ᠪᠤᠷᠤᠬᠤᠲᠠ ᠪᠠᠯᠭᠠᠰᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ  ᠠᠬᠢᠭᠤᠯᠵᠤ ᠪᠤᠢ
ᠨᠡᠶᠢᠲᠡᠯᠡᠭᠰᠡᠨ ᠴᠠᠭ᠄
2021/8/30
       ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠃ ᠡᠨᠡ ᠵᠢᠯ ᠪᠥᠬᠦ ᠤᠯᠤᠰ ᠤᠨ ᠬᠤᠷᠢᠳᠤᠭᠠᠷ ︽ᠠᠶᠤᠯᠭᠦᠶ ᠦᠶ᠋ᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠡᠬᠢᠯᠡᠭᠰᠡᠨ ᠠᠴᠠ  ᠨᠠᠭᠠᠰᠢ᠂ ᠪᠤᠷᠤᠬᠤᠲᠠ ᠪᠠᠯᠭᠠᠰᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠲᠤᠷᠠᠨ ᠪᠥᠬᠦ ᠪᠠᠯᠭᠠᠰᠤᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠪᠠ᠃ ᠨᠢᠭᠡ ᠳᠤ᠂ ᠠᠶᠤᠯᠭᠦᠶ ᠦᠢᠯᠡᠳᠪᠤᠷᠢᠯᠡᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠠᠷᠢᠶᠠᠲᠤ ᠣᠷᠣᠨ ᠤ ᠬᠡᠪᠴᠢᠶᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠪᠥᠬᠦ ᠲᠠᠯ᠎ᠠ ᠪᠠᠷ ᠡᠮᠬᠢᠯᠡᠨ ᠬᠤᠷᠢᠶᠠᠩᠭᠤᠶᠢᠯᠠᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠪᠦᠯᠬᠦᠮ ᠳᠠᠭᠠᠭᠤᠯᠤᠨ ᠲᠣᠰ ᠲᠣᠰ ᠤᠨ ᠭᠠᠴᠠᠭ᠎ᠠ ᠲᠣᠰᠬᠤᠨ ᠳᠠᠬᠢ ᠨᠡᠭᠦᠷᠡᠰᠦᠨ ᠠᠭᠤᠷᠬᠠᠶ᠂ ᠠᠵᠤ ᠠᠬᠤᠶᠢᠯᠠᠯ᠂ ᠰᠤᠷᠭᠠᠭᠤᠯᠢ᠂ ᠳᠡᠯᠭᠡᠭᠦᠷ᠂ ᠬᠤᠭᠤᠯᠠᠨ ᠬᠡᠷ ᠵᠢᠴᠢ ᠵᠢᠭᠤᠯᠴᠢᠯᠠᠯ ᠤᠨ ᠴᠡᠭ ᠵᠡᠷᠭᠡ ᠳᠤ ᠠᠮᠤᠷ ᠲᠦᠪᠰᠢᠨ ᠤ ᠪᠠᠶᠢᠴᠠᠭᠠᠯᠲᠠ  ᠬᠢᠪᠠ᠃ ᠪᠠᠶᠢᠴᠠᠭᠠᠬᠤ ᠳᠤᠭᠤᠶᠢᠯᠠᠩ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ   ᠲᠤ ᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠯ ᠪᠥᠬᠦᠶ ᠦᠢᠯᠡᠳᠪᠤᠷᠢᠯᠡᠯ ᠬᠤᠳᠠᠯᠳᠤᠭᠠᠨ ᠤ ᠠᠵᠤ ᠠᠬᠤᠶᠢᠯᠠᠯ ᠤᠨ ᠦᠨᠡᠮᠯᠡᠯ᠂ ᠴᠠᠬᠢᠯᠭᠠᠨ ᠤᠲᠠᠰᠤ᠂ ᠢᠳᠡᠭᠡᠨ ᠤ  ᠵᠦᠢᠯ᠂ ᠨᠡᠭᠦᠷᠡᠰᠦᠨ ᠬᠡᠶ ᠶᠢᠨ ᠰᠠᠪᠠ᠂ ᠠᠮᠤᠷ ᠲᠦᠪᠰᠢᠨ ᠤ ᠲᠠᠩᠰᠠ ᠡᠪᠬᠡᠮᠡᠯ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠳᠤ ᠨᠠᠷᠢᠨ ᠪᠠᠶᠢᠴᠠᠭᠠᠯᠲᠠ ᠬᠢᠪᠠ᠃ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂ ᠡᠯ᠎ᠡ ᠦᠢᠯᠡᠳᠪᠤᠷᠢᠯᠡᠯ ᠡᠵᠡᠩᠨᠡᠯᠲᠡ ᠶᠢᠨ ᠨᠢᠬᠡᠴᠢ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠡᠮ ᠰᠣᠭᠤᠭ ᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃        ᠬᠤᠶᠠᠷ ᠲᠤ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠣᠯᠠᠨ  ᠵᠦᠢᠯ ᠤᠨ ᠬᠡᠯᠪᠡᠷᠢ ᠪᠠᠷ ᠦᠷᠨᠢᠬᠦᠯᠪᠠ᠃ ᠪᠠᠶᠢᠴᠠᠭᠠᠬᠤ ᠳᠤᠭᠤᠶᠢᠯᠠᠩ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠶᠠᠪᠤᠴᠠ ᠳᠤ ᠪᠠᠨ᠂ ᠡᠯ᠎ᠡ ᠦᠢᠯᠡᠳᠪᠦᠷᠢ ᠬᠤᠳᠠᠯᠳᠤᠭ᠎ᠠ ᠠᠵᠤ ᠠᠬᠤᠶᠢᠯᠠᠯ ᠤᠨ ᠨᠢᠭᠡᠴᠢ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ  ᠬᠡᠮᠵᠢᠶ᠎ᠠ ᠪᠠᠷ ᠴᠢᠬᠤᠯᠠᠴᠢᠯᠠᠵᠤ᠂ ᠠᠶᠤᠯᠭᠦᠢ ᠶᠢᠨ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ ᠭᠡᠵᠦ ᠲᠡᠳᠡᠨ ᠳᠤ ᠰᠡᠷᠡᠮᠵᠢᠯᠡᠭᠦᠯᠪᠡ᠃ ᠡᠭᠦᠨ ᠤ ᠬᠠᠮᠲᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠡᠯᠧᠺᠲᠷᠣᠨ ᠳᠡᠯᠭᠡᠴᠡ᠂ ᠲᠣᠰᠬᠤᠨ ᠪᠣᠯᠭᠠᠨ ᠷᠠᠳᠢᠣ᠋ ᠨᠡᠪᠲᠡᠷᠡᠭᠦᠯᠬᠦ᠂ ᠳᠤᠭᠤᠶᠢᠯᠠᠩ ᠤᠨ ᠳᠠᠷᠤᠭ᠎ᠠ ᠶᠢ ᠡᠷᠦᠬᠡ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠢ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠠᠷᠠᠳ ᠣᠯᠠᠨ ᠤ  ᠠᠶᠤᠯᠬᠦᠢ ᠦᠢᠯᠡᠳᠪᠤᠷᠢᠯᠡᠯ ᠤᠨ ᠦᠵᠡᠯ ᠤᠬᠠᠮᠰᠠᠷ ᠢ  ᠦᠨᠡᠨ ᠬᠦ ᠳᠡᠭᠡᠭᠰᠢᠯᠡᠭᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ  ᠲᠡᠬᠡᠭᠰᠢᠯᠡᠬᠦᠯᠪᠠ᠃ ᠡᠨᠡ ᠤᠳᠠᠭᠠᠨ ᠤ ᠠᠶᠤᠯᠭᠦᠶ ᠦᠢᠯᠡᠳᠪᠤᠷᠢᠯᠡᠯ ᠤᠨ ᠤᠬᠠᠭᠤᠯᠭ᠎ᠠ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠠᠵᠤ ᠠᠬᠤᠶᠢᠯᠠᠯ ᠤᠨ  ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠪᠣᠯᠤᠨ ᠡᠩ ᠤᠨ ᠣᠯᠠᠨ ᠲᠦᠮᠡᠨ ᠤ ᠠᠶᠤᠯᠭᠦᠶ ᠦᠢᠯᠡᠳᠪᠤᠷᠢᠯᠡᠯ ᠤᠨ ᠤᠬᠠᠮᠰᠠᠷ ᠢ ᠳᠡᠭᠡᠭᠰᠢᠯᠡᠭᠦᠯᠵᠦ᠂ ᠠᠶᠤᠯᠭᠦᠶ ᠦᠢᠯᠡᠳᠪᠤᠷᠢᠯᠡᠯ ᠤᠨ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ᠃ ᠲᠠᠷᠠᠭᠠᠴᠢ ᠶᠢᠨ ᠠᠯᠬᠤᠮ ᠳᠤ ᠪᠣᠷᠣᠬᠤᠲᠠ ᠪᠠᠯᠭᠠᠰᠤ ᠠᠶᠤᠯᠭᠦᠶ ᠦᠢᠯᠡᠳᠪᠤᠷᠢᠯᠡᠯ ᠤᠨ ᠠᠵᠢᠯ ᠢ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠪᠠ ᠭᠤᠤᠯ ᠠᠵᠢᠯ ᠳᠤ ᠦᠷᠭᠦᠯᠵᠢᠯᠡᠨ  ᠲᠤᠭᠤᠰᠢᠯᠠᠭᠤᠯᠵᠤ  ᠂ ᠬᠦᠴᠢᠷ ᠠᠰᠠᠭᠤᠳᠠᠯ ᠳᠤ ᠴᠢᠭᠯᠡᠭᠦᠯᠦᠨ᠂ ᠭᠤᠤᠯᠳᠠᠯᠭ᠎ᠠ ᠶᠢ ᠳᠣᠪᠤᠶᠢᠯᠭᠠᠵᠤ᠂ ᠠᠶᠤᠯᠭᠦᠶ ᠦᠢᠯᠡᠳᠪᠤᠷᠢᠯᠡᠯ ᠤᠨ ᠠᠵᠢᠯ ᠤᠨ ︽ᠠᠳᠡᠯ ᠥᠬᠡᠶ︾ ᠪᠠᠶᠢᠬᠤ ᠶᠢ ᠪᠠᠲᠤᠯᠠᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号