| ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ | ᠥᠷᠨᠢᠭᠦᠯᠦᠭᠰᠡᠨ ᠠᠴᠠ ᠨᠠᠭᠠᠰᠢ᠂ ᠰᠢᠨ᠎ᠡ ᠰᠢᠨᠡᠰᠦ᠋ᠮ᠎ᠠ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠸᠠᠺᠼᠢᠨ ᠤ ᠲᠠᠷᠢᠯᠭ᠎ᠠ ᠶᠢᠨ ᠠᠵᠢᠯ ᠢ | ᠣᠳᠣᠬᠠᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ᠸᠠᠺᠼᠢᠨ ᠤ | ᠲᠠᠷᠢᠯᠭ᠎ᠠ ᠶᠢᠨ ᠠᠵᠢᠯ ᠢ ᠴᠠᠭ ᠲᠤᠬᠠᠶ ᠳᠤ ᠨᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨ ᠬᠦ ᠪᠠᠲᠤᠯᠠᠪᠠ᠃ | ᠵᠣᠬᠢᠶᠠᠨ ᠪᠠᠶᠢᠭᠤᠯᠵᠤ ᠳᠠᠶᠢᠴᠢᠯᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠬᠥᠳᠡᠯᠭᠡᠬᠦ | ᠬᠦᠴᠦᠨ ᠢ ᠨᠡᠮᠡᠭᠳᠡᠬᠦᠯᠪᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠤᠳᠠᠭ᠎ᠠ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ | ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠨᠢᠭᠡᠳᠦᠭᠡᠷ ᠹᠷᠣᠨᠲ᠂ ᠡᠯ᠎ᠡ | ᠤᠳᠤᠷᠢᠳᠬᠤ ᠪᠠᠭ ᠤᠨ ᠪᠦᠷᠢᠯᠳᠦᠬᠦᠨ᠂ ᠳᠣᠷᠣᠭᠰᠢ ᠺᠠᠳ᠋ᠷ ᠲᠣᠮᠢᠯᠠᠨ ᠠᠶᠢᠯ ᠲᠤᠰᠬᠤᠨ ᠳᠤ ᠣᠴᠢᠭᠤᠯᠵᠤ | ᠵᠢᠭᠰᠠᠭᠠᠨ ᠪᠠᠶᠢᠴᠠᠭᠠᠬᠤ ᠳᠠᠶᠢᠴᠢᠯᠠᠯᠲᠠ ᠥᠷᠨᠢᠭᠦᠯᠵᠦ᠂ ᠪᠥᠬᠦ ᠰᠤᠮᠤ ᠪᠠᠷ ᠢᠶᠠᠨ ᠳᠡᠭᠡᠳᠦ ᠳᠤᠤᠷᠠᠳᠤ | ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠵᠠᠷᠯᠢᠭ ᠢ ᠰᠣᠨᠣᠰᠤᠮᠠᠭᠴᠠ ᠳᠠᠷᠤᠶ ᠲᠦᠷᠭᠡᠨ ᠬᠡᠷᠡᠭᠵᠢᠭᠦᠯᠵᠦ᠂ | ᠳᠡᠭᠡᠳᠦ ᠱᠠᠲᠤᠨ ᠤ ᠵᠣᠬᠢᠴᠠᠭᠤᠯᠭ᠎ᠠ ᠶᠢ ᠴᠢᠩᠭᠠᠳᠬᠠᠵᠤ᠂ ᠨᠢᠭᠡᠳᠦᠭᠡᠷ ᠹᠷᠣᠨᠲ ᠤᠨ ᠪᠣᠭᠤᠮᠲᠠ ᠰᠢᠪᠲᠤᠯᠬᠤ ᠪᠠᠷ | ᠡᠷᠡᠯᠬᠡᠭᠯᠡᠨ ᠲᠡᠮᠡᠴᠡᠵᠦ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ | ᠪᠥᠬᠦ ᠬᠦᠴᠦᠨ ᠢᠶᠠᠷ ᠢᠶᠠᠨ ᠠᠬᠢᠭᠤᠯᠪᠠ᠃ | ᠲᠠᠷᠢᠯᠭ᠎ᠠ ᠶᠢᠨ ᠡᠬᠡ ᠲᠠᠩᠰᠠ ᠶᠢ ᠰᠠᠶᠢᠲᠤᠷ ᠬᠢᠵᠦ᠂ ᠠᠵᠢᠯ ᠢᠶᠠᠨ ᠥᠷᠨᠢᠭᠦᠯᠬᠦ ᠳᠤ ᠭᠠᠷᠳᠠᠴᠠ ᠲᠠᠢ | ᠪᠣᠯᠪᠠ᠃ ᠰᠤᠮᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠰᠤᠮᠤ ᠶᠢᠨ ᠬᠠᠷᠢᠶ᠎ᠠ | ᠣᠷᠣᠨ ᠳᠠᠬᠢ ᠣᠲᠣ ᠪᠠᠶᠢᠭ᠎ᠠ ᠬᠥᠮᠦᠨ ᠠᠮᠠ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡᠨᠲᠡ | ᠲᠠᠷᠢᠯᠭ᠎ᠠ ᠬᠢᠭᠰᠡᠨ ᠵᠢᠴᠢ ᠲᠠᠷᠢᠯᠭ᠎ᠠ ᠬᠢᠭᠰᠡᠨ ᠥᠬᠡᠶ ᠬᠥᠮᠦᠰ ᠤᠨ ᠮᠡᠳᠡᠭᠡ ᠵᠠᠩᠭᠢ ᠶᠢᠨ ᠡᠬᠡ ᠲᠠᠩᠰᠠ ᠶᠢ ᠨᠠᠷᠢᠨ | ᠨᠢᠭᠲᠠ ᠪᠠᠶᠢᠭᠤᠯᠵᠤ᠂ ᠲᠣᠰᠬᠤᠨ ᠳᠤᠭᠤᠶᠢᠯᠠᠩ᠂ ᠬᠤᠪᠢ ᠬᠥᠮᠦᠨ ᠳᠤ ᠬᠦᠷᠲᠡᠯ᠎ᠡ ᠨᠠᠷᠢᠯᠢᠭᠵᠢᠭᠤᠯᠪᠠ᠃ ᠰᠤᠮᠤ᠂ | ᠭᠠᠴᠠᠭ᠎ᠠ ᠲᠣᠰᠬᠤᠨ ᠬᠤᠶᠠᠷ ᠱᠠᠲᠤᠨ ᠤ ᠺᠡᠳ᠋ᠷᠴᠤᠳ ︽ᠬᠦᠯᠢᠶᠡᠨ ᠠᠪᠤᠪᠠᠰᠤ ᠵᠣᠬᠢᠬᠤ ᠶᠢ ᠨᠢ ᠪᠦᠬᠦᠨ ᠢ | ᠬᠦᠯᠢᠶᠡᠨ ᠠᠪᠬᠤ᠂ ᠬᠦᠯᠢᠶᠡᠨ ᠠᠪᠤᠪᠠᠰᠤ ᠵᠣᠬᠢᠬᠤ ᠶᠢ ᠵᠠᠪᠠᠯ ᠬᠦᠯᠢᠶᠡᠨ ᠠᠪᠬᠤ︾ ᠵᠠᠷᠴᠢᠮ ᠤᠨ ᠶᠣᠰᠣᠭᠠᠷ | ᠡᠷᠦᠬᠡ ᠳᠤ ᠬᠦᠷᠴᠦ ᠰᠤᠷᠪᠤᠯᠵᠢᠯᠠᠬᠤ᠂ ᠳ᠋ᠢᠶᠠᠩᠬᠤᠸᠠ ᠪᠠᠷ ᠨᠡᠪᠲᠡᠷᠡᠯᠴᠡᠬᠦ ᠵᠡᠷᠭᠡ ᠬᠡᠯᠪᠡᠷᠢ ᠮᠠᠶ᠋ᠢᠭ ᠢᠶᠠᠷ ᠣᠯᠠᠨ | ᠲᠦᠮᠡᠨ ᠢ ᠢᠳᠬᠠᠨ ᠵᠢᠯᠣᠭᠤᠳᠴᠤ ᠪᠠᠶᠢᠭᠠᠳ ᠴᠠᠭ ᠲᠤᠬᠠᠶ ᠳᠤᠨᠢ ᠲᠠᠷᠢᠯᠭ᠎ᠠ ᠬᠢᠯᠭᠡᠵᠦ᠂ ᠳᠠᠩᠰᠠ ᠬᠠᠷᠭᠤᠭᠤᠯᠵᠤ᠂ | ᠨᠡᠶᠢᠲᠡ ᠴᠣᠭᠴᠠ ᠶᠢᠨ ᠦᠯᠦ ᠬᠠᠯᠳᠠᠭᠠᠬᠤ ᠬᠠᠯᠬᠠᠪᠴᠢ ᠶᠢ ᠬᠦᠴᠦᠯᠡᠨ ᠪᠠᠶᠢᠭᠤᠯᠪᠠ᠃ ᠦᠢᠯᠡᠴᠢᠯᠡᠬᠡᠨ ᠤ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠬᠦᠴᠢᠷ ᠵᠣᠪᠠᠯᠠᠩ ᠢ ᠰᠢᠢᠳᠪᠤᠷᠢᠯᠡᠵᠤ᠂ ᠠᠷᠠᠳ ᠤᠨ ᠰᠡᠳᠬᠢᠯ ᠢ | ᠲᠤᠯᠠᠭᠠᠴᠠᠭᠤᠯᠪᠠ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠤᠯᠬᠡ ᠶᠢᠨ ᠠᠵᠢᠯᠯᠠᠭ᠎ᠠ ᠲᠠᠢ | ᠨᠢᠭᠲᠠ ᠤᠶᠠᠯᠳᠤᠭᠤᠯᠵᠤ᠂ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ | ᠲᠦᠮᠡᠨ ᠳᠤ ᠸᠠᠺᠼᠢᠨ ᠤ ᠠᠮᠤᠷ ᠲᠦᠪᠰᠢᠨ ᠴᠢᠨᠠᠷ ᠪᠠ ᠨᠠᠶᠢᠳᠠᠪᠤᠷᠢᠲᠤ ᠴᠢᠨᠠᠷ ᠢ ᠨᠠᠷᠢᠨ ᠨᠢᠮᠪᠠᠶ ᠲᠠᠶᠢᠯᠪᠤᠷᠢᠯᠠᠵᠤ᠂ | ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠲᠠᠷᠢᠯᠭ᠎ᠠ ᠬᠢᠬᠦ | ᠬᠦᠰᠡᠯ ᠲᠠᠢ ᠪᠣᠯᠪᠠᠴᠤ ᠬᠥᠳᠡᠯᠵᠦ ᠪᠠᠷᠢᠬᠤ ᠳᠤ ᠳᠥᠭᠦᠮ ᠦᠭᠡᠢ ᠪᠠᠭᠤᠷᠠᠶᠢᠴᠤᠤᠯ ᠳᠤ ᠦᠢᠯᠡᠴᠢᠯᠡᠬᠡᠨ ᠤ | ᠪᠠᠲᠤᠯᠠᠭ᠎ᠠ ᠪᠠᠨ ᠴᠢᠩᠭᠠᠳᠬᠠᠵᠤ᠂ ᠲᠡᠷᠭᠡ ᠬᠥᠰᠬᠡ ᠪᠠᠷ ᠲᠤᠰᠴᠤ ᠬᠦᠷᠭᠡᠬᠦ ᠶᠢ ᠵᠤᠬᠢᠴᠠᠭᠤᠯᠪᠠ᠃ ︽ᠨᠢᠭᠡ | ᠨᠠᠰᠤᠲᠠᠨ ᠨᠢᠭᠡ ᠨᠢᠯᠬ᠎ᠠ︾ ᠬᠥᠮᠦᠰ ᠤᠨ ᠲᠠᠷᠢᠯᠭ᠎ᠠ ᠶᠢᠨ ᠦᠢᠯᠡᠴᠢᠯᠡᠭᠡ ᠶᠢ ᠭᠤᠤᠯᠳᠠᠯᠭ᠎ᠠ ᠲᠠᠢ ᠰᠠᠶᠢᠲᠤᠷ ᠬᠢᠵᠦ᠂ | ᠡᠷᠡᠭᠦᠯ ᠪᠤᠰᠤ ᠲᠤᠰᠬᠠᠯ ᠢ ᠬᠢᠨᠠᠨ ᠬᠡᠮᠵᠢᠬᠦ ᠪᠠ ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ | ᠦᠢᠯᠡᠴᠢᠯᠡᠭᠡ ᠶᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠦᠷᠭᠡᠪᠠ᠃ 2021 ᠤᠨ ᠤ 8 ᠰᠠᠷ᠎ᠠ ᠶᠢᠨ 30 | ᠤ ᠡᠳᠤᠷ ᠤᠨ ᠦᠲᠠ ᠪᠣᠯᠲᠠᠯ᠎ᠠ᠂ ᠰᠢᠨᠡᠰᠦ᠋ᠮ᠎ᠠ ᠰᠤᠮᠤ ᠶᠢᠨ ᠪᠦᠬᠦᠯᠢ 18 ᠨᠠᠰᠤᠨ ᠠᠴᠠ ᠲᠡᠭᠡᠭᠰᠢᠬᠢ ᠬᠦᠮᠤᠰ | ᠨᠢᠭᠡᠳᠦᠭᠡᠷ ᠲᠠᠷᠢᠯᠭ᠎ᠠ ᠶᠢᠨ ᠸᠠᠺᠼᠢᠨ ᠢ ᠨᠡᠶᠢᠲᠡ 15514 ᠬᠦᠮᠤᠨ ᠤᠳᠠᠭ᠎ᠠ ᠳᠤ ᠳᠠᠷᠢᠪᠠ᠃ ᠲᠠᠷᠠᠭᠠᠴᠢ ᠶᠢᠨ | ᠠᠯᠬᠤᠮ ᠳᠤ᠂ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠷᠭᠦᠯᠵᠢᠯᠡᠨ ᠬᠦᠴᠦᠯᠡᠵᠦ᠂ ᠸᠠᠺᠼᠢᠨ ᠤ | ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠬᠢᠵᠢᠭ ᠢ ᠰᠡᠷᠭᠡᠶᠢᠯᠡᠬᠦ ᠠᠵᠢᠯ ᠢ ᠨᠡᠩ ᠰᠠᠶᠢᠳᠤᠷ ᠬᠢᠬᠦ ᠪᠠᠷ | ᠪᠤᠢ᠃ |