| | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ | ᠵᠠᠷᠯᠢᠭ 652 ᠳ᠋ᠤᠭᠠᠷ ᠲᠣᠭᠠᠲᠤ ︽ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠶᠢᠨ ᠳᠦᠷᠢᠮ︾ | ᠢ 2014 ᠣᠨ ᠤ 2 ᠰᠠᠷ᠎ᠠ ᠶᠢᠨ 26 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 40 ᠳ᠋ᠦ᠋ᠭᠡᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠪᠠᠲᠤᠯᠠᠵᠤ᠂ ᠡᠳᠦᠭᠡ ᠨᠡᠶᠢᠲᠡᠯᠡᠪᠡ᠂ | 2014 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠶᠡᠷᠦᠩᠬᠡᠶ ᠰᠠᠶᠢᠳ ᠯᠢ ᠺᠧ ᠴᠢᠶᠠᠩ 2014 ᠣᠨ ᠤ 4 ᠰᠠᠷ᠎ᠠ ᠶᠢᠨ 25 ᠤ ᠡᠳᠦᠷ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠶᠢᠨ ᠳᠦᠷᠢᠮ ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠶᠢ ᠵᠢᠷᠤᠮᠵᠢᠭᠤᠯᠤᠨ | ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠠᠵᠢᠯ | ᠦᠢᠯᠡᠰ ᠤᠨ ᠨᠢᠭᠡᠴᠢ ᠶᠢᠨ ᠥᠨᠳᠥᠷ ᠮᠡᠳᠡᠯᠭᠡ ᠪᠣᠯᠪᠠᠰᠤᠷᠠᠯ ᠲᠠᠢ ᠠᠵᠢᠯᠲᠠᠨ ᠤ ᠡᠩᠨᠡᠭᠡ ᠶᠢ ᠪᠠᠶᠢᠭᠤᠯᠤᠨ᠂ ᠣᠯᠠᠨ | ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠬᠠᠮᠢᠶᠠᠷᠤᠯᠲᠠ ᠳᠤ ᠨᠠᠮ ᠠᠴᠠ | ᠺᠠᠳ᠋ᠷ ᠢ ᠬᠠᠮᠢᠶᠠᠷᠬᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠠᠷᠠᠳᠴᠢᠯᠠᠯ ᠲᠠᠢ᠂ | ᠢᠯᠡ ᠲᠣᠳᠤᠷᠬᠠᠢ᠂ ᠥᠷᠢᠰᠥᠯᠳᠦᠭᠡᠨ ᠲᠠᠢ᠂ ᠰᠢᠯᠢᠳᠡᠭ ᠢ ᠨᠢ ᠰᠣᠩᠭᠤᠬᠤ ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠤᠨ᠎ᠠ᠃ ᠤᠯᠤᠰ ᠠᠴᠠ ᠠᠵᠢᠯ ᠦᠢᠯᠡᠰ ᠤᠨ ᠨᠢᠭᠡᠴᠢ ᠶᠢᠨ ᠠᠵᠢᠯᠳᠡᠠ ᠢ ᠵᠠᠰᠠᠭ | ᠵᠠᠬᠢᠷᠭᠠᠨ ᠤ ᠱᠠᠲᠤ ᠪᠠᠷ ᠲᠦᠷᠦᠯ ᠬᠤᠪᠢᠶᠠᠵᠤ ᠬᠠᠮᠢᠶᠠᠷᠤᠨ᠎ᠠ᠃ | ᠭᠤᠷᠪᠠᠳᠤᠭᠠᠷ ᠵᠦᠢᠯ ᠲᠥᠪ ᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠬᠦ ᠤᠯᠤᠰ ᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠡᠯ᠎ᠡ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠶ᠎ᠠ ᠣᠷᠣᠨ ᠤ ᠪᠠᠨ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶᠠᠯᠠᠠᠭᠳᠠᠬᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠬᠠᠮᠢᠶᠠᠷᠤᠯᠲᠠ ᠶᠢᠨ ᠠᠵᠢᠯ ᠢ ᠪᠣᠳᠠᠲᠠᠶ ᠬᠠᠷᠢᠭᠤᠴᠠᠨ᠎ᠠ᠃ | ᠳᠥᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠢ ᠨᠦᠭᠦᠳ ᠠᠵᠢᠯᠲᠠᠨ ᠤ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠠᠵᠢᠯ ᠦᠢᠯᠡᠰ ᠤᠨ ᠨᠢᠭᠡᠴᠢ ᠠᠴᠠ ᠠᠵᠢᠯᠳᠠᠨ ᠤ | ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤ ᠪᠠᠨ ᠠᠵᠢᠯᠳᠠᠨ | ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ ᠳᠠᠮᠵᠢᠭᠤᠯᠤᠨ ᠠᠵᠢᠯᠲᠠᠳ ᠤᠨ | ᠰᠠᠨᠠᠯ ᠢ ᠰᠣᠨᠣᠰᠬᠤ ᠬᠡᠷᠡᠭᠲᠡᠢ᠃ | ᠬᠤᠶᠠᠳᠤᠭᠠᠷ ᠪᠦᠯᠦᠭ ᠠᠵᠢᠯ ᠤᠨ ᠪᠠᠶᠢᠷᠢ ᠶᠢᠨ ᠲᠣᠬᠢᠷᠠᠭᠤᠯᠤᠯᠲᠠ | ᠲᠠᠪᠤᠳᠤᠭᠠᠷ ᠵᠦᠢᠯ ᠤᠯᠤᠰ ᠠᠴᠠ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ | ᠬᠠᠮᠢᠶᠠᠷᠤᠯᠲᠠ ᠶᠢᠨ ᠳᠦᠷᠢᠮ ᠢ ᠳᠣᠭᠲᠠᠭᠠᠵᠤ᠂ ᠠᠵᠢᠯ ᠤᠨ ᠪᠠᠶᠢᠷᠢ ᠶᠢᠨ ᠲᠦᠷᠦᠯ ᠢᠯᠭᠠᠯ ᠪᠠ ᠵᠡᠷᠭᠡ ᠳᠡᠰ ᠢ | ᠲᠣᠳᠣᠷᠬᠠᠶᠢᠯᠠᠨ᠎ᠠ᠃ | ᠵᠢᠷᠭᠤᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠣᠯᠤᠨ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ ᠤᠨ ᠪᠠᠶᠢᠷᠢ ᠶᠢ | ᠲᠣᠬᠢᠷᠠᠭᠤᠯᠬᠤ ᠬᠡᠷᠡᠭᠲᠡᠶ᠃ ᠠᠵᠢᠯ ᠤᠨ ᠪᠠᠶᠢᠷᠢ ᠨᠢ ᠲᠣᠳᠣᠷᠬᠠᠢ ᠨᠡᠷᠡᠶᠢᠳᠦᠯ᠂ ᠲᠤᠰᠢᠶᠠᠯ ᠬᠠᠷᠢᠭᠤᠴᠠᠯᠭ᠎ᠠ ᠪᠠ | ᠡᠭᠦᠷᠭᠡ᠂ ᠠᠵᠢᠯ ᠤᠨ ᠪᠠᠷᠢᠮᠵᠢᠶ᠎ᠠ ᠪᠠ ᠲᠤᠰᠢᠶᠠᠯ ᠡᠭᠦᠷᠭᠡᠯᠡᠬᠦ ᠨᠥᠬᠦᠴᠡᠯ ᠲᠠᠢ ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢ ᠲᠣᠬᠢᠷᠠᠭᠤᠯᠬᠤ | ᠲᠥᠰᠦᠯ ᠢ ᠲᠣᠭᠲᠠᠭᠠᠬᠤ ᠳᠤ ᠪᠠᠨ ᠠᠵᠢᠯᠲᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠭᠤᠷᠪᠠᠳᠤᠭᠠᠷ ᠪᠦᠯᠦᠭ ᠢᠯᠡ ᠪᠠᠷ ᠤᠷᠢᠬᠤ ᠪᠠ ᠥᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ | ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠢ ᠨᠢ ᠰᠢᠨ᠎ᠡ ᠪᠠᠷ ᠤᠷᠢᠬᠤ ᠠᠵᠢᠯᠲᠠᠨ ᠢᠶᠠᠨ ᠨᠡᠶᠢᠭᠡᠮ | ᠳᠡᠭᠡᠷ᠎ᠡ ᠠᠴᠠ ᠢᠯᠡ ᠪᠠᠷ ᠤᠷᠢᠬᠤ ᠬᠡᠷᠡᠭᠲᠡᠶ᠃ ᠭᠡᠪᠡᠴᠦ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ | ᠲᠣᠬᠢᠷᠠᠭᠤᠯᠤᠯᠲᠠ ᠶᠢ ᠠᠵᠢᠯᠳᠠᠨ ᠤ ᠬᠠᠮᠢᠶᠠᠷᠤᠯᠲᠠ ᠶᠢᠨ ᠡᠷᠬᠡ ᠶᠢᠨ ᠬᠡᠪᠴᠢᠶᠡᠨ ᠳᠤ ᠳᠡᠭᠡᠳᠦ ᠱᠠᠲᠤᠨ ᠠᠴᠠ | ᠲᠣᠮᠢᠯᠠᠨ᠎ᠠ᠂ ᠨᠢᠭᠤᠴᠠ ᠳᠤ ᠬᠤᠯᠪᠣᠭᠳᠠᠬᠤ ᠠᠵᠢᠯ ᠤᠨ ᠪᠠᠶᠢᠷᠢ ᠶᠢᠨ ᠬᠥᠮᠦᠰ ᠢ ᠡᠭᠦᠨ ᠳᠤ ᠪᠠᠭᠲᠠᠭᠠᠬᠤ ᠦᠭᠡᠢ᠃ | ᠶᠢᠰᠦᠳᠦᠭᠡᠷ ᠵᠦᠢᠯ ᠠᠵᠢᠯ ᠦᠢᠯᠡᠰ ᠤᠨ ᠨᠢᠭᠡᠴᠢ ᠨᠢ ᠢᠯᠡ ᠪᠠᠷ ᠠᠵᠢᠯᠲᠠᠨ ᠤᠷᠢᠬᠤ ᠳᠤ ᠪᠠᠨ ᠳᠤᠤᠷᠠᠬᠢ | ᠳᠡᠰ ᠳᠠᠷᠠᠭᠠᠯᠠᠯ ᠢᠶᠠᠷ ᠶᠠᠪᠤᠭᠳᠠᠭᠤᠯᠬᠤ ᠬᠡᠷᠡᠭᠲᠡᠶ᠄ ︵ᠨᠢᠭᠡ︶ ᠢᠯᠡ ᠪᠠᠷ ᠤᠷᠢᠬᠤ ᠲᠥᠰᠦᠯ ᠢ ᠳᠣᠭᠲᠠᠭᠠᠨ᠎ᠠ︔ ︵ | ᠬᠤᠶᠠᠷ︶ ᠤᠷᠢᠬᠤ ᠠᠵᠢᠯ ᠤᠨ ᠪᠠᠶᠢᠷᠢ᠂ ᠬᠢᠷᠢ ᠬᠡᠮ ᠤᠨ ᠨᠥᠬᠦᠴᠡᠯ ᠵᠡᠷᠭᠡ ᠤᠷᠢᠬᠤ ᠮᠡᠳᠡᠭᠡ ᠵᠠᠩᠭᠢ ᠶᠢ | ᠨᠡᠶᠢᠲᠡᠯᠡᠨ᠎ᠡ︔ ︵ᠭᠤᠷᠪᠠ︶ ᠤᠷᠢᠭᠳᠠᠬᠤ ᠬᠥᠮᠦᠰ ᠤᠨ ᠬᠢᠷᠢ ᠬᠡᠮ ᠤᠨ ᠨᠥᠬᠦᠴᠡᠯ ᠢ ᠬᠢᠨᠠᠨ ᠪᠠᠶᠢᠴᠠᠭᠠᠨ᠎ᠠ︔ ︵ | ᠲᠦᠷᠪᠡ︶ ᠰᠢᠯᠭᠠᠵᠤ ᠬᠢᠨᠠᠨ᠎ᠠ︔ ︵ᠲᠠᠪᠤ︶ ᠪᠡᠶ᠎ᠡ ᠶᠢᠨ ᠪᠠᠶᠢᠴᠠᠭᠠᠯᠲᠠ ᠬᠢᠨ᠎ᠡ︔ ︵ᠵᠢᠷᠭᠤᠭ᠎ᠠ︶ ᠤᠷᠢᠬᠤ | ᠬᠥᠮᠦᠰ ᠤᠨ ᠨᠡᠷᠡᠰ ᠢ ᠢᠯᠡ ᠨᠡᠶᠢᠲᠡᠯᠡᠨ᠎ᠡ︔ ︵ᠲᠤᠯᠤᠭ᠎ᠠ︶ ᠤᠷᠢᠵᠤ ᠬᠡᠷᠡᠭᠯᠡᠬᠦ ᠭᠡᠷ᠎ᠡ ᠲᠣᠭᠲᠠᠭᠠᠵᠤ᠂ ᠤᠷᠢᠵᠤ | ᠬᠡᠷᠡᠭᠯᠡᠬᠦ ᠭᠠᠷ ᠭᠦᠢᠴᠡᠳᠬᠡᠯ ᠬᠢᠨ᠎ᠡ᠃ | ᠠᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠳᠤ ᠠᠵᠢᠯ ᠤᠨ ᠪᠠᠶᠢᠷᠢ ᠶᠢᠨ | ᠵᠢᠰᠢᠭᠳᠡᠭᠴᠢ ᠭᠠᠷᠴᠤ᠂ ᠥᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ ᠴᠢᠬᠤᠯᠠᠲᠠᠶ ᠪᠣᠯ᠂ ᠳᠤᠤᠷᠠᠬᠢ ᠳᠡᠰ | ᠳᠠᠷᠠᠭᠠᠯᠠᠯ ᠢᠶᠠᠷ ᠶᠠᠪᠤᠭᠳᠠᠭᠤᠯᠬᠤ ᠬᠡᠷᠡᠭᠲᠡᠶ᠄ ︵ᠨᠢᠭᠡ︶ ᠥᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ | ᠲᠥᠰᠦᠯ ᠢ ᠲᠣᠭᠲᠠᠭᠠᠨ᠎ᠠ︔ ︵ᠬᠤᠶᠠᠷ︶ ᠲᠣᠰ ᠨᠢᠭᠡᠴᠢ ᠳᠤ ᠪᠠᠨ ᠦᠷᠢᠰᠦᠯᠳᠦᠬᠦ ᠠᠵᠢᠯ ᠤᠨ ᠪᠠᠶᠢᠷᠢ᠂ ᠬᠢᠷᠢ | ᠬᠡᠮ ᠤᠨ ᠨᠥᠬᠦᠴᠡᠯ᠂ ᠤᠷᠢᠬᠤ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠨᠡᠶᠢᠲᠡᠯᠡᠨ᠎ᠡ︔ ︵ᠭᠤᠷᠪᠠ︶ | ᠦᠷᠢᠰᠦᠯᠳᠦᠭᠰᠡᠳ ᠤᠨ ᠬᠢᠷᠢ ᠬᠡᠮ ᠤᠨ ᠨᠥᠬᠦᠴᠡᠯ ᠢ ᠬᠢᠨᠠᠨ ᠪᠠᠶᠢᠴᠠᠭᠠᠨ᠎ᠠ︔ ︵ᠳᠥᠷᠪᠡ︶ ᠰᠢᠯᠭᠠᠨ ᠦᠨᠡᠯᠡᠨ᠎ᠡ︔ | ︵ᠲᠠᠪᠤ︶ ᠲᠣᠰ ᠨᠢᠭᠡᠴᠢ ᠳᠤ ᠪᠠᠨ ᠤᠷᠢᠬᠤ ᠪᠠᠷ ᠵᠢᠰᠢᠭᠳᠡᠭᠰᠡᠳ ᠤᠨ ᠨᠡᠷᠡᠰ ᠢ ᠢᠯᠡ ᠨᠡᠶᠢᠲᠡᠯᠡᠨ᠎ᠡ︔ ︵ᠵᠢᠷᠭᠤᠭ᠎ᠠ︶ | ᠤᠷᠢᠨ ᠲᠣᠮᠢᠯᠠᠬᠤ ᠭᠠᠷ ᠭᠦᠢᠴᠡᠳᠭᠡᠯ ᠬᠢᠨ᠎ᠡ᠃ | ᠠᠷᠪᠠᠨ ᠨᠢᠭᠡᠳᠦᠭᠡᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠳ ᠢ ᠤᠯᠤᠰ ᠤᠨ | ᠬᠤᠯᠪᠤᠭᠳᠠᠬᠤ ᠲᠣᠭᠲᠠᠭᠠᠯ ᠶᠣᠰᠤ ᠪᠠᠷ ᠰᠣᠯᠢᠯᠴᠠᠵᠤ ᠪᠣᠯᠤᠨ᠎ᠠ᠃ | ᠳᠥᠷᠪᠡᠳᠦᠭᠡᠷ ᠪᠦᠯᠦᠭ ᠤᠷᠢᠨ ᠬᠡᠷᠡᠭᠯᠡᠬᠦ ᠭᠡᠷ᠎ᠡ | ᠠᠷᠪᠠᠨ ᠬᠤᠶᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠯᠤᠭ᠎ᠠ ᠲᠣᠭᠲᠠᠭᠠᠭᠰᠠᠨ | ᠤᠷᠢᠨ ᠬᠡᠷᠡᠭᠯᠡᠬᠦ ᠭᠡᠷ᠎ᠡ ᠶᠢᠨ ᠬᠤᠭᠤᠴᠠᠭ᠎ᠠ ᠨᠢ ᠡᠩ ᠤᠨ ᠪᠠᠶᠢᠳᠠᠯ ᠳᠤ ᠬᠠᠮᠤᠭ ᠤᠨ ᠣᠬᠤᠷ ᠲᠤ ᠪᠠᠨ 3 ᠵᠢᠯ ᠪᠠᠶᠢᠬᠤ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠠᠩᠬ᠎ᠠ ᠤᠳᠠᠭ᠎ᠠ ᠠᠵᠢᠯ ᠣᠯᠤᠭᠰᠠᠨ ᠠᠵᠢᠯᠲᠠᠨ ᠤ ᠠᠵᠢᠯ ᠦᠢᠯᠡᠰ ᠤᠨ | ᠨᠢᠭᠡᠴᠢ ᠯᠦᠭᠡ ᠲᠣᠭᠲᠠᠭᠠᠭᠰᠠᠨ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭ᠎ᠠ ᠨᠢ 3 ᠵᠢᠯ ᠠᠴᠠ ᠳᠡᠭᠡᠭᠰᠢ ᠪᠠᠶᠢᠪᠠᠯ᠂ | ᠲᠤᠷᠰᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ ᠪᠣᠯᠤᠨ᠎ᠠ᠃ | ᠠᠷᠪᠠᠨ ᠳᠥᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠲᠤᠰ ᠨᠢᠭᠡᠴᠢ ᠳᠤ ᠪᠠᠨ | ᠦᠷᠭᠦᠯᠵᠢᠯᠡᠨ ᠪᠦᠬᠦᠯᠢ 10 ᠵᠢᠯ ᠠᠵᠢᠯᠯᠠᠭᠰᠠᠨ ᠪᠥᠭᠡᠳ ᠬᠠᠤᠯᠢ ᠪᠠᠷ ᠲᠣᠭᠲᠠᠭᠠᠭᠰᠠᠨ ᠠᠵᠢᠯ ᠠᠴᠠ | ᠳᠠᠷᠬᠠᠯᠠᠭᠳᠠᠬᠤ ᠨᠠᠰᠤ ᠨᠢ 10 ᠵᠢᠯ ᠬᠦᠷᠬᠦ ᠦᠭᠡᠢ ᠪᠥᠭᠡᠳ ᠤᠷᠢᠵᠤ ᠬᠡᠷᠡᠭᠯᠡᠬᠦ ᠠᠴᠠ ᠠᠪᠤᠭᠠᠳ ᠠᠵᠢᠯ ᠠᠴᠠ | ᠳᠠᠷᠬᠠᠯᠠᠭᠳᠠᠬᠤ ᠬᠦᠷᠲᠡᠯ᠎ᠡ ᠭᠡᠷ᠎ᠡ ᠲᠣᠭᠲᠠᠬᠤ ᠪᠠᠷ ᠳᠤᠷᠠᠳᠤᠭᠰᠠᠨ ᠪᠠᠶᠢᠪᠠᠯ᠂ ᠠᠵᠢᠯ ᠦᠢᠯᠡᠰ ᠤᠨ ᠨᠢᠭᠡᠴᠢ ᠠᠴᠠ | ᠲᠡᠭᠦᠨ ᠲᠠᠢ ᠤᠷᠢᠵᠤ ᠬᠡᠷᠡᠭᠯᠡᠬᠦ ᠠᠴᠠ ᠠᠪᠤᠭᠠᠳ ᠠᠵᠢᠯ ᠠᠴᠠ ᠳᠠᠷᠬᠠᠯᠠᠭᠳᠠᠬᠤ ᠬᠦᠷᠲᠡᠯᠡᠬᠢ ᠭᠡᠷ᠎ᠡ ᠲᠣᠭᠲᠠᠬᠤ | ᠬᠡᠷᠡᠭᠲᠡᠶ᠃ | ᠠᠷᠪᠠᠨ ᠲᠠᠪᠤᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠦᠷᠭᠦᠯᠵᠢᠯᠡᠨ 15 | ᠠᠵᠢᠯᠯᠠᠬᠤ ᠡᠳᠦᠷ ᠠᠴᠠ ᠳᠡᠭᠡᠭᠰᠢ ᠠᠵᠢᠯ ᠰᠠᠭᠠᠲᠠᠭᠰᠠᠨ ᠪᠤᠶᠤ 1 ᠵᠢᠯ ᠳᠤ 30 ᠠᠵᠢᠯᠯᠠᠬᠤ ᠡᠳᠦᠷ ᠠᠴᠠ ᠳᠡᠭᠡᠭᠰᠢ | ᠠᠵᠢᠯ ᠰᠠᠭᠠᠲᠠᠭᠰᠠᠨ ᠪᠠᠶᠢᠪᠠᠯ᠂ ᠠᠵᠢᠯ ᠦᠢᠯᠡᠰ ᠤᠨ ᠨᠢᠭᠡᠴᠢ ᠠᠴᠠ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ | ᠪᠣᠯᠭᠠᠵᠤ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠵᠢᠯ ᠤᠨ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠦᠭᠡᠶ ᠮᠥᠷᠲᠡᠭᠡᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠬᠢᠬᠦ ᠶᠢ | ᠵᠥᠪᠰᠢᠶᠡᠷᠡᠬᠦ ᠦᠭᠡᠶ᠂ ᠡᠰᠡᠬᠦᠯ᠎ᠡ ᠬᠤᠶᠠᠷ ᠵᠢᠯ ᠳᠠᠷᠠᠭᠠᠯᠠᠨ ᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ | ᠦᠭᠡᠶ ᠪᠣᠯ ᠠᠵᠢᠯ ᠦᠢᠯᠡᠰ ᠤᠨ ᠨᠢᠭᠡᠴᠢ ᠠᠴᠠ 30 ᠡᠳᠦᠷ ᠤᠨ ᠡᠮᠦᠨ᠎ᠡ ᠪᠢᠴᠢᠭ ᠢᠶᠠᠷ ᠮᠡᠳᠡᠭᠳᠡᠵᠦ᠂ ᠤᠷᠢᠨ | ᠬᠡᠷᠡᠭᠯᠡᠬᠦ ᠭᠡᠷ᠎ᠡ ᠪᠠᠨ ᠬᠦᠴᠦᠨ ᠦᠭᠡᠶ ᠪᠣᠯᠭᠠᠵᠤ ᠪᠣᠯᠤᠨ᠎ᠠ᠃ | ᠠᠷᠪᠠᠨ ᠳᠣᠯᠣᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯ ᠦᠢᠯᠡᠰ ᠤᠨ | ᠨᠢᠭᠡᠴᠢ ᠳᠤ ᠪᠠᠨ 30 ᠡᠳᠦᠷ ᠤᠨ ᠡᠮᠦᠨ᠎ᠡ ᠪᠢᠴᠢᠭ ᠢᠶᠠᠷ ᠮᠡᠳᠡᠭᠳᠡᠵᠦ᠂ ᠤᠷᠢᠵᠤ ᠬᠡᠷᠡᠭᠯᠡᠬᠦ ᠭᠡᠷ᠎ᠡ ᠪᠠᠨ ᠬᠦᠴᠦᠨ | ᠦᠭᠡᠶ ᠪᠣᠯᠭᠠᠵᠤ ᠪᠣᠯᠤᠨ᠎ᠠ᠃ ᠭᠡᠪᠡᠴᠦ ᠬᠤᠶᠠᠷ ᠲᠠᠯ᠎ᠠ ᠪᠠᠷ ᠢᠶᠠᠨ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠢ | ᠪᠣᠯᠭᠠᠬᠤ ᠲᠤᠬᠠᠢ ᠥᠭᠡᠷ᠎ᠡ ᠶᠠᠩᠵᠤ ᠪᠠᠷ ᠬᠡᠯᠡᠯᠴᠡᠨ ᠳᠣᠭᠲᠠᠭᠰᠠᠨ ᠪᠣᠯ ᠡᠭᠦᠨ ᠳᠤ ᠪᠠᠭᠲᠠᠬᠤ ᠦᠭᠡᠢ᠃ | ᠠᠷᠪᠠᠨ ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠨᠢ ᠠᠵᠢᠯ ᠠᠴᠠ ᠪᠠᠨ | ᠬᠥᠭᠡᠭᠡᠭᠳᠡᠬᠦ ᠰᠢᠢᠳᠭᠡᠯ ᠣᠯᠤᠭᠰᠠᠨ ᠪᠣᠯ ᠤᠷᠢᠵᠤ ᠬᠡᠷᠡᠭᠯᠡᠬᠦ ᠭᠡᠷ᠎ᠡ ᠪᠠᠨ ᠬᠦᠴᠦᠨ ᠦᠭᠡᠶ ᠪᠣᠯᠭᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠤᠷᠢᠵᠤ ᠬᠡᠷᠡᠭᠯᠡᠬᠦ ᠭᠡᠷ᠎ᠡ ᠶᠢ ᠬᠠᠤᠯᠢ ᠶᠣᠰᠤ ᠪᠠᠷ ᠬᠦᠴᠦᠨ ᠦᠭᠡᠢ | ᠪᠣᠯᠭᠠᠭᠰᠠᠨ ᠡᠳᠦᠷ ᠠᠴᠠ ᠡᠬᠢᠯᠡᠨ᠂ ᠠᠵᠢᠯ ᠦᠢᠯᠡᠰ ᠤᠨ ᠨᠢᠭᠡᠴᠢ ᠬᠢᠭᠡᠳ ᠤᠷᠢᠵᠤ ᠬᠡᠷᠡᠭᠯᠡᠬᠦ ᠭᠡᠷ᠎ᠡ ᠶᠢ ᠬᠦᠴᠦᠨ | ᠦᠭᠡᠢ ᠪᠣᠯᠭᠠᠭᠰᠠᠨ ᠠᠵᠢᠯᠲᠠᠨ ᠤ ᠬᠠᠷᠢᠴᠠᠭ᠎ᠠ ᠳᠠᠰᠤᠷᠠᠨ᠎ᠠ᠃ | ᠲᠠᠪᠤᠳᠤᠭᠠᠷ ᠪᠦᠯᠦᠭ ᠰᠢᠯᠭᠠᠨ ᠬᠢᠨᠠᠬᠤ ᠪᠠ ᠪᠣᠯᠪᠠᠰᠤᠷᠠᠭᠤᠯᠬᠤ | ᠬᠤᠷᠢᠳᠤᠭᠠᠷ ᠵᠦᠢᠯ ᠠᠵᠢᠯ ᠦᠢᠯᠡᠰ ᠤᠨ ᠨᠢᠭᠡᠴᠢ ᠤᠷᠢᠨ ᠬᠡᠷᠡᠭᠯᠡᠬᠦ ᠭᠡᠷ᠎ᠡ ᠳᠤ ᠲᠣᠭᠲᠠᠭᠠᠭᠰᠠᠨ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠠᠵᠢᠯᠲᠠᠨ᠋ ᠤ ᠢᠯᠡᠷᠡᠯ ᠢ ᠪᠦᠬᠦ ᠲᠠᠯ᠎ᠠ ᠪᠠᠷ | ᠰᠢᠯᠭᠠᠨ ᠬᠢᠨᠠᠬᠤ ᠪᠥᠭᠡᠳ ᠠᠵᠢᠯ ᠤᠨ ᠠᠮᠵᠢᠯᠲᠠ ᠪᠦᠲᠦᠮᠵᠢ ᠶᠢ ᠭᠤᠣᠯᠳᠠᠯᠭᠠᠲᠠᠢ ᠰᠢᠯᠭᠠᠨ ᠬᠢᠨᠠᠬᠤ ᠬᠡᠷᠡᠭᠲᠡᠶ᠃ | ᠰᠢᠯᠭᠠᠨ ᠬᠢᠨᠠᠬᠤ ᠳᠤ ᠪᠠᠨ ᠦᠢᠯᠡᠴᠢᠯᠡᠬᠦ ᠡᠲᠡᠭᠡᠳ ᠤᠨ ᠰᠠᠨᠠᠯ ᠪᠠ ᠦᠨᠡᠯᠡᠯᠲᠡ ᠶᠢ ᠰᠣᠨᠣᠰᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠰᠢᠯᠭᠠᠨ ᠬᠢᠨᠠᠬᠤ ᠶᠢ ᠡᠩ ᠤᠨ ᠦᠶ᠎ᠡ ᠶᠢᠨ ᠰᠢᠯᠭᠠᠨ ᠬᠢᠨᠠᠬᠤ᠂ ᠵᠢᠯ ᠤᠨ | ᠰᠢᠯᠭᠠᠨ ᠬᠢᠨᠠᠬᠤ ᠪᠠ ᠤᠷᠢᠬᠤ ᠬᠤᠭᠤᠴᠠᠭᠠᠨ ᠤ ᠰᠢᠯᠭᠠᠨ ᠬᠢᠨᠠᠬᠤ ᠭᠡᠵᠦ ᠬᠤᠪᠢᠶᠠᠨ᠎ᠠ᠃ ᠵᠢᠯ ᠤᠨ ᠰᠢᠯᠭᠠᠨ | ᠬᠢᠨᠠᠭᠰᠠᠨ ᠦᠷ᠎ᠡ ᠳ᠋ᠦᠩ ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ ᠳᠤ ᠪᠠᠨ ᠬᠢᠷᠢ ᠲᠡᠩᠴᠡᠭᠰᠡᠨ ᠪᠠ ᠬᠢᠷᠢ | ᠲᠡᠩᠴᠡᠭᠰᠡᠨ ᠦᠭᠡᠶ ᠭᠡᠬᠦ ᠳᠡᠰ ᠬᠤᠪᠢᠶᠠᠵᠤ᠂ ᠤᠷᠢᠬᠤ ᠬᠤᠭᠤᠴᠠᠭᠠᠨ ᠤ ᠰᠢᠯᠭᠠᠨ ᠬᠢᠨᠠᠭᠰᠠᠨ ᠦᠷ᠎ᠡ ᠳ᠋ᠦᠩ ᠢ ᠬᠢᠷᠢ | ᠲᠡᠩᠴᠡᠭᠰᠡᠨ ᠪᠠ ᠬᠢᠷᠢ ᠲᠡᠩᠴᠡᠭᠰᠡᠨ ᠦᠭᠡᠶ ᠭᠡᠬᠦ ᠳᠡᠰ ᠬᠤᠪᠢᠶᠠᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠢ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠤ ᠠᠵᠢᠯ ᠤᠨ ᠪᠠᠶᠢᠷᠢ᠂ ᠴᠠᠯᠢᠩ ᠢ ᠲᠣᠬᠢᠷᠠᠭᠤᠯᠬᠤ ᠵᠢᠴᠢ ᠤᠷᠢᠨ ᠬᠡᠷᠡᠭᠯᠡᠬᠦ ᠭᠡᠷ᠎ᠡ ᠶᠢ | ᠦᠷᠭᠦᠯᠵᠢᠯᠡᠭᠦᠯᠬᠦ ᠶᠢᠨ ᠦᠨᠳᠦᠰᠦᠯᠡᠯ ᠪᠣᠯᠭᠠᠨ᠎ᠠ᠃ | ᠬᠤᠷᠢᠨ ᠭᠤᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠢ ᠨᠢ ᠠᠳᠠᠯᠢ ᠪᠤᠰᠤ ᠠᠵᠢᠯ ᠤᠨ | ᠪᠠᠶᠢᠷᠢ ᠶᠢᠨ ᠱᠠᠭᠠᠷᠳᠠᠯᠭ᠎ᠠ ᠶᠣᠰᠤ ᠪᠠᠷ ᠠᠵᠢᠯᠲᠠᠨ ᠢ ᠪᠣᠯᠪᠠᠰᠤᠷᠠᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ | ᠠᠵᠢᠯᠲᠠᠨ ᠢᠶᠠᠨ ᠳᠡᠰ ᠬᠤᠪᠢᠶᠠᠵᠤ ᠲᠥᠷᠥᠯ ᠬᠤᠪᠢᠶᠠᠨ ᠪᠣᠯᠪᠠᠰᠤᠷᠠᠭᠤᠯᠬᠤ ᠬᠡᠷᠡᠭᠲᠡᠶ᠃ ᠠᠵᠢᠯᠳᠠᠨ ᠠᠵᠢᠯᠯᠠᠵᠤ | ᠪᠠᠶᠢᠭ᠎ᠠ ᠨᠢᠭᠡᠴᠢ ᠶᠢᠨ ᠢᠶᠠᠨ ᠱᠠᠭᠠᠷᠳᠠᠯᠭ᠎ᠠ ᠶᠣᠰᠤ ᠪᠠᠷ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ | ᠪᠠ ᠣᠨᠴᠠ ᠲᠣᠭᠲᠠᠭᠰᠠᠨ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠢᠭᠰᠡᠨ ᠲᠤᠰᠬᠠᠢ ᠪᠣᠯᠪᠠᠰᠤᠷᠠᠭᠤᠯᠤᠯ ᠳᠤ | ᠣᠷᠣᠯᠴᠠᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠪᠣᠯᠪᠠᠰᠤᠷᠠᠭᠤᠯᠤᠯ ᠤᠨ ᠵᠠᠷᠤᠳᠠᠯ ᠢ ᠤᠯᠤᠰ ᠤᠨ ᠬᠤᠯᠪᠤᠭᠳᠠᠬᠤ | ᠲᠣᠭᠲᠠᠭᠠᠯ ᠶᠣᠰᠤ ᠪᠠᠷ ᠵᠠᠷᠤᠴᠠᠭᠤᠯᠬᠤ ᠬᠡᠷᠡᠭᠲᠡᠶ᠃ | ᠵᠢᠷᠭᠤᠳᠤᠭᠠᠷ ᠪᠦᠯᠦᠭ ᠱᠠᠩᠨᠠᠬᠤ ᠪᠠ ᠰᠢᠢᠳᠭᠡᠬᠦ | ᠬᠤᠷᠢᠨ ᠲᠠᠪᠤᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠤᠶᠤ ᠬᠠᠮᠲᠤ ᠨᠡᠶᠢᠲᠡ ᠳᠤ | ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠱᠠᠩᠨᠠᠯ ᠣᠯᠭᠤᠨ᠎ᠠ᠄ ︵ᠨᠢᠭᠡ︶ ᠤᠷᠳᠤ ᠬᠤᠭᠤᠴᠠᠭ᠎ᠠ ᠪᠠᠷ ᠦᠨᠳᠦᠰᠦᠨ | ᠱᠠᠲᠤᠨ ᠳᠤ ᠦᠢᠯᠡᠴᠢᠯᠡᠵᠦ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠢᠯᠡᠷᠡᠯ ᠨᠢ | ᠲᠤᠪᠤᠶᠢᠮ᠎ᠠ ᠪᠠᠶᠢᠬᠤ︔ ︵ᠬᠤᠶᠠᠷ︶ ᠤᠯᠤᠰ ᠤᠨ ᠴᠢᠬᠤᠯᠠ ᠡᠭᠦᠷᠭᠡ ᠶᠢ ᠭᠦᠢᠴᠡᠳᠬᠡᠬᠦ᠂ ᠬᠦᠨᠳᠦ ᠶᠡᠭᠡ | ᠭᠡᠨᠡᠳᠲᠡ ᠶᠢᠨ ᠬᠡᠷᠡᠭ ᠢ ᠠᠷᠭᠠᠴᠠᠬᠤ ᠳᠤᠮᠳᠠ ᠲᠤᠪᠤᠶᠢᠮ᠎ᠠ ᠢᠯᠡᠷᠡᠯ ᠲᠠᠢ ᠪᠠᠶᠢᠬᠤ︔ ︵ᠭᠤᠷᠪᠠ︶ ᠠᠵᠢᠯ ᠤᠨ | ᠳᠤᠮᠳᠠ ᠪᠠᠨ ᠴᠢᠬᠤᠯᠠ ᠶᠡᠭᠡ ᠡᠭᠦᠳᠦᠯᠲᠡ ᠪᠦᠲᠦᠭᠡᠯᠲᠡ᠂ ᠲᠧᠭᠨᠢᠭ ᠮᠡᠷᠭᠡᠵᠢᠯ ᠤᠨ ᠰᠢᠨᠡᠴᠢᠯᠡᠯᠲᠡ ᠬᠢᠭᠰᠡᠨ︔ ︵ | ᠲᠦᠷᠪᠡ︶ ᠴᠢᠳᠠᠪᠤᠷᠢᠲᠠᠨ ᠢ ᠬᠥᠮᠦᠵᠢᠭᠦᠯᠬᠦ᠂ ᠲᠡᠷᠢᠭᠦᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠳᠤ ᠲᠤᠪᠤᠶᠢᠮ᠎ᠠ | ᠬᠤᠪᠢ ᠨᠡᠮᠡᠷᠢ ᠦᠵᠡᠭᠦᠯᠦᠭᠰᠡᠨ︔ ︵ᠲᠠᠪᠤ︶ ᠪᠤᠰᠤᠳ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ᠃ | ᠬᠤᠷᠢᠨ ᠵᠢᠷᠭᠤᠳᠤᠭᠠᠷ ᠵᠦᠢᠯ ᠱᠠᠩᠨᠠᠬᠤ ᠳᠤ ᠣᠶᠤᠨ ᠤ ᠱᠠᠩᠨᠠᠯ ᠪᠣᠯᠤᠨ ᠪᠣᠳᠠᠰ ᠤᠨ ᠱᠠᠩᠨᠠᠯ ᠢ | ᠤᠶᠠᠯᠳᠤᠭᠤᠯᠵᠤ᠂ ᠣᠶᠤᠨ ᠤ ᠱᠠᠩᠨᠠᠯ ᠢᠶᠠᠷ ᠭᠤᠤᠯ ᠪᠣᠯᠭᠠᠬᠤ ᠵᠠᠷᠴᠢᠮ ᠢ ᠪᠠᠷᠢᠮᠲᠠᠯᠠᠨ᠎ᠠ᠃ | ᠬᠤᠷᠢᠨ ᠳᠣᠯᠣᠳᠤᠭᠠᠷ ᠵᠦᠢᠯ ᠬᠥᠬᠢᠭᠦᠯᠦᠨ ᠱᠠᠩᠨᠠᠬᠤ ᠳᠤ ᠬᠥᠬᠢᠭᠦᠯᠦᠨ ᠰᠠᠶᠢᠰᠢᠶᠠᠬᠤ᠂ ᠭᠠᠪᠢᠶ᠎ᠠ | ᠲᠡᠮᠳᠡᠭᠯᠡᠬᠦ᠂ ᠶᠡᠭᠡ ᠭᠠᠪᠢᠶ᠎ᠠ ᠲᠡᠮᠳᠡᠭᠯᠡᠬᠦ᠂ ᠢᠷᠠᠭᠤ ᠠᠯᠳᠠᠷ ᠤᠨ ᠴᠣᠯᠠ ᠣᠯᠭᠤᠬᠤ ᠭᠡᠵᠦ ᠬᠤᠪᠢᠶᠠᠨ᠎ᠠ᠃ | ᠬᠤᠷᠢᠨ ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠳᠤ ᠳᠤᠤᠷᠠᠬᠢ ᠦᠢᠯᠡ | ᠠᠵᠢᠯᠯᠠᠭᠠᠨ ᠤ ᠨᠢᠭᠡ ᠨᠢ ᠪᠠᠶᠢᠪᠠᠯ ᠰᠢᠢᠳᠭᠡᠯ ᠣᠯᠭᠤᠨ᠎ᠠ᠄ ︵ᠨᠢᠭᠡ︶ ᠤᠯᠤᠰ ᠤᠨ ᠨᠡᠷ᠎ᠡ ᠬᠦᠨᠳᠦ ᠪᠠ ᠠᠰᠢᠭ | ᠲᠤᠰᠠ ᠶᠢ ᠬᠤᠬᠢᠷᠠᠭᠤᠯᠤᠭᠰᠠᠨ︔ ︵ᠬᠤᠶᠠᠷ︶ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ︔ ︵ | ᠭᠤᠷᠪᠠ︶ ᠠᠵᠢᠯ ᠤᠨ ᠲᠦᠬᠦᠮ ᠢᠶᠠᠨ ᠠᠰᠢᠭᠯᠠᠨ ᠵᠦᠢ ᠶᠣᠰᠤᠨ ᠤ ᠪᠤᠰᠤ ᠠᠰᠢᠭ ᠲᠤᠰᠠ ᠣᠯᠤᠭᠰᠠᠨ︔ ︵ | ᠳᠥᠷᠪᠡ︶ ᠤᠯᠤᠰ ᠤᠨ ᠡᠳ᠋ ᠬᠥᠷᠥᠩᠭᠡ ᠶᠢ ᠪᠦᠷᠢᠯᠭᠡᠨ ᠰᠦᠢᠳᠬᠡᠭᠰᠡᠨ︔ ︵ᠲᠠᠪᠤ︶ ᠠᠵᠢᠯ ᠮᠡᠷᠭᠡᠵᠢᠯ ᠤᠨ ᠶᠣᠰᠣ | ᠮᠣᠷᠠᠯ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠬᠦᠨᠳᠦ ᠨᠣᠴᠢᠲᠠᠢ ᠵᠥᠷᠢᠴᠡᠭᠰᠡᠨ︔ ︵ᠵᠢᠷᠭᠤᠭ᠎ᠠ︶ ᠰᠠᠬᠢᠯᠭ᠎ᠠ | ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠪᠤᠰᠤᠳ ᠪᠠᠶᠢᠳᠠᠯ᠃ | ᠬᠤᠷᠢ ᠶᠢᠰᠦᠳᠦᠭᠡᠷ ᠵᠦᠢᠯ ᠰᠢᠢᠳᠭᠡᠯ ᠢ ᠰᠡᠷᠡᠮᠵᠢ ᠥᠭᠬᠦ᠂ ᠣᠰᠣᠯ ᠲᠡᠮᠳᠡᠭᠯᠡᠬᠦ᠂ ᠠᠵᠢᠯ ᠤᠨ | ᠪᠠᠶᠢᠷᠢ ᠶᠢᠨ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ | ᠭᠡᠵᠦ ᠬᠤᠪᠢᠶᠠᠨ᠎ᠠ᠃ ᠰᠢᠢᠳᠭᠡᠯ ᠣᠯᠤᠭᠰᠠᠨ ᠬᠤᠭᠤᠴᠠᠭ᠎ᠠ ᠨᠢ᠄ ᠳᠣᠩᠭᠤᠳᠬᠤ ᠰᠢᠢᠳᠭᠡᠯ 6 ᠰᠠᠷ᠎ᠠ︔ ᠣᠰᠣᠯ | ᠲᠡᠮᠳᠡᠭᠯᠡᠬᠦ 12 ᠰᠠᠷ᠎ᠠ︔ ᠠᠵᠢᠯ ᠤᠨ ᠪᠠᠶᠢᠷᠢ ᠶᠢᠨ ᠳᠡᠰ ᠢ ᠪᠠᠭᠤᠷᠠᠭᠤᠯᠬᠤ ᠪᠤᠶᠤ ᠲᠤᠰᠢᠶᠠᠯ ᠠᠴᠠ ᠨᠢ | ᠤᠭᠴᠠᠷᠠᠭᠤᠯᠬᠤ 24 ᠰᠠᠷ᠎ᠠ᠃ | ᠭᠤᠴᠢᠳᠤᠭᠠᠷ ᠵᠦᠢᠯ ᠠᠵᠢᠯᠲᠠᠨ ᠳᠤ ᠰᠢᠢᠳᠭᠡᠯ ᠣᠯᠭᠤᠬᠤ ᠳᠤ᠂ ᠪᠣᠳᠠᠲᠤ ᠬᠡᠷᠡᠭ ᠨᠢ ᠲᠣᠳᠣᠷᠬᠠᠶ᠂ | ᠭᠡᠷᠡᠴᠢ ᠪᠠᠷᠢᠮᠲᠠ ᠨᠢ ᠦᠨᠡᠨ ᠪᠣᠳᠠᠲᠠᠶ᠂ ᠰᠢᠨᠵᠢ ᠴᠢᠨᠠᠷ ᠢ ᠲᠣᠭᠲᠠᠭᠠᠭᠰᠠᠨ ᠨᠢ ᠣᠨᠣᠪᠴᠢᠲᠠᠶ᠂ | ᠰᠢᠢᠳᠪᠦᠷᠢᠯᠡᠭᠰᠡᠨ ᠨᠢ ᠵᠣᠬᠢᠰᠲᠠᠶ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠭᠠᠷ ᠭᠦᠢᠴᠡᠳᠭᠡᠯ ᠨᠢ ᠪᠦᠷᠢᠨ | ᠭᠦᠢᠴᠡᠳ ᠪᠠᠶᠢᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠠᠵᠢᠯᠲᠠᠨ ᠨᠢ ᠠᠵᠢᠯ ᠠᠴᠠ ᠪᠠᠨ ᠬᠥᠭᠡᠭᠡᠭᠳᠡᠬᠦ ᠰᠢᠢᠳᠭᠡᠯᠯ ᠣᠯᠵᠤ᠂ | ᠰᠢᠢᠳᠭᠡᠯ ᠣᠯᠤᠭᠰᠠᠨ ᠬᠤᠭᠤᠴᠠᠭᠠᠨ ᠳᠤ ᠪᠠᠨ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠳᠠᠬᠢᠵᠤ | ᠭᠠᠷᠭᠠᠭᠰᠠᠨ ᠦᠭᠡᠶ ᠪᠣᠯ ᠰᠢᠢᠳᠭᠡᠯ ᠤᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠰᠢᠢᠳᠭᠡᠯ ᠥᠭᠬᠦ ᠶᠢ | ᠲᠣᠭᠲᠠᠭᠠᠭᠰᠠᠨ ᠨᠢᠭᠡᠴᠢ ᠠᠴᠠ ᠰᠢᠢᠳᠭᠡᠯ ᠢ ᠨᠢ ᠲᠠᠶᠢᠯᠬᠤ ᠶᠢᠨ ᠬᠠᠮᠲᠤ ᠪᠢᠴᠢᠭ ᠤᠨ ᠬᠡᠯᠪᠡᠷᠢ ᠪᠠᠷ ᠲᠤᠰ | ᠬᠥᠮᠦᠨ ᠳᠤ ᠨᠢ ᠮᠡᠳᠡᠭᠳᠡᠬᠦ ᠬᠡᠷᠡᠭᠲᠡᠶ᠃ | ᠳᠣᠯᠣᠳᠤᠭᠠᠷ ᠪᠦᠯᠦᠭ ᠴᠠᠯᠢᠩ ᠠᠰᠠᠷᠠᠮᠵᠢ ᠪᠠ ᠨᠡᠶᠢᠭᠡᠮ ᠤᠨ ᠳᠠᠭᠠᠳᠬᠠᠯ | ᠭᠤᠴᠢᠨ ᠬᠤᠶᠠᠳᠤᠭᠠᠷ ᠵᠦᠢᠯ ᠤᠯᠤᠰ ᠠᠴᠠ ᠵᠣᠷᠢᠭᠵᠢᠭᠤᠯᠬᠤ ᠪᠠ ᠬᠢᠵᠠᠭᠠᠷᠯᠠᠬᠤ ᠶᠢ | ᠤᠶᠠᠯᠳᠤᠭᠤᠯᠤᠭᠰᠠᠨ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠳᠦᠷᠢᠮ ᠢ ᠪᠠᠶᠢᠭᠤᠯᠤᠨ᠎ᠠ᠃ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠳᠤ ᠦᠨᠳᠦᠰᠦᠨ ᠴᠠᠯᠢᠩ᠂ ᠬᠢᠷᠢ ᠪᠦᠲᠦᠮᠵᠢ ᠶᠢᠨ ᠴᠠᠯᠢᠩ ᠪᠣᠯᠤᠨ | ᠨᠡᠮᠡᠭᠦᠷᠢ ᠨᠥᠬᠦᠪᠥᠷᠢ ᠶᠢ ᠪᠠᠭᠲᠠᠭᠠᠨ᠎ᠠ᠃ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠬᠤᠪᠢᠶᠠᠷᠢᠯᠠᠯᠲᠠ ᠶᠢ | ᠠᠳᠠᠯᠢ ᠪᠤᠰᠤ ᠠᠵᠢᠯ ᠲᠥᠷᠥᠯ ᠠᠵᠢᠯ ᠦᠢᠯᠡᠰ ᠤᠨ ᠨᠢᠭᠡᠴᠢ ᠶᠢᠨ ᠣᠨᠴᠠᠯᠢᠭ ᠲᠠᠢ ᠤᠶᠠᠯᠳᠤᠭᠤᠯᠤᠨ᠂ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠤᠨ ᠠᠮᠵᠢᠯᠲᠠ ᠪᠦᠲᠦᠮᠵᠢ᠂ ᠪᠣᠳᠠᠲᠠᠶ ᠬᠤᠪᠢ ᠨᠡᠮᠡᠷᠢ ᠵᠡᠷᠭᠡ | ᠬᠦᠴᠦᠨ ᠵᠦᠢᠯ ᠲᠠᠢ ᠤᠶᠠᠯᠳᠤᠭᠤᠯᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠤᠯᠤᠰ ᠠᠴᠠ ᠠᠵᠢᠯ ᠦᠢᠯᠡᠰ ᠤᠨ ᠨᠢᠭᠡᠴᠢ ᠶᠢᠨ ᠠᠵᠢᠯᠳᠡᠠ ᠤ | ᠴᠠᠯᠢᠩ ᠤᠨ ᠬᠡᠪ ᠤᠨ ᠥᠰᠥᠯᠲᠡ ᠶᠢᠨ ᠲᠣᠭᠲᠠᠴᠠ ᠶᠢ ᠪᠠᠶᠢᠭᠤᠯᠤᠨ᠎ᠠ᠃ ᠠᠵᠢᠯ ᠦᠢᠯᠡᠰ ᠤᠨ ᠨᠢᠭᠡᠴᠢ ᠶᠢᠨ | ᠠᠵᠢᠯᠳᠠᠨ ᠤ ᠴᠠᠯᠢᠩ ᠤᠨ ᠬᠢᠷᠢ ᠬᠡᠮᠵᠢᠶ᠎ᠡ ᠶᠢ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠲᠠᠢ | ᠵᠣᠬᠢᠴᠠᠭᠤᠯᠵᠤ᠂ ᠨᠡᠶᠢᠭᠡᠮ ᠤᠨ ᠲᠠᠪᠰᠢᠯᠳᠠ ᠲᠠᠢ ᠵᠣᠬᠢᠴᠠᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠳᠡᠠ ᠤᠯᠤᠰ ᠠᠴᠠ | ᠲᠣᠭᠲᠠᠭᠠᠭᠰᠠᠨ ᠠᠰᠠᠷᠠᠮᠵᠢ ᠶᠢᠨ ᠬᠠᠷᠠᠭᠠᠯᠵᠠᠯ ᠢ ᠬᠦᠷᠳᠡᠨ᠎ᠡ᠃ ᠠᠵᠢᠯ ᠦᠢᠯᠡᠰ ᠤᠨ ᠨᠢᠭᠡᠴᠢ ᠨᠢ ᠤᠯᠤᠰ ᠠᠴᠠ | ᠲᠣᠭᠲᠠᠭᠠᠭᠰᠠᠨ ᠠᠵᠢᠯᠯᠠᠬᠤ ᠴᠠᠭ ᠤᠨ ᠲᠦᠷᠢᠮ ᠪᠠ ᠠᠮᠠᠷᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ | ᠭᠤᠴᠢᠨ ᠲᠠᠪᠤᠳᠤᠭᠠᠷ ᠵᠦᠢᠯ ᠠᠵᠢᠯ ᠦᠢᠯᠡᠰ ᠤᠨ ᠨᠢᠭᠡᠴᠢ ᠵᠢᠴᠢ ᠲᠡᠭᠦᠨ ᠤ ᠠᠵᠢᠯᠲᠠᠨ ᠬᠠᠤᠯᠢ | ᠶᠣᠰᠤ ᠪᠠᠷ ᠨᠡᠶᠢᠭᠡᠮ ᠤᠨ ᠳᠠᠭᠠᠳᠬᠠᠯ ᠳᠤ ᠣᠷᠣᠯᠴᠠᠪᠠᠯ᠂ ᠠᠵᠢᠯᠲᠠᠨ ᠬᠠᠤᠯᠢ ᠶᠣᠰᠤ ᠪᠠᠷ ᠨᠡᠶᠢᠭᠡᠮ ᠤᠨ | ᠳᠠᠭᠠᠳᠬᠠᠯ ᠤᠨ ᠬᠠᠷᠠᠭᠠᠯᠵᠠᠯ ᠢ ᠬᠦᠷᠲᠡᠨ᠎ᠡ᠃ | ᠭᠤᠴᠢᠨ ᠵᠢᠷᠭᠤᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠯᠤᠰ ᠠᠴᠠ | ᠲᠣᠭᠲᠠᠭᠠᠭᠰᠠᠨ ᠨᠠᠰᠤᠨ ᠤ ᠠᠮᠠᠷᠠᠯᠲᠠ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠨᠠᠰᠤᠨ ᠤ ᠠᠮᠠᠷᠠᠯᠲᠠ ᠠᠪᠬᠤ | ᠬᠡᠷᠡᠭᠲᠡᠶ᠃ | ᠨᠠᠶᠢᠮᠠᠳᠤᠭᠠᠷ ᠪᠦᠯᠦᠭ ᠠᠵᠢᠯᠲᠠᠨ ᠤ ᠬᠠᠮᠢᠶᠠᠷᠤᠯᠲᠠ ᠶᠢᠨ ᠮᠠᠷᠭᠤᠯᠳᠤᠭᠠᠨ ᠢ ᠰᠢᠢᠳᠪᠦᠷᠢᠯᠡᠬᠦ | ᠭᠤᠴᠢᠨ ᠳᠣᠯᠣᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠨᠢ ᠠᠵᠢᠯᠯᠠᠵᠤ | ᠪᠠᠶᠢᠭ᠎ᠠ ᠨᠢᠭᠡᠴᠢ ᠲᠠᠢ ᠪᠠᠨ ᠠᠵᠢᠯᠲᠠᠨ ᠤ ᠬᠠᠮᠢᠶᠠᠷᠤᠯᠲᠠ ᠶᠢᠨ ᠮᠠᠷᠭᠤᠯᠳᠤᠭᠠᠨ ᠭᠠᠷᠪᠠᠯ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ | ᠬᠠᠤᠯᠢ︾ ᠵᠡᠷᠭᠡ ᠬᠤᠯᠪᠤᠭᠳᠠᠬᠤ ᠲᠣᠭᠲᠠᠭᠠᠯ ᠶᠣᠰᠤ ᠪᠠᠷ ᠰᠢᠢᠳᠪᠦᠷᠢᠯᠡᠬᠦ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠲᠤᠰ ᠬᠥᠮᠦᠨ ᠳᠤ | ᠬᠤᠯᠪᠣᠭᠳᠠᠬᠤ ᠰᠢᠯᠭᠠᠨ ᠬᠢᠨᠠᠭᠰᠠᠨ ᠦᠷ᠎ᠡ ᠳ᠋ᠦᠩ᠂ ᠰᠢᠢᠳᠭᠡᠭᠰᠡᠨ ᠲᠣᠭᠲᠠᠭᠠᠯ ᠵᠡᠷᠭᠡ ᠶᠢ ᠵᠥᠪᠰᠢᠶᠡᠷᠡᠬᠦ ᠦᠭᠡᠶ ᠪᠣᠯ | ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠳᠠᠬᠢᠨ ᠬᠢᠨᠠᠭᠤᠯᠬᠤ ᠪᠠᠷ ᠭᠤᠶᠤᠴᠢᠯᠠᠵᠤ᠂ ᠭᠤᠮᠣᠳᠠᠯ | ᠲᠣᠭᠠᠴᠢᠵᠤ ᠪᠣᠯᠤᠨ᠎ᠠ᠃ | ᠭᠤᠴᠢ ᠶᠢᠰᠦᠳᠦᠭᠡᠷ ᠵᠦᠢᠯ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ᠂ ᠰᠢᠯᠭᠠᠨ | ᠬᠢᠨᠠᠬᠤ᠂ ᠱᠠᠩᠨᠠᠬᠤ᠂ ᠰᠢᠢᠳᠭᠡᠯ ᠥᠭᠬᠦ᠂ ᠠᠵᠢᠯᠲᠠᠨ ᠤ ᠬᠠᠮᠢᠶᠠᠷᠤᠯᠲᠠ ᠶᠢᠨ ᠮᠠᠷᠭᠤᠯᠳᠤᠭᠠᠨ ᠢ ᠰᠢᠢᠳᠪᠦᠷᠢᠯᠡᠬᠦ | ᠵᠡᠷᠭᠡ ᠡᠭᠦᠷᠭᠡ ᠬᠠᠷᠢᠭᠤᠴᠠᠯᠭ᠎ᠠ ᠲᠠᠢ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠳᠤᠤᠷᠠᠬᠢ | ᠪᠠᠶᠢᠳᠠᠯ ᠤᠨ ᠨᠢᠭᠡ ᠨᠢ ᠪᠠᠶᠢᠪᠠᠯ ᠵᠠᠶᠢᠯᠠᠬᠤ ᠬᠡᠷᠡᠭᠲᠡᠶ᠄ ︵ᠨᠢᠭᠡ︶ ᠲᠤᠰ ᠬᠥᠮᠦᠨ ᠯᠦᠭᠡ ᠠᠰᠢᠭ ᠬᠤᠣᠷ ᠤᠨ | ᠬᠠᠷᠢᠴᠠᠭ᠎ᠠ ᠲᠠᠢ ᠪᠠᠶᠢᠬᠤ︔ ︵ᠬᠤᠶᠠᠷ︶ ᠲᠤᠰ ᠬᠥᠮᠦᠨ ᠤ ᠤᠢᠢᠷ᠎ᠠ ᠲᠦᠷᠦᠯ ᠰᠡᠳᠦᠠ ᠲᠠᠢ ᠨᠢ ᠠᠰᠢᠭ ᠬᠤᠣᠷ ᠤᠨ | ᠬᠠᠷᠢᠴᠠᠭ᠎ᠠ ᠲᠠᠢ ᠪᠠᠶᠢᠬᠤ︔ ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠲᠥᠪ ᠭᠤᠣᠯᠴᠢ ᠪᠠᠷ ᠭᠦᠢᠴᠡᠳᠬᠡᠬᠦ ᠶᠢ | ᠨᠥᠯᠥᠭᠡᠯᠡᠵᠦ ᠮᠡᠳᠡᠬᠦ ᠪᠤᠰᠤᠳ ᠪᠠᠶᠢᠳᠠᠯ᠃ | ᠳᠥᠴᠢᠳᠦᠭᠡᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠶᠢᠨ | ᠠᠵᠢᠯ ᠳᠤ ᠬᠠᠤᠯᠢ ᠪᠠ ᠰᠠᠬᠢᠯᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠶᠠᠮᠠᠷᠪᠠ ᠨᠢᠭᠡᠴᠢ ᠪᠤᠶᠤ ᠬᠤᠪᠢ | ᠬᠥᠮᠦᠨ ᠭᠡᠳ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠭᠠᠯᠳᠤᠵᠤ᠂ | ᠢᠯᠡᠴᠢᠯᠡᠨ ᠮᠡᠳᠡᠭᠦᠯᠵᠦ ᠪᠣᠯᠤᠨ᠎ᠠ᠂ ᠬᠤᠯᠪᠤᠭᠳᠠᠬᠤ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠴᠠᠭ ᠲᠤᠬᠠᠶ ᠳᠤ ᠨᠢ | ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠶᠢᠰᠦᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠨᠢᠭᠡᠳᠦᠭᠡᠷ ᠵᠦᠢᠯ ᠠᠵᠢᠯ ᠦᠢᠯᠡᠰ ᠤᠨ ᠨᠢᠭᠡᠴᠢ ᠲᠤᠰ ᠳᠦᠷᠢᠮ ᠤᠨ ᠲᠣᠭᠲᠠᠭᠠᠯ ᠠᠴᠠ | ᠵᠥᠷᠢᠴᠡᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠯᠤᠨᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ | ᠪᠣᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ | ᠪᠤᠰᠤᠳ ᠬᠥᠮᠦᠨ ᠳᠤ ᠬᠠᠤᠯᠢ ᠶᠣᠰᠤ ᠪᠠᠷ ᠰᠢᠢᠳᠭᠡᠯ ᠥᠭᠭᠦᠨ᠎ᠡ᠃ | ᠳᠥᠴᠢᠨ ᠬᠤᠶᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠶᠢᠨ | ᠰᠢᠢᠳᠪᠦᠷᠢᠯᠡᠭᠰᠡᠨ ᠨᠢ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ ᠬᠤᠯᠪᠤᠭᠳᠠᠬᠤ ᠬᠥᠮᠦᠨ ᠳᠤ ᠨᠡᠷ᠎ᠡ | ᠲᠥᠷᠥ ᠶᠢᠨ ᠬᠤᠬᠢᠷᠠᠯ ᠤᠴᠠᠷᠠᠭᠤᠯᠤᠭᠰᠠᠨ ᠪᠣᠯ ᠣᠰᠣᠯ ᠬᠦᠯᠢᠶᠡᠨ ᠪᠤᠷᠤᠭᠤ ᠮᠡᠳᠡᠵᠦ᠂ ᠨᠡᠷ᠎ᠡ ᠬᠦᠨᠳᠦ ᠶᠢ ᠨᠢ | ᠰᠡᠷᠭᠦᠭᠡᠨ᠂ ᠨᠥᠯᠥᠭᠡ ᠶᠢ ᠨᠢ ᠠᠷᠢᠯᠭᠠᠬᠤ ᠬᠡᠷᠡᠭᠲᠡᠶ︔ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ | ᠬᠠᠤᠯᠢ ᠶᠣᠰᠤ ᠪᠠᠷ ᠲᠥᠯᠥᠪᠦᠷᠢ ᠥᠭᠭᠦᠨ᠎ᠡ᠃ | ᠳᠥᠴᠢᠨ ᠭᠤᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠨ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠡᠷᠬᠡ ᠲᠤᠰᠢᠶᠠᠯ ᠢᠶᠠᠨ | ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠭᠤᠶᠠᠴᠢᠯᠠᠨ ᠬᠠᠤᠯᠢ | ᠶᠣᠰᠣ ᠶᠢ ᠵᠥᠷᠢᠴᠡᠭᠰᠡᠨ ᠪᠣᠯ ᠬᠠᠤᠯᠢ ᠶᠣᠰᠤ ᠪᠠᠷ ᠰᠢᠢᠳᠭᠡᠯ ᠣᠯᠭᠤᠨ᠎ᠠ︔ ᠶᠠᠯ᠎ᠠ ᠪᠤᠯᠵᠦ ᠪᠦᠷᠢᠯᠳᠦᠭᠰᠡᠨ ᠪᠣᠯ | ᠬᠠᠤᠯᠢ ᠶᠣᠰᠤ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢᠨ ᠳᠥᠷᠪᠡᠳᠦᠭᠡᠷ ᠵᠦᠢᠯ ᠲᠤᠰ ᠳᠦᠷᠢᠮ ᠢ 2014 ᠣᠨ ᠤ 7 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | | | |