠪᠠᠭᠲᠠᠭᠠᠭᠰᠠᠨ ᠬᠠᠷᠢᠶ᠎ᠠ ᠭᠠᠵᠠᠷ ᠤᠨ ᠭᠠᠳᠠᠭᠠᠳᠤ ᠠᠴᠠ | ᠣᠷᠣᠭᠤᠯᠬᠤ ᠬᠦᠯᠳᠡᠭᠦᠦ ᠪᠠᠷ ᠲᠡᠭᠡᠭᠡᠪᠦᠷᠢᠯᠡᠬᠦ ᠪᠤᠰᠤ ᠡᠳ᠋ ᠪᠣᠳᠠᠰ ᠢ ᠵᠢᠭᠰᠠᠭᠠᠨ ᠪᠠᠶᠢᠴᠠᠭᠠᠬᠤ ᠶᠢ ᠵᠣᠬᠢᠶᠠᠨ | ᠪᠠᠶᠢᠭᠤᠯᠤᠨ᠎ᠠ᠃ ᠠᠵᠤ ᠠᠬᠤᠶᠢᠯᠠᠯ ᠤᠨ ᠪᠥᠭᠡᠮ ᠬᠦᠴᠢᠯ ᠤᠨ ᠪᠠᠶᠢᠴᠠᠭᠠᠯᠳᠠ ᠪᠠ ᠠᠷᠢᠭᠤᠳᠬᠠᠬᠤ ᠠᠵᠢᠯ ᠢ ᠴᠢᠩᠭ᠎ᠠ | ᠰᠠᠶᠢᠲᠤᠷ ᠬᠢᠬᠦ ᠶᠢ ᠱᠠᠭᠠᠷᠳᠠᠵᠤ᠂ ᠠᠵᠢᠯ ᠤᠨ ᠡᠳᠦᠷ ᠤᠨ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠦᠨ᠎ᠡ᠃ | 3. ᠭᠤᠤᠯᠳᠠᠯᠭ᠎ᠠ ᠲᠠᠢ ᠭᠤᠭᠴᠤᠭ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠲᠡᠮᠦᠷ ᠵᠠᠮ᠂ | ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠤᠨ | ᠳᠣᠲᠣᠭᠠᠳᠤ ᠶᠢᠨ ᠲᠤᠮᠲᠠ ᠥᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠲᠣᠬᠢᠷᠠᠭᠤᠯᠤᠯᠲᠠ ᠲᠠᠢ | ᠤᠶᠠᠯᠳᠤᠭᠤᠯᠤᠨ᠂ ᠤᠯᠠᠭᠠᠨᠬᠠᠳᠠ ᠳᠤ ᠢᠷᠡᠬᠦ ᠭᠠᠯᠲᠤ ᠲᠡᠷᠭᠡ᠂ ᠬᠤᠯᠠ ᠵᠠᠮ ᠤᠨ ᠠᠶᠠᠨᠴᠢᠳ ᠤᠨ ᠲᠡᠷᠭᠡ᠂ | ᠡᠭᠡᠯᠵᠢ ᠶᠢᠨ ᠨᠢᠰᠬᠡᠯ ᠵᠡᠷᠭᠡ ᠲᠡᠭᠡᠭᠡᠪᠦᠷᠢ ᠶᠢᠨ ᠡᠭᠡᠯᠵᠢ ᠤᠳᠠᠭ᠎ᠠ ᠶᠢ ᠴᠠᠭ ᠲᠤᠬᠠᠶ ᠳᠤᠨᠢ ᠠᠩᠬᠠᠷᠴᠤ᠂ | ᠤᠯᠠᠭᠠᠨᠬᠠᠳᠠ ᠳᠤ ᠢᠷᠡᠬᠦ ᠬᠥᠮᠦᠰ ᠤᠨ ᠵᠠᠮ ᠮᠥᠷ ᠤᠨ ᠮᠡᠳᠡᠭᠡ ᠵᠠᠩᠭᠢ ᠶᠢ ᠨᠢᠭᠲᠠ ᠡᠵᠡᠮᠰᠢᠨ᠎ᠡ᠃ ᠲᠠᠯᠠᠪᠤᠷ | ᠥᠷᠲᠡᠭᠡ ᠶᠢᠨ ᠵᠢᠭᠰᠠᠭᠠᠨ ᠪᠠᠶᠢᠴᠠᠭᠠᠵᠤ ᠱᠦᠭᠦᠬᠦ ᠦᠢᠯᠡᠳᠦᠯ ᠢ ᠪᠠᠳᠠᠷᠠᠭᠤᠯᠵᠤ᠂ ᠠᠶᠠᠨᠴᠢᠳ ᠤᠨ ᠮᠡᠳᠡᠭᠡ ᠵᠠᠩᠭᠢ ᠶᠢ | ᠴᠠᠭ ᠲᠤᠬᠠᠶ ᠳᠤᠨᠢ ᠪᠠᠶᠢᠴᠠᠭᠠᠨ ᠰᠢᠯᠭᠠᠵᠤ᠂ ᠪᠡᠶ᠎ᠡ ᠶᠢᠨ ᠳᠤᠯᠠᠭᠠᠨ ᠢ ᠪᠠᠶᠢᠴᠠᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠥᠮᠦᠰ ᠪᠠ ᠡᠪᠡᠳᠴᠢᠨ ᠤ ᠰᠡᠵᠢᠭ ᠲᠠᠢ ᠬᠥᠮᠦᠰ ᠢ ᠵᠢᠷᠤᠮᠵᠢᠭᠤᠯᠤᠨ | ᠰᠢᠢᠳᠪᠦᠷᠢᠯᠡᠵᠦ᠂ ᠴᠠᠭ ᠲᠤᠬᠠᠶ ᠳᠤᠨᠢ ᠮᠡᠳᠡᠭᠦᠯᠦᠨ᠎ᠡ᠃ | 4. ᠲᠣᠮᠣ ᠳ᠋ᠠᠶᠢᠲ᠋ᠠ ᠶᠢᠨ ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠎ᠠ᠃ | ᠬᠤᠲᠠ ᠬᠤᠰᠢᠭᠤ ︵ᠰᠢᠶᠠᠨ ᠲᠣᠭᠤᠷᠢᠭ︶ ᠬᠤᠶᠠᠷ ᠱᠠᠲᠤᠨ ᠤ ᠲᠣᠮᠣ ᠳ᠋ᠠᠶᠢᠲ᠋ᠠ ᠶᠢᠨ ᠲᠤᠰᠬᠠᠶ ᠠᠩᠭᠢ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ | ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠂ ᠪᠣᠭᠤᠮᠲᠠ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ | ᠰᠠᠯᠠᠭ᠎ᠠ ᠮᠥᠴᠢᠷ ︵ᠨᠢᠭᠡᠴᠡ︶ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠦᠨᠡᠨᠬᠦ ᠪᠡᠶᠡᠯᠡᠭᠦᠯᠦᠨ᠎ᠡ᠃ ᠲᠣᠮᠣ ᠳ᠋ᠠᠶᠢᠲ᠋ᠠ ᠶᠢᠨ ᠮᠡᠷᠭᠡᠵᠢᠯ ᠢ ᠭᠦᠢᠴᠡᠳ | ᠠᠰᠢᠭᠯᠠᠨ᠂ ᠭᠤᠤᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠳᠡᠭᠡᠳᠦ | ᠱᠠᠲᠤᠨ ᠤ ᠪᠠᠶᠢᠭᠤᠯᠭ᠎ᠠ ᠶᠢᠨ ᠬᠦᠷᠭᠡᠭᠰᠡᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠳᠤ ᠨᠢᠭᠡ ᠶᠢ ᠴᠦ | ᠣᠷᠬᠢᠭᠳᠠᠭᠤᠯᠬᠤ ᠥᠬᠡᠶ᠂ ᠨᠢᠭᠡ ᠮᠥᠴᠡ ᠶᠢ ᠴᠦ ᠰᠠᠭᠠᠲᠠᠭᠠᠬᠤ ᠥᠬᠡᠶ᠂ ᠡᠳᠦᠷ ᠪᠦᠷᠢ ᠲᠡᠭ ᠪᠣᠯᠭᠠᠬᠤ ᠶᠢ | ᠪᠠᠲᠤᠯᠠᠨ᠎ᠠ᠃ ᠬᠤᠶᠠᠷ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠎ᠠ ᠃ | 5. ᠬᠡᠰᠡᠭ ᠬᠤᠪᠢᠶᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠡᠶᠢᠭᠡᠮ | ᠲᠣᠭᠤᠷᠢᠭ ︵ᠭᠠᠴᠠᠭ᠎ᠠ ᠲᠣᠰᠬᠤᠨ︶ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠨᠢᠭᠡᠳᠦᠭᠡᠷ | ᠹᠷᠣᠨᠲ ᠤᠨ ᠦᠢᠯᠡᠳᠦᠯ ᠢ ᠪᠠᠳᠠᠷᠠᠭᠤᠯᠵᠤ᠂ ︽ᠲᠣᠮᠣ ᠳ᠋ᠠᠶᠢᠲ᠋ᠠ + ᠬᠥᠮᠦᠨ ᠤ ᠬᠦᠴᠦ ᠪᠠᠷ ᠣᠶᠢᠯᠠᠭᠠᠵᠤ | ᠪᠠᠶᠢᠴᠠᠭᠠᠬᠤ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠯᠢ ᠶᠢᠨ ᠭᠠᠳᠠᠨ᠎ᠠ ᠠᠴᠠ | ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ᠂ ᠤᠯᠤᠰ ᠤᠨ ᠬᠥᠳᠡᠯᠦᠩᠭᠦᠶ ᠪᠠᠷ ᠲᠣᠬᠢᠷᠠᠭᠤᠯᠤᠯᠲᠠ | ᠬᠢᠭᠰᠡᠨ ᠳᠤᠮᠳᠠ ᠥᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ᠂ ᠨᠢᠭᠲᠠ ᠣᠶᠢᠷᠠᠳᠤᠭᠰᠠᠳ᠂ | ᠳᠠᠮ ᠢᠶᠠᠷ ᠨᠢᠭᠲᠠ ᠣᠶᠢᠷᠠᠲᠤᠭᠰᠠᠳ ᠵᠢᠴᠢ ᠵᠠᠰᠠᠵᠤ ᠡᠳᠡᠭᠡᠷᠡᠭᠰᠡᠨ ᠤ ᠳᠠᠷᠠᠭ᠎ᠠ ᠡᠮᠨᠡᠯᠭᠡ ᠠᠴᠠ ᠭᠠᠷᠤᠭᠰᠠᠨ | ᠡᠪᠡᠳᠴᠢᠲᠡᠳ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢ ᠦᠨᠡᠨᠬᠦ ᠪᠠᠲᠤᠯᠠᠨ᠎ᠠ᠃ ᠡᠳᠦᠷ ᠤᠨ | ᠮᠡᠳᠡᠭᠦᠯᠦᠯᠲᠡ᠂ ᠡᠪᠡᠳᠴᠢᠨ ᠤ ᠵᠢᠱᠢᠶ᠎ᠡ ᠦᠭᠡᠢ ᠮᠡᠳᠡᠭᠦᠯᠦᠯᠲᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠡᠷ ᠲᠡᠭᠡᠨ ᠰᠠᠭᠤᠵᠤ ᠪᠠᠶᠢᠭ᠎ᠠ ᠠᠨᠠᠭᠠᠬᠤ | ᠤᠬᠠᠭᠠᠨ ᠤ ᠠᠵᠢᠭᠯᠠᠭᠴᠢ ᠳᠤ ᠬᠢᠨᠠᠯᠲᠠ ᠲᠠᠯᠪᠢᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ | ᠬᠢᠨ᠎ᠠ᠃ | 6. ᠱᠠᠩᠨᠠᠯ ᠲᠠᠢ ᠪᠠᠷ ᠢᠯᠡᠴᠢᠯᠡᠨ ᠮᠡᠳᠡᠭᠦᠯᠬᠦ ᠡᠷᠴᠢᠮ ᠢ ᠴᠢᠩᠭᠠᠷᠠᠭᠤᠯᠤᠨ᠎ᠠ᠃ ᠣᠯᠠᠨ ᠲᠦᠮᠡᠨ ᠤ | ᠰᠡᠵᠢᠭᠯᠡᠯᠲᠡᠶ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠮᠡᠳᠡᠭᠦᠯᠬᠦ ᠶᠢ ᠵᠣᠷᠢᠭᠵᠢᠭᠤᠯᠵᠤ᠂ | ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠶ ᠪᠠᠶᠢᠪᠠᠯ ᠵᠣᠬᠢᠬᠤ ᠱᠠᠩᠨᠠᠯ ᠣᠯᠭᠤᠨ᠎ᠠ᠃ ᠭᠤᠷᠪᠠ᠂ ᠡᠮᠴᠢᠯᠡᠭᠡᠨ ᠤ | ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | 7. ᠤᠷᠢᠳᠴᠢᠯᠡᠨ ᠪᠣᠯᠵᠣᠵᠤ ᠣᠨᠣᠰᠢᠯᠠᠨ ᠡᠮᠨᠡᠬᠦ ᠶᠢ ᠲᠡᠭᠦᠯᠳᠡᠷᠵᠢᠭᠦᠯᠦᠨ᠎ᠡ᠃ ᠤᠷᠢᠳᠴᠢᠯᠠᠨ ᠪᠣᠯᠵᠣᠵᠤ | ᠳ᠋ᠤᠭᠠᠷᠯᠠᠬᠤ᠂ ᠤᠷᠢᠳᠴᠢᠯᠠᠨ ᠪᠣᠯᠵᠣᠵᠤ ᠪᠠᠶᠢᠴᠠᠭᠠᠬᠤ᠂ ᠤᠷᠢᠳᠴᠢᠯᠠᠨ ᠪᠣᠯᠵᠣᠵᠤ ᠡᠮᠨᠡᠭᠦᠯᠬᠦ ᠪᠠ ᠥᠯᠥ ᠬᠦᠷᠦᠯᠴᠡᠬᠦ | ᠮᠠᠶ᠋ᠢᠭ ᠢᠶᠠᠷ ᠵᠠᠷᠤᠳᠠᠯ ᠲᠤᠰᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠦᠷᠭᠡᠨ ᠡᠮᠨᠡᠬᠦ ᠪᠤᠰᠤ ᠡᠪᠡᠳᠴᠢᠲᠡᠨ ᠳᠤ | ︽ᠤᠷᠢᠳᠠᠪᠠᠷ ᠪᠣᠯᠵᠣᠵᠤ᠂ ᠳᠠᠷᠠᠭ᠎ᠠ ᠨᠢ ᠡᠮᠨᠡᠭᠦᠯᠬᠦ︾ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽ | ᠰᠦᠯᠵᠢᠶ᠎ᠡ + ᠡᠮᠴᠢᠯᠡᠭᠡ︾ ᠶᠢᠨ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠰᠦᠯᠵᠢᠶᠡᠨ ᠳᠡᠭᠡᠷᠡᠬᠢ ᠡᠷᠡᠭᠦᠯ | ᠮᠡᠨᠳᠦ ᠶᠢᠨ ᠦᠢᠯᠡᠴᠢᠯᠡᠭᠡ ᠶᠢ ᠢᠳᠡᠪᠬᠢᠲᠡᠶ ᠬᠠᠩᠭᠠᠵᠤ᠂ ᠲᠤᠬᠠᠶ ᠶᠢᠨ ᠲᠠᠯᠠᠪᠤᠷ ᠲᠤ ᠭᠥᠯᠢᠶᠡᠨ ᠠᠪᠴᠤ ᠡᠮᠨᠡᠭᠦᠯᠬᠦ | ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠵᠦ᠂ ᠬᠦᠮᠦᠰ ᠤᠨ ᠴᠤᠭᠯᠠᠷᠠᠬᠤ ᠶᠢ ᠪᠠᠭᠠᠰᠬᠠᠨ᠎ᠠ᠃ | 8. ᠡᠪᠡᠳᠴᠢᠨ ᠦᠵᠡᠭᠦᠯᠬᠦ ᠶᠠᠪᠤᠴᠠ ᠶᠢ ᠵᠢᠷᠤᠮᠵᠢᠭᠤᠯᠤᠨ᠎ᠠ᠃ ᠤᠷᠢᠳᠴᠢᠯᠠᠨ ᠪᠠᠶᠢᠴᠠᠭᠠᠵᠤ ᠬᠤᠪᠢᠶᠠᠨ | ᠣᠨᠣᠰᠢᠯᠠᠬᠤ ᠪᠠ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠮᠨᠡᠯᠭᠡ ᠳᠤ ᠢᠷᠡᠭᠰᠡᠨ ᠪᠣᠶ ᠪᠥᠬᠦᠶ ᠬᠥᠮᠦᠰ ᠡᠷᠬᠡᠪᠰᠢ ᠠᠮᠠᠪᠴᠢ ᠵᠡᠭᠦᠵᠦ᠂ ᠡᠷᠡᠭᠦᠯ | ᠮᠡᠨᠳᠦ ᠶᠢᠨ ᠺᠣᠳ᠋ ᠢ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠬᠡᠮᠵᠢᠨ᠂ ᠲᠠᠬᠤᠯ ᠡᠪᠡᠳᠴᠢᠨ ᠤ ᠰᠤᠳᠤᠯᠤᠯ ᠤᠨ | ᠲᠡᠤᠬᠡ ᠶᠢ ᠯᠠᠪᠯᠠᠨ ᠠᠰᠠᠭᠤᠵᠤ᠂ ᠳᠤᠮᠳᠠ ᠥᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ᠢ ᠴᠠᠭ ᠲᠤᠬᠠᠶ ᠳᠤᠨᠢ | ᠰᠢᠯᠵᠢᠭᠦᠯᠦᠨ ᠲᠣᠬᠢᠷᠠᠭᠤᠯᠬᠤ ᠬᠡᠪᠴᠢᠶᠡᠨ ᠳᠤ ᠣᠷᠤᠭᠤᠯᠤᠨ᠎ᠠ᠃ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ | ᠡᠮᠨᠡᠨ ᠵᠠᠰᠠᠬᠤ ᠶᠢ ᠪᠡᠶᠡᠯᠡᠭᠦᠯᠦᠨ᠎ᠡ᠃ | 9. ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠪᠥᠬᠦ | ᠠᠵᠢᠯᠲᠠᠨ ᠤ ᠪᠣᠯᠪᠠᠰᠤᠷᠠᠭᠤᠯᠤᠯ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠡᠵᠡᠮᠳᠡᠯ ᠤᠨ ᠱᠠᠭᠠᠷᠳᠠᠨ | ᠪᠠᠶᠢᠴᠠᠭᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠰᠠᠯᠠᠭ᠎ᠠ ᠲᠠᠰᠤᠭ᠂ | ᠭᠤᠤᠯᠳᠠᠯᠭ᠎ᠠ ᠲᠠᠢ ᠭᠤᠭᠴᠤᠭ᠎ᠠ ᠶᠢᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠡᠷᠭᠡᠶᠢᠯᠡᠨ ᠡᠵᠡᠮᠳᠡᠬᠦ ᠶᠢ | ᠴᠢᠩᠭᠠᠷᠠᠭᠤᠯᠤᠨ᠂ ᠡᠯ᠎ᠡ ᠵᠦᠢᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ ᠰᠢᠯᠵᠢᠯᠲᠡ ᠶᠢᠨ | ᠡᠪᠡᠳᠴᠢᠲᠡᠨ ᠤ ᠦᠷᠦᠭᠡ ᠶᠢ ᠭᠦᠢᠴᠡᠳ ᠲᠣᠬᠢᠷᠠᠭᠤᠯᠤᠨ᠎ᠠ᠃ ᠣᠨᠣᠰᠢᠯᠠᠨ ᠡᠮᠨᠡᠬᠦ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠬᠤ᠂ ᠠᠷᠢᠭᠤᠨ ᠴᠡᠪᠡᠷ ᠪᠠᠶᠢᠯᠭᠠᠬᠤ᠂ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠠᠷᠭ᠎ᠠ | ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ︽ᠨᠢᠭᠡ ᠡᠪᠡᠳᠴᠢᠲᠡᠨ ᠢ ᠨᠢᠭᠡ ᠬᠦᠮᠦᠨ ᠠᠰᠠᠷᠠᠬᠤ︾ ᠶᠢ ᠬᠡᠷᠡᠭᠵᠢᠭᠦᠯᠵᠦ | ᠂ ᠬᠠᠮᠢᠶ᠎ᠠ ᠥᠬᠡᠶ ᠬᠥᠮᠦᠰ ᠤᠨ ᠡᠪᠡᠳᠴᠢᠲᠡᠨ ᠤ ᠲᠣᠭᠤᠷᠢᠭ ᠢᠶᠠᠷ ᠣᠷᠣᠵᠤ ᠭᠠᠷᠬᠤ ᠶᠢ ᠴᠢᠩᠭ᠎ᠠ ᠬᠢᠵᠠᠭᠠᠷᠯᠠᠵᠤ᠂ | ᠡᠷᠭᠢᠵᠦ ᠦᠵᠡᠬᠦ ᠪᠠ ᠭᠠᠳᠠᠨ᠎ᠠ ᠠᠴᠠ ᠬᠤᠭᠤᠯᠠ ᠬᠦᠷᠭᠡᠬᠦ ᠶᠢ ᠴᠠᠭᠠᠵᠠᠯᠠᠨ᠎ᠠ᠃ ᠡᠮᠨᠡᠯᠭᠡ ᠳᠤ ᠰᠠᠭᠤᠭᠰᠠᠨ | ᠡᠪᠡᠳᠴᠢᠲᠡᠨ ᠤ ᠬᠢᠨᠠᠨ ᠬᠡᠮᠵᠢᠬᠦ ᠶᠢ ᠴᠢᠩᠭᠠᠳᠬᠠᠵᠤ᠂ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠣᠨᠣᠰᠢᠯᠠᠭᠰᠠᠨ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠢ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠴᠠᠭ ᠲᠤᠬᠠᠶ ᠳᠤᠨᠢ ᠵᠢᠷᠤᠮᠵᠢᠭᠤᠯᠤᠨ ᠰᠢᠯᠵᠢᠭᠦᠯᠵᠦ᠂ ᠳᠤᠷ᠎ᠠ ᠪᠠᠷ ᠢᠶᠠᠨ ᠡᠮᠨᠡᠯᠭᠡ ᠰᠢᠯᠵᠢᠬᠦ ᠪᠤᠶᠤ | ᠡᠮᠨᠡᠯᠭᠡ ᠠᠴᠠ ᠭᠠᠷᠭᠠᠬᠤ ᠶᠢ ᠴᠢᠩᠭ᠎ᠠ ᠴᠠᠭᠠᠵᠠᠯᠠᠨ᠎ᠠ᠃ ᠡᠮᠨᠡᠯᠭᠡ ᠶᠢᠨ ᠠᠵᠢᠯᠲᠠᠨ ᠤ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠯᠲᠠ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠵᠢᠷᠤᠮᠵᠢᠭᠤᠯᠤᠨ ᠰᠠᠶᠢᠲᠤᠷ ᠬᠢᠨ᠎ᠡ | ᠃ | 10. ᠪᠠᠶᠢᠴᠠᠭᠠᠨ ᠰᠢᠯᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠬᠤᠶᠠᠳᠤᠭᠠᠷ | ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠪᠦᠭᠡᠮ ᠬᠦᠴᠢᠯ ᠤᠨ | ᠪᠠᠶᠢᠴᠠᠭᠠᠯᠲᠠ ᠶᠢᠨ ᠠᠵᠢᠯ ᠢ ᠲᠦᠷᠭᠡᠬᠡᠨ ᠥᠷᠨᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠵᠦ | ᠳᠡᠶᠢᠯᠬᠦ ᠦᠭᠡᠢ ᠰᠢᠯᠵᠢᠯᠲᠡ ᠶᠢᠨ ᠬᠤᠭᠤᠴᠠᠭᠠᠨ ᠳᠤ ᠪᠠᠶᠢᠬᠤ ᠨᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠠᠯᠠᠭ᠎ᠠ ᠮᠥᠴᠢᠷ ᠲᠠᠢ ᠵᠣᠬᠢᠴᠠᠬᠤ ᠪᠤᠶᠤ ᠭᠤᠷᠪᠠᠳᠠᠬᠢ ᠡᠲᠡᠭᠡᠳ ᠤᠨ ᠪᠠᠶᠢᠴᠠᠭᠠᠬᠤ ᠦᠢᠯᠡᠴᠢᠯᠡᠭᠡ ᠶᠢ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ ᠤᠯᠤᠰ ᠤᠨ ᠭᠤᠤᠯᠳᠠᠯᠭ᠎ᠠ ᠲᠠᠢ | ᠬᠥᠮᠦᠰ ᠤᠨ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ᠂ ᠪᠥᠭᠡᠮ | ᠬᠦᠴᠢᠯ ᠤᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ | ᠪᠠᠶᠢᠴᠠᠭᠠᠬᠤ ᠴᠢᠬᠤᠯᠠᠲᠠᠶ ᠭᠡᠵᠦ ᠳᠡᠭᠡᠳᠦ ᠬᠡᠮᠵᠢᠶ᠎ᠡ ᠪᠠᠷ ᠰᠡᠵᠢᠭᠯᠡᠭᠰᠡᠨ ᠡᠪᠡᠳᠴᠢᠲᠡᠨ᠂ ᠨᠢᠭᠲᠠ ᠣᠶᠢᠷᠠᠲᠤᠭᠰᠠᠳ᠂ | ᠤᠯᠤᠰ ᠤᠨ ᠭᠠᠳᠠᠭᠠᠳᠤ ᠪᠠ ᠤᠯᠤᠰ ᠤᠨ ᠳᠣᠲᠣᠭᠠᠳᠤ ᠶᠢᠨ ᠲᠤᠮᠲᠠ ᠥᠨᠳᠦᠷ ᠠᠶᠤᠯ ᠲᠦᠭᠰᠢᠭᠦᠷᠢ ᠲᠠᠢ ᠭᠠᠵᠠᠷ | ᠣᠷᠣᠨ ᠠᠴᠠ ᠪᠤᠴᠠᠵᠤ ᠢᠷᠡᠭᠰᠡᠨ ᠬᠥᠮᠦᠰ ᠲᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ | ᠮᠥᠴᠢᠷ ᠠᠴᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ | ᠡᠭᠦᠳᠡᠨ ᠡᠮᠨᠡᠯᠭᠡ ᠳᠤ ᠡᠮᠨᠡᠭᠦᠯᠦᠭᠰᠡᠨ ᠡᠪᠡᠳᠴᠢᠲᠡᠨ᠂ ᠡᠮᠨᠡᠯᠭᠡ ᠳᠤ ᠰᠠᠭᠤᠭᠰᠠᠨ ᠡᠪᠡᠳᠴᠢᠲᠡᠨ᠂ ᠠᠰᠠᠷᠠᠵᠤ | ᠰᠤᠪᠢᠯᠠᠭᠴᠢ ᠳᠤ ᠡᠮᠴᠢᠯᠡᠭᠡᠨ ᠤ ᠪᠠᠶᠢᠭᠤᠯᠤᠮᠵᠢ ᠠᠴᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠡᠮᠨᠡᠯᠭᠡ ᠶᠢᠨ | ᠠᠵᠢᠯᠲᠠᠳ ᠲᠤ ᠡᠮᠴᠢᠯᠡᠭᠡᠨ ᠤ ᠪᠠᠶᠢᠭᠤᠯᠤᠮᠵᠢ ᠠᠴᠠ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ | ᠪᠠᠶᠢᠴᠠᠭᠠᠯᠲᠠ ᠬᠢᠨ᠎ᠡ᠃ ᠪᠤᠰᠤᠳ ᠬᠥᠮᠦᠰ ᠲᠤ ᠪᠠᠶᠢᠴᠠᠭᠠᠬᠤ ᠳᠤᠷᠠᠲᠠᠶ ᠶᠢ ᠨᠢ ᠴᠥᠮ ᠪᠠᠶᠢᠴᠠᠭᠠᠬᠤ ᠶᠢ | ᠬᠡᠷᠡᠭᠵᠢᠭᠦᠯᠦᠨ᠎ᠡ᠃ ᠳᠥᠷᠪᠡ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠯᠲᠡ ᠡᠵᠡᠮᠳᠡᠯ ᠢ ᠴᠢᠩᠭᠠᠳᠬᠠᠨ᠎ᠠ᠃ | 11. ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ︽ᠲᠠᠪᠤᠨ ᠵᠠᠪᠠᠯ︾ ᠤᠨ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠲᠦᠰᠦᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ᠂ ᠣᠨ᠂ ᠠᠩᠭᠢ᠂ ᠬᠡᠷ ᠤᠨ ᠠᠬᠠᠮᠠᠳ ᠳᠥᠷᠪᠡᠨ ᠱᠠᠲᠤᠨ ᠤ | ᠰᠡᠷᠭᠡᠶᠢᠯᠡᠨ ᠡᠵᠡᠮᠳᠡᠬᠦ ᠠᠵᠢᠯ ᠤᠨ ᠬᠠᠷᠢᠯᠴᠠᠬᠤ ᠰᠦᠯᠵᠢᠶ᠎ᠡ ᠶᠢᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠤᠨ᠎ᠠ᠃ | ᠪᠠᠭᠰᠢ ᠰᠣᠷᠣᠭᠴᠢ ᠠᠵᠢᠯᠲᠠᠨ ᠠᠵᠢᠯᠴᠢᠨ ᠵᠢᠴᠢ ᠬᠡᠷ ᠪᠦᠯᠢ ᠶᠢᠨ ᠪᠦᠷᠢᠯᠳᠦᠬᠦᠨ ᠤ ᠣᠶᠢᠷ᠎ᠠ ᠶᠢᠨ ᠬᠤᠭᠤᠴᠠᠭᠠᠨ ᠤ | ᠵᠢᠭᠤᠯᠴᠢᠯᠠᠨ ᠰᠠᠭᠤᠭᠰᠠᠨ ᠲᠡᠤᠬᠡ᠂ ᠣᠳᠣᠬᠠᠨ ᠤ ᠡᠷᠡᠭᠦᠯ ᠮᠡᠨᠳᠦ ᠶᠢᠨ ᠪᠠᠶᠢᠳᠠᠯ᠂ ᠡᠪᠡᠳᠴᠢᠨ ᠤ ᠵᠢᠱᠢᠶ᠎ᠡ ᠲᠠᠢ | ᠨᠢᠭᠲᠠ ᠣᠶᠢᠷᠠᠲᠤᠭᠰᠠᠨ ᠲᠡᠤᠬᠡ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠵᠦ᠂ ᠪᠠᠭᠰᠢ ᠰᠣᠷᠣᠭᠴᠢ ᠠᠵᠢᠯᠲᠠᠨ | ᠠᠵᠢᠯᠴᠢᠨ ᠤ ︽ᠨᠢᠭᠡ ᠬᠥᠮᠦᠨ ᠨᠢᠭᠡ ᠳᠠᠩᠰᠠ︾ ᠶᠢᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ | ᠡᠳᠦᠷ ᠤᠨ ᠮᠡᠳᠡᠭᠦᠯᠦᠯᠲᠡ᠂ ᠡᠪᠡᠳᠴᠢᠨ ᠤ ᠵᠢᠱᠢᠶ᠎ᠡ ᠦᠭᠡᠢ ᠮᠡᠳᠡᠭᠦᠯᠦᠯᠳᠡ᠂ ᠪᠠᠴᠢᠮ ᠪᠠᠶᠢᠳᠠᠯ ᠢ ᠴᠠᠭ ᠲᠤᠬᠠᠶ ᠳᠤᠨᠢ | ᠮᠡᠳᠡᠭᠦᠯᠬᠦ ᠳᠦᠷᠢᠮ ᠪᠠ ᠴᠢᠯᠥᠭᠡ ᠭᠤᠶᠤᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠭᠰᠢ ᠠᠵᠢᠯᠲᠠᠨ ᠠᠵᠢᠯᠴᠢᠨ | ᠪᠠ ᠰᠤᠷᠤᠭᠴᠢᠳ ᠲᠤ ᠥᠷᠯᠥᠭᠡ ᠶᠢᠨ ᠪᠠᠶᠢᠴᠠᠭᠠᠯᠲᠠ ᠪᠠ ᠦᠳᠡ ᠶᠢᠨ ᠪᠠᠶᠢᠴᠠᠭᠠᠯᠲᠠ ᠶᠢ ᠬᠡᠷᠡᠭᠵᠢᠭᠦᠯᠦᠨ᠂ | ᠪᠠᠶᠢᠷᠢ ᠳᠤ ᠰᠠᠭᠤᠬᠤ ᠰᠣᠷᠣᠭᠴᠢ ᠳᠤ ᠣᠷᠣᠶ ᠶᠢᠨ ᠪᠠᠶᠢᠴᠠᠭᠠᠯᠲᠠ ᠶᠢ ᠨᠡᠮᠡᠵᠦ ᠬᠡᠷᠡᠭᠵᠢᠭᠦᠯᠦᠨ᠎ᠡ᠃ ᠬᠥᠮᠦᠨ ᠪᠣᠳᠠᠰ ᠢ | ᠬᠠᠮᠲᠤ ᠪᠠᠷ ᠰᠡᠷᠭᠡᠶᠢᠯᠡᠬᠦ᠂ ᠣᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠰᠤᠷᠭᠠᠭᠤᠯᠢ ᠶᠢᠨ | ᠬᠦᠷᠢᠶᠡᠨ ᠳᠤ ᠰᠢᠨ᠎ᠡ ᠪᠠᠷ ᠳᠡᠯᠭᠡᠷᠡᠬᠦ ᠬᠢᠵᠢᠭ ᠤᠨ ᠪᠠᠶᠢᠳᠠᠯ ᠬᠢᠭᠡᠳ ᠪᠤᠰᠤᠳ ᠪᠠᠶᠢᠩᠭᠤ ᠲᠣᠬᠢᠶᠠᠯᠳᠤᠬᠤ | ᠬᠠᠯᠳᠠᠪᠤᠷᠢᠲᠤ ᠡᠪᠡᠳᠴᠢᠨ ᠲᠠᠢ ᠳᠠᠪᠬᠤᠴᠠᠬᠤ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ᠎ᠡ᠃ | 12. ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ | ᠬᠦᠷᠢᠶᠡᠨ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠲᠠᠯᠠᠪᠤᠷ᠂ ᠲᠥᠬᠦᠭᠡᠷᠦᠮᠵᠢ ᠶᠢ ᠨᠡᠶᠢᠭᠡᠮ | ᠨᠡᠶᠢᠲᠡ ᠳᠤ ᠲᠦᠷ ᠨᠡᠭᠡᠭᠡᠬᠦ ᠥᠬᠡᠶ᠃ ᠰᠤᠷᠭᠠᠭᠤᠯᠢ ᠶᠢᠨ ᠳᠣᠲᠣᠷᠠᠬᠢ ᠬᠥᠮᠦᠰ ᠤᠨ ᠨᠢᠭᠲᠠᠴᠠ ᠶᠢ ᠡᠵᠡᠮᠳᠡᠵᠦ᠂ | ᠰᠤᠷᠭᠠᠭᠤᠯᠢ ᠳᠤ ᠣᠷᠣᠬᠤ᠂ ᠰᠤᠷᠭᠠᠭᠤᠯᠢ ᠠᠴᠠ ᠶᠠᠪᠤᠬᠤ᠂ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ᠂ ᠬᠤᠭᠤᠯᠠ | ᠢᠳᠡᠬᠦ᠂ ᠵᠣᠷᠯᠣᠩ ᠳᠤ ᠣᠷᠣᠬᠤ᠂ ᠪᠠᠶᠢᠷᠢ ᠳᠤ ᠣᠷᠣᠬᠤ ᠵᠡᠷᠭᠡ ᠭᠤᠭᠴᠤᠭ᠎ᠠ ᠳᠤ ᠰᠤᠷᠤᠭᠴᠢᠳ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ ᠭᠤᠤᠯᠳᠠᠯᠭ᠎ᠠ ᠲᠠᠢ | ᠣᠷᠣᠨ ᠪᠦᠰᠡ ᠳᠤ ᠰᠠᠯᠬᠢ ᠨᠡᠪᠲᠡᠷᠡᠭᠦᠯᠦᠨ ᠠᠭᠠᠷ ᠰᠣᠯᠢᠯᠴᠠᠬᠤ᠂ ᠠᠷᠢᠭᠤᠳᠬᠠᠬᠤ᠂ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠶᠢ ᠪᠠᠶᠢᠩᠭᠤ ᠥᠷᠨᠢᠭᠦᠯᠵᠦ᠂ | ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠶ ᠳᠤᠨᠢ ᠪᠠᠶᠢᠴᠠᠭᠠᠵᠤ ᠥᠭᠡᠷᠡᠴᠢᠯᠡᠬᠦ ᠬᠡᠷᠡᠭᠲᠡᠢ᠃ ᠰᠤᠷᠭᠠᠭᠤᠯᠢ ᠬᠢᠭᠡᠳ | ᠬᠠᠷᠢᠶ᠎ᠠ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ | ᠡᠵᠡᠮᠳᠡᠬᠦ ᠲᠣᠭᠲᠠᠴᠠ ᠶᠢ ᠪᠥᠷᠢᠨᠰᠢᠬᠦᠯᠵᠤ᠂ ᠬᠢᠵᠢᠭ ᠢ ᠰᠡᠷᠭᠡᠶᠢᠯᠡᠬᠦ ᠪᠠᠷᠠᠭ᠎ᠠ ᠨᠥᠭᠡᠴᠡᠯᠡᠬᠦ ᠶᠢ ᠰᠠᠶᠢᠲᠤᠷ ᠬᠢᠨ᠎ᠡ᠃ | ᠲᠠᠪᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ | 13. ᠣᠯᠠᠨ ᠨᠡᠶᠢᠲᠡ ᠶᠢᠨ ᠲᠠᠯᠠᠪᠤᠷ᠃ ᠬᠥᠮᠦᠨ ᠬᠠᠷ᠎ᠠ ᠨᠢᠭᠲᠠᠷᠬᠠᠰᠠᠨ ᠪᠢᠲᠡᠭᠦᠮᠵᠢᠯᠡᠭᠰᠡᠨ ᠭᠠᠵᠠᠷ ᠲᠤ | ᠣᠷᠤᠪᠠᠯ ᠡᠷᠬᠡᠪᠰᠢ ᠠᠮᠠᠪᠴᠢ ᠵᠡᠭᠦᠬᠦ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠲᠤ ︽1 ᠮᠧᠳ᠋ᠷ ᠤᠨ ᠱᠤᠭᠤᠮ︾ | ᠤᠨ ᠬᠦᠯᠢᠶᠡᠬᠦ ᠲᠡᠮᠳᠡᠭ ᠲᠠᠯᠪᠢᠵᠤ᠂ ᠦᠷᠭᠦᠯᠵᠢ ᠴᠣᠩᠬᠤ ᠪᠠᠨ ᠨᠡᠭᠡᠭᠡᠨ ᠰᠠᠯᠬᠢ ᠨᠡᠪᠲᠡᠷᠡᠭᠦᠯᠵᠦ᠂ ᠡᠳᠦᠷ | ᠲᠤᠲᠤᠮ ᠤᠨ ᠠᠷᠢᠭᠤᠨ ᠴᠡᠪᠡᠷ᠂ ᠠᠷᠢᠭᠤᠳᠬᠠᠬᠤ ᠵᠡᠷᠭᠡ ᠠᠷᠢᠭᠤᠨ ᠴᠡᠪᠡᠷ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠠᠵᠢᠯᠯᠠᠵᠤ ᠪᠠᠶᠢᠭ᠎ᠠ ᠬᠥᠮᠦᠰ ᠠᠵᠢᠯᠯᠠᠵᠤ ᠪᠠᠶᠢᠬᠤ ᠬᠤᠭᠤᠴᠠᠭᠠᠨ ᠤ ᠪᠥᠬᠦ ᠶᠠᠪᠤᠴᠠ ᠳᠤ | ᠡᠷᠬᠡᠪᠰᠢ ᠠᠮᠠᠪᠴᠢ ᠵᠡᠭᠦᠨ᠎ᠡ᠃ | 14. ᠭᠤᠤᠯᠳᠠᠯᠭ᠎ᠠ ᠲᠠᠢ ᠲᠠᠯᠠᠪᠤᠷ ᠭᠠᠵᠠᠷ᠃ ᠡᠯ᠎ᠡ ᠲᠦᠷᠦᠯ ᠤᠨ ᠠᠵᠤ ᠠᠬᠤᠶᠢᠯᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ ᠪᠠᠶᠢᠴᠠᠭᠠᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠠᠰᠠᠷᠠᠮᠵᠢ ᠶᠢᠨ ᠬᠦᠷᠢᠶᠡᠯᠡᠩ᠂ ᠠᠪᠤᠷᠠᠨ ᠲᠤᠰᠠᠯᠠᠬᠤ ᠥᠷᠲᠡᠭᠡ᠂ ᠭᠢᠨᠳᠠᠨ᠂ ᠰᠤᠷᠭᠠᠭᠤᠯᠢ ᠵᠡᠷᠭᠡ ᠣᠨᠴᠠᠭᠠᠢ | ᠲᠠᠯᠠᠪᠤᠷ ᠲᠤ ᠬᠠᠮᠤᠭ ᠤᠨ ᠴᠢᠩᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ ᠪᠠᠶᠢᠴᠠᠭᠠᠬᠤ ᠶᠢ ᠦᠷᠨᠢᠭᠦᠯᠦᠨ᠎ᠡ᠃ ᠵᠢᠷᠭᠤᠭ᠎ᠠ᠂ | ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ | 15. ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠤᠨ᠎ᠠ᠃ ᠤᠬᠠᠭᠤᠯᠬᠤ ᠬᠡᠯᠲᠡᠰ ᠵᠢᠴᠢ ᠰᠦᠯᠵᠢᠶᠡᠨ ᠤ | ᠮᠡᠳᠡᠭᠡ ᠵᠠᠩᠭᠢ ᠶᠢᠨ ᠠᠮᠦᠷ ᠲᠦᠪᠰᠢᠨ ᠤ ᠰᠠᠯᠠᠭ᠎ᠠ ᠮᠥᠴᠢᠷ ᠤᠳ ᠪᠠᠶᠢᠩᠭᠤᠵᠢᠭᠰᠠᠨ ᠤᠬᠠᠭᠤᠯᠭ᠎ᠠ ᠶᠢᠨ | ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠪᠠ ᠵᠠᠭᠤᠴᠢᠯᠠᠭᠤᠷ ᠤᠨ | ᠲᠠᠪᠴᠠᠩ ᠢ ᠶᠡᠷᠦᠩᠬᠡᠶᠢᠯᠡᠨ ᠬᠡᠷᠡᠭᠯᠡᠵᠦ᠂ ᠲᠤᠰᠬᠠᠶ ᠰᠡᠳᠦᠪᠲᠦ ᠲᠤᠰᠬᠠᠶ ᠪᠤᠯᠤᠩ ᠭᠠᠷᠭᠠᠵᠤ᠂ ᠤᠯᠤᠰ ᠤᠨ | ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ᠂ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠠᠷᠭ᠎ᠠ | ᠪᠣᠳᠣᠯᠭ᠎ᠠ᠂ ᠡᠯ᠎ᠡ ᠲᠥᠷᠥᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠨᠡᠶᠢᠳᠡᠯᠡᠨ᠎ᠡ᠃ ᠳᠣᠯᠤᠭ᠎ᠠ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ ᠃ | 16. ᠬᠠᠷᠢᠶ᠎ᠠ ᠭᠠᠵᠠᠷ ᠤᠨ ᠬᠠᠷᠢᠭᠤᠴᠠᠯᠭ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠᠶᠢᠩᠭᠤᠵᠢᠭᠰᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠰᠢᠰᠲ᠋ᠧᠮ ᠪᠣᠯᠤᠨ ᠠᠵᠢᠯᠯᠠᠭᠠᠨ ᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ︽ᠲᠠᠪᠤᠨ ᠡᠩᠨᠡᠭᠡ︾ ᠶᠢ ᠰᠠᠯᠭᠠᠬᠤ ᠦᠭᠡᠢ ᠪᠠᠶᠢᠬᠤ ᠶᠢ ᠪᠠᠲᠤᠯᠠᠵᠤ᠂ ᠠᠵᠢᠯ ᠤᠨ | ᠪᠦᠲᠦᠴᠡ ᠶᠢ ᠬᠤᠪᠢᠷᠠᠭᠤᠯᠬᠤ ᠦᠭᠡᠢ᠂ ᠠᠵᠢᠯ ᠤᠨ ᠪᠠᠶᠢᠳᠠᠯ ᠢ ᠪᠠᠭᠤᠷᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ | ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠂ | ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠡᠯ᠎ᠡ ᠬᠦᠷᠢᠶ᠎ᠡ ᠴᠠᠷᠠᠭ᠎ᠠ᠂ ᠡᠯ᠎ᠡ ᠭᠤᠭᠴᠤᠭ᠎ᠠ᠂ ᠡᠯ᠎ᠡ | ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠤᠨ᠎ᠠ᠃ | 17. ᠠᠵᠢᠯ ᠲᠥᠷᠥᠯ ᠤᠨ ᠬᠠᠷᠢᠭᠤᠴᠠᠯᠭ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠣᠭᠤᠷᠢᠨ | ᠪᠠᠶᠢᠴᠠᠭᠠᠬᠤ᠂ ᠬᠢᠨᠠᠨ ᠪᠠᠶᠢᠴᠠᠭᠠᠬᠤ᠂ ᠱᠠᠭᠠᠷᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠣᠰ ᠠᠵᠢᠯ | ᠲᠥᠷᠥᠯ᠂ ᠲᠣᠰ ᠰᠢᠰᠲ᠋ᠧᠮ᠂ ᠲᠣᠰ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠠᠵᠢᠯ ᠦᠢᠯᠡᠰ ᠪᠠᠶᠢᠭᠤᠯᠭ᠎ᠠ | ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠵᠢᠯᠣᠭᠤᠳᠤᠨ ᠰᠢᠮᠳᠠᠭᠤᠯᠵᠤ᠂ ᠬᠠᠮᠢᠶ᠎ᠠ ᠪᠥᠬᠦᠶ ᠠᠵᠢᠯ ᠤᠨ ᠵᠢᠷᠤᠮᠵᠢᠯ ᠢ ᠴᠢᠩᠭ᠎ᠠ | ᠨᠠᠶᠢᠳᠠᠪᠤᠷᠢᠵᠢᠭᠤᠯᠤᠨ᠎ᠠ᠃ | 18. ᠨᠡᠶᠢᠭᠡᠮ ᠤᠨ ᠬᠠᠷᠢᠭᠤᠴᠠᠯᠭ᠎ᠠ᠃ ᠡᠯ᠎ᠡ ᠨᠡᠶᠢᠭᠡᠮ ᠤᠨ ᠭᠤᠤᠯ ᠴᠣᠭᠴᠠ ᠨᠢ ᠲᠣᠰ ᠪᠠᠶᠢᠭᠤᠯᠭ᠎ᠠ | ᠨᠢᠭᠡᠴᠡ᠂ ᠲᠣᠰ ᠪᠠᠶᠢᠭᠤᠯᠤᠮᠵᠢ᠂ ᠲᠣᠰ ᠲᠠᠯᠠᠪᠤᠷ ᠭᠠᠵᠠᠷ ᠤᠨ ᠠᠵᠢᠯᠲᠠᠨ ᠢ ᠵᠢᠭᠰᠠᠭᠠᠨ ᠪᠠᠶᠢᠴᠠᠭᠠᠬᠤ᠂ ᠣᠷᠣᠵᠤ | ᠭᠠᠷᠬᠤ ᠶᠢ ᠳᠡᠩᠰᠡᠯᠡᠨ ᠬᠠᠮᠢᠶᠠᠷᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠠᠵᠢᠯ ᠢ ᠰᠠᠶᠢᠲᠤᠷ ᠬᠢᠨ᠎ᠡ᠃ | ᠬᠤᠪᠢ ᠬᠥᠮᠦᠨ ᠵᠢᠭᠤᠯᠴᠢᠯᠠᠨ ᠰᠠᠭᠤᠭᠰᠠᠨ ᠲᠡᠦᠬᠡ᠂ ᠤᠢᠢᠷᠠᠳᠤᠭᠰᠠᠨ ᠲᠡᠦᠬᠡ ᠪᠠᠨ ᠦᠨᠡᠨ ᠢᠶᠠᠷ ᠨᠢ ᠮᠡᠳᠡᠭᠦᠯᠵᠦ᠂ | ᠥᠪᠡᠷ ᠤᠨ ᠪᠡᠶ᠎ᠡ ᠶᠢᠨ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠪᠠᠨ ᠴᠢᠩᠭᠠᠳᠬᠠᠵᠤ᠂ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠡᠷᠡᠭᠦᠯ ᠮᠡᠨᠳᠦ ᠶᠢᠨ ᠳᠠᠳᠬᠠᠯ ᠢ ᠪᠤᠢ ᠪᠣᠯᠭᠠᠨ᠎ᠠ᠃ | 19. ᠬᠢᠨᠠᠨ ᠵᠢᠯᠣᠭᠤᠳᠬᠤ ᠬᠠᠷᠢᠭᠤᠴᠠᠯᠭ᠎ᠠ᠃ ᠳᠥᠷᠪᠡᠨ ᠲᠤᠰᠬᠠᠶ ᠬᠢᠨᠠᠨ ᠵᠢᠯᠣᠭᠤᠳᠬᠤ ᠡᠩᠨᠡᠭᠡ ᠶᠢ | ᠪᠠᠶᠢᠭᠤᠯᠵᠤ᠂ ᠬᠤᠲᠠ ᠬᠤᠰᠢᠭᠤ ︵ᠰᠢᠶᠠᠨ ᠲᠣᠭᠤᠷᠢᠭ︶ ᠬᠤᠶᠠᠷ ᠱᠠᠲᠤᠨ ᠤ ᠵᠢᠯᠣᠭᠤᠳᠬᠤ ᠭᠠᠵᠠᠷ ᠤᠨ ᠪᠣᠳᠠᠲᠤ | ᠴᠣᠭᠴᠠᠲᠤ ᠠᠵᠢᠯᠯᠠᠭᠠᠨ ᠢ ᠰᠡᠷᠭᠦᠭᠡᠨ᠎ᠡ᠃ ᠬᠢᠨᠠᠨ ᠵᠢᠯᠣᠭᠤᠳᠬᠤ ᠡᠩᠨᠡᠭᠡ ᠨᠢᠭᠡᠪᠦᠷᠢ ᠨᠢ ᠲᠠᠪᠤᠨ ᠬᠥᠮᠦᠨ ᠠᠴᠠ | ᠳᠤᠲᠠᠭᠤ ᠥᠬᠡᠶ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠲᠣᠮᠣ ᠳ᠋ᠠᠶᠢᠲ᠋ᠠ ᠶᠢᠨ ᠬᠠᠷᠭᠤᠭᠤᠯᠤᠨ ᠪᠠᠶᠢᠴᠠᠭᠠᠬᠤ᠂ | ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ | ᠬᠦᠷᠢᠶᠡᠨ ᠤ ᠰᠡᠷᠭᠡᠶᠢᠯᠡᠨ ᠡᠵᠡᠮᠳᠡᠬᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠵᠡᠷᠭᠡ | ᠲᠠᠯ᠎ᠠ ᠪᠠᠷ ᠪᠠᠶᠢᠩᠭᠤᠵᠢᠭᠰᠠᠨ ᠬᠢᠨᠠᠨ ᠵᠢᠯᠣᠭᠤᠳᠬᠤ ᠶᠢ ᠬᠡᠷᠡᠭᠵᠢᠭᠦᠯᠦᠨ᠎ᠡ᠃ ᠰᠡᠷᠭᠡᠶᠢᠯᠡᠨ ᠡᠵᠡᠮᠳᠡᠬᠦ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ᠂ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠨᠢ ᠬᠦᠷᠦᠯᠴᠡᠬᠦ ᠦᠭᠡᠢ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠣᠯᠵᠤ ᠮᠡᠳᠡᠭᠰᠡᠨ ᠠᠰᠠᠭᠤᠳᠠᠯ ᠢ ᠮᠥᠷᠳᠡᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ | ᠬᠦᠷᠦᠯᠴᠡᠬᠦ ᠥᠬᠡᠶ ᠠᠴᠠ ᠪᠣᠯᠵᠣ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ᠂ ᠬᠢᠨᠠᠨ ᠵᠢᠯᠣᠭᠤᠳᠬᠤ | ᠳᠤᠭᠤᠶᠢᠯᠠᠩ ᠨᠢ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠳ | ᠬᠤᠲᠠ ᠪᠠᠷ ᠯᠠᠪᠯᠠᠯᠲᠠ ᠪᠣᠯᠭᠠᠨ ᠵᠣᠬᠢᠴᠠᠩᠭᠤᠶ ᠪᠠᠶᠢᠩᠭᠤᠵᠢᠭᠰᠠᠨ ᠱᠠᠭᠠᠷᠳᠠᠨ ᠪᠠᠶᠢᠴᠠᠭᠠᠬᠤ ᠲᠣᠭᠲᠠᠴᠠ ᠶᠢ | ᠪᠠᠶᠢᠭᠤᠯᠤᠨ᠎ᠠ᠃ | | |